︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/5/26
20220526.jpg
      ᠣᠶᠢᠷ᠎ᠠ ᠶᠢᠨ ᠵᠢᠯ ᠳᠤ᠂ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠢᠳᠡᠪᠬᠢᠲᠡᠢ ᠥᠷᠨᠢᠭᠦᠯᠦᠨ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠠᠪᠴᠠᠩ︾ ᠲᠣᠬᠢᠷᠠᠭᠤᠯᠵᠤ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢ ᠪᠠ ᠠᠵᠢᠯᠲᠠᠨ ᠢᠶᠠᠷ ᠪᠦᠷᠢᠯᠳᠦᠭᠰᠡᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠪᠥᠬᠦ ᠶᠠᠪᠤᠴᠠ ᠶᠢ ᠮᠥᠷᠳᠡᠬᠦ ᠵᠡᠷᠭᠡ ᠠᠰᠠᠷᠠᠭᠴᠢ ᠮᠠᠶ᠋ᠢᠭ ᠤᠨ᠂ ᠨᠢᠭᠡ ᠥᠷᠲᠡᠭᠡ ᠮᠠᠶ᠋ᠢᠭ ᠤᠨ᠂ ︽ᠨᠢᠭᠡ ᠳᠤ ᠨᠢᠭᠡ ︾ ᠶᠢᠨ ᠲᠥᠯᠥᠪᠦᠷᠢ ᠦᠭᠡᠢ ᠳᠣᠲᠣᠨᠣ ᠦᠢᠯᠡᠴᠢᠯᠡᠭᠡ ᠬᠠᠩᠭᠠᠵᠤ᠂ ᠳᠣᠲᠣᠨᠣ᠂ ᠳᠤᠯᠠᠭᠠᠨ᠂ ᠰᠠᠨᠠᠭ᠎ᠠ ᠠᠮᠤᠷ ᠦᠢᠯᠡᠴᠢᠯᠡᠭᠡ ᠶᠢ ᠣᠯᠠᠨ ᠲᠦᠮᠡᠨ ᠤ ᠰᠡᠳᠬᠢᠯ ᠳᠤ ᠬᠦᠷᠭᠡᠵᠦ ᠪᠠᠶᠢᠨ᠎ᠠ᠃ ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ