ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/24
                ᠪᠣᠣ ᠭᠠᠩ ᠬᠤᠷᠠᠯ ᠢ ᠡᠷᠬᠢᠯᠡᠵᠦ ᠾᠧ ᠬᠠᠢ ᠳ᠋ᠦᠩ ᠣᠷᠣᠯᠴᠠᠵᠠᠢ      5 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠦᠭᠦᠯᠡᠯᠲᠡ ᠪᠠ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠂ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠬᠡᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠂ ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠦᠦ ᠭᠠᠩ ᠬᠤᠷᠠᠯ ᠢ ᠡᠷᠭᠢᠯᠡᠪᠡ᠃       ᠬᠤᠷᠠᠯ ᠠᠴᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠨᠠᠮ ᠤᠨ ᠲᠥᠪ ᠬᠤᠷᠢᠶᠠᠨ ᠤ ᠨᠠᠷᠢᠨ ᠲᠤᠩᠭᠠᠨ ᠪᠣᠳᠣᠯᠬᠢᠯᠠᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠂ ᠮᠥᠨ ᠴᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠦᠭᠦᠯᠡᠨ ᠪᠡᠶᠡᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠰᠢᠰᠲ᠋ᠧᠮ ᠤᠨ ᠦᠵᠡᠯᠲᠡ ᠶᠢ ᠪᠤᠢ ᠪᠣᠯᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠢ᠃ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠯ᠎ᠡ ᠵᠦᠢᠯ ᠤᠨ ᠠᠵᠢᠯ ᠢ ᠲᠣᠭᠲᠠᠭᠤᠨ ᠢᠶᠠᠷ ᠠᠬᠢᠭᠤᠯᠵᠤ᠂ ᠳᠥᠭᠦᠮᠬᠡᠨ ᠢᠶᠠᠷ ︽ᠨᠢᠭᠡ ᠯᠡ ᠠᠳᠠᠯᠢ ᠪᠠᠷ ᠱᠠᠭᠠᠷᠳᠠᠬᠤ︾ ᠠᠵᠢᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃       ᠬᠤᠳᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧ ᠬᠠᠢ ᠳ᠋ᠦᠩ᠂ ᠳᠡᠳ᠋ ᠳᠤᠭᠤᠶᠢᠯᠠᠩ ᠤᠨ ᠳᠠᠷᠤᠭ᠎ᠠ ᠯᠢᠦ ᠴᠧᠩ ᠮᠢᠨ᠂ ᠵᠠᠩ ᠶᠦᠩ ᠸᠧᠨ ᠵᠢᠴᠢ ᠡᠯ᠎ᠡ ᠭᠡᠰᠢᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ