ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ
ᠨᠡᠶᠢᠲᠡᠯᠡᠭᠰᠡᠨ ᠴᠠᠭ᠄
2022/5/24
20220524.jpg
       ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠤᠳᠤ ᠮᠠᠨ ᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠨᠠᠩ ᠴᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ᠃ ᠣᠶᠢᠷ᠎ᠠ ᠳᠤ᠂ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠰᠤᠷᠤᠭᠴᠢᠳ ᠢ ᠵᠣᠬᠢᠶᠠᠨ ᠪᠠᠶᠢᠭᠤᠯᠤᠨ ᠭᠡᠷ ᠣᠷᠣᠨ ᠢᠶᠠᠨ ᠰᠠᠬᠢᠨ ᠬᠠᠮᠠᠭᠠᠯᠠᠬᠤ᠂ ᠣᠷᠴᠢᠨ ᠠᠬᠤᠢ ᠪᠠᠨ ᠨᠠᠨᠳᠢᠩᠨᠠᠨ ᠬᠠᠶᠢᠷᠠᠯᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠣᠷᠴᠢᠨ ᠠᠬᠤᠢ ᠶᠢ ᠬᠠᠮᠠᠭᠠᠯᠠᠬᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠣᠷᠤᠯᠴᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠬᠦ ᠶᠢ ᠵᠣᠷᠢᠵᠠᠢ᠃ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ