ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/25
ᠾᠧ ᠬᠠᠢ ᠳ᠋ᠦᠩ ᠴᠠᠩ ᠫᠧᠢ ᠵᠦᠩ ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 24 ᠤ ᠡᠳᠦᠷ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ 1 ︱ 4 ᠳ᠋ᠦ᠋ᠭᠡᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠬᠡᠮ ᠰᠣᠭᠤᠭ ᠢ ᠪᠠᠶᠢᠴᠠᠭᠠᠬᠤ ᠵᠢᠴᠢ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠠᠩ ᠫᠧᠢ ᠵᠥᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ᠂ ᠬᠤᠲᠠ ᠶᠢᠨ ᠳᠡᠳ᠋ ᠳᠠᠷᠤᠭ᠎ᠠ ᠵᠠᠩ ᠶᠦᠩ ᠸᠧᠨ ᠨᠠᠷ ᠠᠴᠠ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠤᠨ ᠠᠵᠢᠯ ᠳᠤ ᠨᠢᠭᠡ ᠨᠢᠭᠡ ᠪᠠᠷ ᠦᠨᠡᠯᠡᠯᠲᠡ ᠬᠢᠵᠦ᠂ ᠠᠵᠢᠯ ᠤᠨ ᠪᠠᠶᠢᠷᠢᠯᠠᠭᠤᠯᠤᠯᠲᠠ ᠬᠢᠪᠡ᠃ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠡᠷᠭᠡᠭ ᠪᠠᠶᠢᠵᠤ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠰᠠᠷ᠎ᠠ ᠶᠢᠨ ᠡᠭᠦᠷᠭᠡ ᠪᠠᠨ ᠨᠠᠷᠢᠯᠢᠭᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠦᠢᠯᠡᠳᠪᠦᠷᠢ ᠶᠢᠨ ᠬᠤᠷᠸ᠎ᠠ ᠠᠵᠤ ᠠᠬᠤᠢ ᠶᠢ ᠲᠣᠭᠲᠠᠭᠤᠨ ᠪᠠᠶᠢᠯᠭᠠᠬᠤ ᠶᠠᠪᠤᠴᠠ ᠳᠠᠬᠢ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠳᠡᠭᠡᠭᠰᠢᠯᠡᠵᠦ ᠰᠠᠶᠢᠵᠢᠷᠠᠬᠤ ᠶᠢ ᠬᠦᠴᠦᠯᠡᠨ ᠠᠬᠢᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠳᠠᠪᠬᠤᠴᠠᠭᠤᠯᠬᠤ ᠦᠭᠡᠢ ᠣᠷᠬᠢᠭᠳᠠᠭᠤᠯᠬᠤ ᠦᠭᠡᠢ ᠪᠠᠶᠢᠬᠤ ᠶᠢ ᠬᠠᠤᠯᠢ ᠲᠣᠭᠲᠠᠭᠠᠯ ᠶᠣᠰᠣᠭᠠᠷ ᠲᠦᠯᠬᠢᠨ ᠠᠬᠢᠭᠤᠯᠵᠤ᠂ ᠲᠤᠭ᠎ᠠ ᠪᠦᠷᠢᠳᠬᠡᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠮᠳᠠ ᠪᠠᠭ᠎ᠠ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠢᠳᠪᠦᠷᠢᠯᠡᠵᠦ᠂ ᠬᠡᠷᠡᠭᠯᠡᠭᠡ ᠶᠢ ᠲᠦᠷᠭᠡᠨ ᠰᠡᠷᠭᠦᠭᠡᠬᠦ ᠪᠠ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠨᠡᠶᠢᠭᠡᠮ ᠤᠨ ᠵᠢᠵᠢᠭᠯᠡᠨ ᠬᠤᠳᠠᠯᠳᠤᠬᠤ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠣᠷᠣᠯᠭ᠎ᠠ ᠶᠢᠨ ᠳᠠᠯᠳᠠ ᠬᠦᠴᠦᠨ ᠢ ᠠᠭᠤᠳᠠᠯᠵᠤ᠂ ᠥᠷᠢ ᠰᠢᠷᠢ ᠶᠢ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠪᠠᠭᠤᠷᠠᠯᠲᠠ ᠪᠠ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠨᠥᠯᠥᠭᠡ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ︽ᠵᠢᠩᠬᠢᠯᠡᠬᠦ︾ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠬᠠᠮᠲᠤᠷᠠᠨ ᠠᠵᠢᠯᠯᠠᠭᠤᠯᠬᠤ ᠠᠵᠢᠯ ᠢ ᠰᠠᠶᠢᠲᠤᠷ ᠬᠢᠵᠦ᠂ ᠤᠲᠠᠰᠤ ᠨᠡᠪᠲᠡᠷᠡᠬᠦ ᠨᠤᠷᠮ᠎ᠠ ᠶᠢ ᠳᠡᠭᠡᠭᠰᠢᠯᠡᠭᠦᠯᠦᠨ ᠬᠦᠯᠢᠶᠡᠬᠦ ᠴᠠᠭ ᠢ ᠪᠣᠭᠤᠨᠢᠰᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠠᠪᠰᠠᠷ ᠦᠭᠡᠢ ᠰᠠᠶᠢᠲᠤᠷ ᠵᠣᠯᠭᠠᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠲᠥᠰᠥᠯ ᠢ ᠲᠦᠷᠭᠡᠨ ᠭᠠᠷᠭᠠᠵᠤ᠂ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ︽ᠦᠨᠡᠨ ᠠᠭᠤᠰᠤᠯᠴᠠᠵᠤ᠂ ᠲᠦᠷᠭᠡᠨ ᠠᠵᠢᠯᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ