ᠰᠦᠨ ᠱᠤᠤ ᠴᠧᠩ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠵᠢᠨ‌ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠰᠢᠶᠤᠤ ᠳ᠋ᠦᠩ︶ 5 ᠳ᠋ᠤᠭᠠᠷ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠥᠬᠡᠬᠤᠲᠠ ᠶᠢᠨ ᠸᠠᠨ ᠳ᠋ᠠ ᠶᠠᠪᠠᠭᠠᠨ ᠵᠡᠭᠡᠯᠢ ᠳᠤ ᠬᠦᠷᠴᠦ᠂ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ ᠢᠶᠠᠷ ᠲᠣᠭᠤᠷᠢᠨ ᠦᠵᠡᠵᠦ᠂ ᠢᠳᠡᠭᠡᠨ ᠤᠮᠳᠠᠭᠠᠨ᠂ ᠵᠢᠵᠢᠭᠯᠡᠨ ᠪᠤᠷᠤᠯᠠᠭᠤᠯᠬᠤ ᠵᠡᠷᠭᠡ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃      ᠰᠦᠨ ᠱᠤᠤ ᠴᠧᠩ ᠵᠠᠮ ᠲᠠᠭᠠᠤ ᠲᠠᠭᠠᠷᠠᠬᠰᠠᠨ ᠬᠤᠭᠤᠯᠠᠨ ᠬᠡᠷ᠂ ᠬᠡᠲᠦ ᠳᠡᠯᠭᠡᠭᠦᠷ᠂ ᠬᠤᠪᠴᠠᠰᠤᠨ ᠤ ᠳᠡᠯᠭᠡᠭᠦᠷ᠂ ᠵᠢᠮᠢᠰ ᠤᠨ ᠳᠡᠯᠭᠡᠭᠦᠷ ᠵᠡᠷᠭᠡ ᠬᠤᠳᠠᠯᠳᠤᠭ᠎ᠠ ᠳᠡᠯᠭᠡᠭᠦᠷ ᠢᠶᠠᠷ ᠣᠷᠣᠵᠤ᠂ ᠳᠡᠯᠭᠡᠭᠦᠷ ᠤᠨ ᠡᠵᠡᠨ᠂ ᠳᠡᠯᠭᠡᠭᠦᠷ ᠤᠨ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠡᠷᠡᠭᠯᠡᠭᠴᠢᠳ ᠤᠯᠠᠨ ᠪᠠᠢᠬᠤ ᠡᠰᠡᠬᠦ᠂ ᠡᠳᠦᠷ ᠪᠦᠷᠢ ᠶᠢᠨ ᠳᠤᠮᠳᠠᠴᠢ ᠪᠤᠷᠤᠯᠠᠭᠤᠯᠤᠯᠲᠠ ᠬᠡᠳᠦᠢ ᠬᠦᠷᠴᠤ ᠪᠠᠶᠢᠬᠤ᠂ ᠭᠡᠷ ᠤᠨ ᠲᠦᠷᠢᠶᠡᠰᠦᠨ ᠮᠦᠩᠭᠦ ᠶᠢ ᠨᠢ ᠬᠠᠰᠤᠵᠤ ᠬᠡᠯᠲᠦᠷᠢᠭᠦᠯᠦᠭᠰᠡᠨ ᠡᠰᠡᠬᠦ᠂ ᠰᠠᠷ᠎ᠠ ᠶᠢᠨ ᠴᠠᠯᠢᠩ ᠬᠡᠳᠦᠢ ᠣᠯᠵᠤ ᠳᠡᠶᠢᠯᠬᠦ᠂ ᠬᠦᠷᠦᠭᠰᠡᠨ ᠭᠠᠵᠠᠷ ᠪᠤᠯᠭᠠᠨ ᠳᠤ ᠲᠡᠷᠡ ᠴᠦᠮ ᠶᠠᠮᠠᠷ ᠶᠠᠮᠠᠷ ᠪᠣᠳᠠᠲᠠᠢ ᠬᠦᠴᠢᠷᠳᠡᠯ ᠪᠠᠢᠬᠤ ᠲᠤᠬᠠᠢ ᠬᠠᠯᠠᠮᠵᠢᠯᠠᠨ ᠠᠰᠠᠭᠤᠵᠤ᠂ ᠤᠯᠠᠨ ᠲᠠᠢ ᠬᠠᠮᠲᠤ ᠨᠠᠷᠢᠨ ᠲᠠᠩᠰᠠ ᠪᠤᠳᠤᠵᠤ᠂ ᠠᠷᠭᠠᠴᠠᠭᠠᠬᠤ ᠠᠷᠭ᠎ᠠ ᠪᠤᠳᠤᠵᠠᠢ᠃ ᠲᠡᠷᠡ᠂ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠠᠷᠭᠠᠴᠠᠭᠠᠬᠤ ᠶᠢᠨ ᠲᠥᠯᠥᠭᠡ ᠵᠠᠰᠠᠭ ᠤᠨ ᠣᠷᠳᠣᠨ ᠠᠴᠠ ᠵᠠᠷᠢᠮ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠂ ᠣᠯᠠᠨ ᠤ ᠦᠵᠡᠬᠦ ᠪᠠᠷ ᠵᠠᠰᠠᠭ ᠤᠨ ᠣᠷᠳᠣᠨ ᠤ ᠬᠢᠬᠦ ᠴᠢᠬᠤᠯᠠᠲᠠᠶ ᠵᠦᠢᠯ ᠶᠠᠭᠤ ᠪᠠᠶᠢᠨ᠎ᠠ᠂ ᠶᠠᠮᠠᠷ ᠰᠠᠶᠢᠨ ᠰᠠᠨᠠᠭᠤᠯᠭ᠎ᠠ ᠪᠠᠶᠢᠪᠠᠯ ᠲᠤᠷᠠᠳᠴᠤ ᠪᠣᠯᠣᠨ᠎ᠠ᠂ ᠪᠢᠳᠡ ᠬᠠᠮᠲᠤ ᠪᠠᠷ ᠠᠷᠭ᠎ᠠ ᠪᠣᠳᠣᠵᠤ ᠠᠰᠠᠭᠤᠳᠠᠯ ᠢ ᠰᠢᠢᠳᠪᠦᠷᠢᠯᠡᠵᠦ᠂ ᠬᠦᠴᠢᠷ ᠪᠡᠷᠬᠡᠰᠢᠶᠡᠯ ᠢ ᠳᠠᠪᠠᠶ᠎ᠠ ᠭᠡᠵᠡᠢ᠃      ᠰᠦᠨ ᠱᠤᠤ ᠴᠧᠩ᠂ ᠪᠠᠭ᠎ᠠ ᠵᠢᠵᠢᠭ ᠠᠵᠤ ᠠᠬᠤᠢᠯᠠᠯ ᠪᠣᠯᠤᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠪᠤᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠴᠠᠭ ᠲᠤᠬᠠᠢ ᠲᠤᠨᠢ ᠪᠦᠬᠦ ᠲᠠᠯ᠎ᠠ ᠪᠠᠷ ᠪᠣᠳᠠᠲᠠᠢ ᠨᠠᠢᠳᠠᠪᠤᠷᠢᠵᠢᠭᠤᠯᠵᠤ᠂ ᠰᠢᠨ᠎ᠡ ᠪᠠᠶᠢᠳᠠᠯ ᠢ ᠮᠦᠷᠳᠡᠨ ᠠᠩᠬᠠᠷᠴᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠤᠨ ᠲᠡᠳᠡᠨ ᠤ ᠬᠡᠪ ᠤᠨ ᠡᠵᠡᠩᠨᠡᠯᠲᠡ ᠳᠤ ᠠᠪᠴᠢᠷᠠᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ