ᠰᠦᠨ ᠱᠤᠤ ᠴᠧᠩ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/24
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠰᠢᠶᠣᠣ ᠳ᠋ᠦᠩ︶ 5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠬᠥᠬᠡᠬᠤᠲᠠ ᠳᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠠᠭᠤᠳᠠᠯ ᠤᠨ ᠬᠤᠷᠠᠯ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠪᠠ᠃      ᠬᠠᠷᠠᠴᠢᠨ ᠡᠯᠡᠰᠦᠨ ᠬᠤᠳᠤᠭᠤᠷ ᠤᠨ ᠴᠡᠴᠡᠷᠯᠢᠭ ᠲᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠤᠤ ᠴᠧᠩ ᠠᠷᠠᠴᠢᠯᠠᠭ᠎ᠠ ᠶᠢᠨ ᠵᠠᠷᠤᠳᠠᠯ᠂ ᠪᠣᠳᠠᠲᠠᠢ ᠠᠰᠢᠭ ᠣᠯᠵᠠᠪᠤᠷᠢ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ ᠬᠡᠯᠡᠬᠦ ᠳᠡᠭᠡᠨ᠂ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠳᠤ ᠠᠮᠢ ᠠᠬᠤᠢ ᠶᠢᠨ ᠦᠷ᠎ᠡ ᠠᠰᠢᠭ ᠢ ᠴᠢᠬᠤᠯᠠᠴᠢᠯᠠᠬᠤ ᠪᠠᠷ ᠪᠠᠷᠠᠬᠤ ᠦᠭᠡᠢ᠂ ᠠᠵᠤ ᠠᠬᠤᠢ ᠶᠢᠨ ᠦᠷ᠎ᠡ ᠠᠰᠢᠭ ᠢ ᠴᠤ ᠴᠢᠬᠤᠯᠠᠴᠢᠯᠠᠵᠤ᠂ ᠶᠡᠷᠦᠩᠬᠡᠢ ᠲᠠᠩᠰᠠ ᠶᠢ ᠰᠠᠶᠢᠲᠤᠷ ᠪᠤᠳᠤᠬᠤ ᠬᠡᠷᠡᠭᠲᠡᠢ ᠭᠡᠵᠡᠢ᠃      ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ ᠰᠦᠨ ᠱᠤᠤ ᠴᠧᠩ᠂ ᠭᠠᠵᠠᠷ ᠰᠢᠷᠣᠢ ᠪᠣᠯ ᠡᠬᠢ ᠪᠠᠶᠠᠯᠢᠭ ᠮᠥᠷᠲᠡᠭᠡᠨ ᠪᠠᠰᠠ ᠬᠥᠷᠥᠩᠭᠡ ᠮᠥᠨ᠂ ᠥᠪᠥᠷ ᠮᠣᠩᠭᠤᠯ ᠡᠨᠡ ᠲᠠᠯ᠎ᠠ ᠪᠠᠷ ᠳᠠᠪᠠᠭᠤᠯᠢᠭ ᠲᠠᠢ᠂ ᠳᠠᠯᠳᠠ ᠬᠦᠴᠦᠨ ᠲᠠᠢ᠂ ᠬᠢᠬᠦ ᠠᠵᠢᠯ ᠶᠡᠭᠡ ᠪᠠᠶᠢᠨ᠎ᠠ᠃ ᠭᠠᠵᠠᠷ ᠰᠢᠷᠣᠢ ᠶᠢ ᠡᠵᠡᠩᠨᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠭᠠᠳᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠯᠠᠪᠯᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠶᠢ ᠰᠤᠳᠤᠯᠤᠨ᠂ ᠢᠯᠡᠭᠦᠬᠡᠨ ᠠᠷᠭ᠎ᠠ ᠪᠤᠳᠤᠵᠤ᠂ ︽ᠤᠨᠳᠠᠵᠤ︾ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ ᠠᠰᠢᠭᠯᠠᠭᠠᠳᠤᠢ ᠭᠠᠵᠠᠷ ᠰᠢᠷᠣᠢ ᠶᠢᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠨᠢᠭᠡᠴᠢ ᠭᠠᠵᠠᠷ ᠰᠢᠷᠣᠢ ᠶᠢᠨ ᠬᠠᠮᠤᠭ ᠤᠨ ᠶᠡᠭᠡ ᠦᠷ᠎ᠡ ᠠᠰᠢᠭ ᠢ ᠡᠭᠦᠳᠬᠦ ᠬᠡᠷᠡᠭᠲᠡᠢ᠃ ᠠᠷᠪᠢᠯᠠᠨ ᠭᠠᠮᠨᠠᠬᠤ ᠤᠬᠠᠮᠰᠠᠷ ᠢᠶᠠᠨ ᠴᠢᠩᠭᠠᠳᠬᠠᠨ᠂ ᠭᠠᠵᠠᠷ ᠨᠤᠲᠤᠭ ᠥᠷᠭᠡᠨ ᠠᠭᠤᠳᠠᠮ ᠭᠡᠳ ᠭᠠᠵᠠᠷ ᠰᠢᠷᠣᠢ ᠶᠢᠨ ᠡᠬᠢ ᠪᠠᠶᠠᠯᠢᠭ ᠢ ᠨᠠᠨᠳᠢᠩᠨᠠᠬᠤ ᠦᠭᠡᠢ ᠪᠠᠶᠢᠵᠤ ᠪᠣᠯᠬᠤ ᠦᠭᠡᠢ᠂ ᠠᠯᠠᠭᠠᠨ ᠴᠢᠨᠡᠭᠡ ᠭᠠᠵᠠᠷ ᠰᠢᠷᠣᠢ ᠶᠢ ᠴᠤ ᠪᠦᠷᠢᠯᠭᠡᠨ ᠰᠦᠢᠳᠬᠡᠵᠦ ᠪᠣᠯᠬᠤ ᠦᠭᠡᠢ᠃ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠪᠦᠬᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠪᠣᠯᠣᠨ ᠪᠦᠷᠢᠯᠳᠦᠵᠦ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ᠂ ᠵᠠᠩ ᠱᠤᠤ ᠴᠦᠨ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ