5 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/5/25
      5 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠨᠡᠮᠡᠭᠳᠡᠭᠰᠡᠨ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠥᠮᠥᠨ ︵ᠬᠥᠯᠦᠨ ᠪᠣᠶᠢᠷ ᠬᠤᠲᠠ ᠳᠤ︶ ᠢᠯᠠᠷᠢᠰᠢᠵᠦ ᠡᠮᠨᠡᠯᠭᠡ ᠠᠴᠠ ᠭᠠᠷᠪᠠ᠃      4 ᠳ᠋ᠦ᠋ᠭᠡᠷ ᠰᠠᠷ᠎ᠠ ᠶᠢᠨ 23 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 50 ᠮᠡᠳᠡᠭᠦᠯᠵᠦ᠂ ᠪᠦᠬᠦᠨ ᠢᠶᠠᠷ ᠢᠶᠠᠨ ᠢᠯᠠᠷᠢᠰᠢᠵᠦ ᠡᠮᠨᠡᠯᠭᠡ ᠠᠴᠠ ᠭᠠᠷᠪᠠ᠃      ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂  ᠳᠣᠲᠤᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠨ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ