ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ | ᠡᠷᠬᠢᠯᠡᠭᠴᠢ ᠸᠠᠩ ᠵᠥᠩ ᠴᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ | ᠡᠷᠬᠢᠯᠡᠭᠴᠢ ᠯᠢ ᠫᠢᠩ ᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ | ᠳᠡᠳ᠋ ᠡᠷᠬᠢᠯᠡᠭᠴᠢ ᠶᠠᠩ ᠾᠧ ᠨᠠᠨ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ | ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ | ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ ᠶᠢ ᠳᠥᠭᠦᠮᠬᠡᠨ ᠲᠠᠨᠢᠯᠴᠠᠭᠤᠯᠤᠨ᠎ᠠ ᠤᠤ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ | ᠸᠠᠩ ᠵᠥᠩ ᠴᠢ᠄ | ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠪᠣᠯ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠭ᠎ᠠ ᠮᠦᠨ᠂ ᠭᠤᠣᠯᠳᠠᠭᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ | ᠦᠢᠯᠡᠴᠢᠯᠡᠭᠡᠨ ᠤ ᠠᠵᠢᠯ ᠢ ᠬᠢᠳᠡᠭ᠃ ᠨᠢᠭᠡ ᠲᠠᠯ᠎ᠠ ᠪᠠᠷ ᠬᠤᠲᠠ ᠶᠢᠨ ᠲᠣᠰ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠡ᠃ ᠨᠦᠭᠦᠭᠡ ᠲᠠᠯ᠎ᠠ ᠪᠠᠷ ᠪᠥᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃ | ᠬᠥᠲᠥᠯᠥᠭᠴᠢ᠄ | ᠮᠠᠨ ᠤ ᠬᠤᠲᠠ ᠶᠢᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤᠨ ᠤ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠶᠠᠮᠠᠷ ᠵᠡᠷᠭᠡ ᠪᠣᠢ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ | ᠸᠠᠩ ᠵᠥᠩ ᠴᠢ᠄ | ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠨᠢ ︽ᠠᠷᠠᠳ | ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠬᠠᠷᠠᠯᠲᠠ ᠪᠠ | ᠵᠣᠷᠢᠯᠲᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ | 2019 ᠣᠨ ᠤ 10 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠢ ᠪᠠᠶᠢᠭᠤᠯᠵᠤ ᠳᠠᠭᠤᠰᠬᠠᠭᠠᠳ ᠡᠬᠢᠯᠡᠵᠦ ᠠᠵᠢᠯᠯᠠᠭᠤᠯᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠲᠥᠪ ᠪᠦᠬᠦᠯᠢ ᠴᠣᠭᠴᠠ ᠪᠠᠷ ᠢᠶᠠᠨ ᠶᠡᠭᠡ | ᠲᠢᠩᠬᠢᠮ ᠳᠤ ᠣᠷᠣᠵᠤ ᠰᠠᠭᠤᠭᠠᠳ᠂ ᠶᠡᠷᠦᠩᠬᠡᠶᠢᠯᠡᠭᠰᠡᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠥᠪᠡᠰᠦᠪᠡᠨ ᠭᠦᠢᠴᠡᠳᠬᠡᠬᠦ ᠲᠣᠭᠤᠷᠢᠭ᠂ ᠮᠠᠰᠢᠨ ᠬᠦᠳᠡᠯᠭᠡᠭᠦᠷᠲᠦ | ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ᠂ ᠰᠦᠯᠵᠢᠶᠡᠨ ᠤ ᠠᠯᠪᠠᠨ ᠭᠡᠷ ᠤᠨ ᠲᠥᠪ ᠵᠡᠷᠭᠡ ᠲᠠᠪᠤᠨ ᠶᠡᠭᠡ ᠴᠢᠳᠠᠮᠵᠢᠲᠤ ᠣᠷᠣᠨ ᠢ ᠪᠠᠶᠢᠭᠤᠯᠤᠭᠰᠠᠨ | ᠪᠠᠶᠢᠨ᠎ᠠ᠃ | ᠶᠡᠷᠦᠩᠬᠡᠶᠢᠯᠡᠭᠰᠡᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ ᠲᠤ᠂ ᠠᠮᠤᠷ ᠲᠣᠭᠲᠠᠭᠤᠨ ᠢ ᠬᠠᠮᠠᠭᠠᠯᠠᠬᠤ᠂ ᠡᠷᠦᠬᠡ ᠠᠮᠠ ᠶᠢᠨ | ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠬᠤᠲᠠ ᠶᠢᠨ ᠬᠠᠮᠢᠶᠠᠷᠤᠯᠲᠠ᠂ ᠠᠶᠤᠯ ᠠᠴᠠ ᠬᠠᠮᠠᠭᠠᠯᠠᠬᠤ᠂ ᠥᠪᠥᠷ | ᠮᠣᠩᠭᠤᠯ ᠤᠨ ᠲᠦᠷᠭᠡᠨ ᠤ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ | ᠣᠷᠣᠭᠤᠯᠵᠤ ᠰᠠᠭᠤᠯᠭᠠᠬᠤ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠠᠵᠢᠯ ᠶᠠᠪᠤᠳᠠᠯ ᠤᠨ ︽ᠲᠣᠮᠣ ᠴᠣᠩᠬᠤ︾ ᠶᠢ | ᠪᠦᠷᠢᠯᠳᠦᠭᠦᠯᠵᠦ᠂ ᠠᠷᠠᠳ ᠲᠤ ᠲᠥᠬᠦᠮ ᠦᠵᠡᠭᠦᠯᠬᠦ 100 ᠭᠠᠷᠤᠢ ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠨᠢᠭᠡ ᠥᠷᠲᠡᠭᠡ | ᠮᠠᠶ᠋ᠢᠭ︾ ᠢᠶᠠᠷ ᠶᠡᠷᠦᠩᠬᠡᠶᠢᠯᠡᠨ ᠭᠦᠢᠴᠡᠳᠬᠡᠵᠦ᠂ ︽ᠨᠢᠭᠡ ᠡᠭᠦᠳᠡ︾ ᠪᠠᠷ ᠣᠷᠣᠪᠠᠯ ᠳᠠᠷᠤᠢ ᠡᠯ᠎ᠡ ᠲᠥᠷᠥᠯ ᠤᠨ ᠳᠣᠲᠣᠭᠠᠳᠤ ᠶᠢ ᠬᠠᠮᠠᠭᠠᠯᠠᠬᠤ ᠠᠵᠢᠯ | ᠶᠠᠪᠤᠳᠠᠯ ᠢ ᠭᠦᠢᠴᠡᠳᠬᠡᠵᠦ ᠪᠣᠯᠬᠤ ᠶᠢ ᠪᠡᠶᠡᠯᠡᠭᠦᠯᠵᠦ᠂ ᠥᠩᠭᠡᠷᠡᠭᠰᠡᠨ ᠤ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠭᠦᠢᠴᠡᠳᠬᠡᠬᠦ ᠪᠠᠷ | ᠣᠯᠠᠨ ᠭᠠᠵᠠᠷ ᠲᠤ ᠶᠠᠭᠠᠷᠠᠯᠳᠤᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃ ᠵᠥᠪᠬᠡᠨ 2021 ᠣᠨ ᠳᠤ 50 ᠭᠠᠷᠤᠢ ᠲᠦᠮᠡᠨ ᠳᠣᠲᠣᠭᠠᠳᠤ ᠶᠢ ᠬᠠᠮᠠᠭᠠᠯᠠᠬᠤ | ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠵᠡᠢ᠂ ᠢᠯᠠᠩᠭᠤᠶ᠎ᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠨᠢ ᠤᠯᠠᠮ ᠢᠶᠠᠷ ᠨᠡᠮᠡᠭᠳᠡᠬᠦ | ᠬᠠᠨᠳᠤᠰᠢ ᠲᠠᠢ ᠪᠣᠯᠪᠠ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠶᠠᠪᠤᠳᠠᠯ ᠤᠨ ᠬᠡᠮᠵᠢᠶ᠎ᠡ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ | ᠶᠠᠪᠤᠳᠠᠯ ᠭᠦᠢᠴᠡᠳᠬᠡᠬᠦ ᠲᠤᠰᠬᠠᠢ ᠣᠷᠣᠨ ᠨᠡᠮᠡᠨ ᠪᠠᠶᠢᠭᠤᠯᠵᠤ᠂ ᠵᠢᠯᠣᠭᠤᠴᠢ ᠶᠢᠨ ᠦᠨᠡᠮᠯᠡᠯ ᠢ ᠨᠥᠬᠦᠪᠦᠷᠢᠯᠡᠬᠦ᠂ ᠰᠣᠯᠢᠵᠤ ᠠᠪᠬᠤ᠂ ᠠᠶᠠᠯᠠᠨ ᠶᠠᠪᠤᠬᠤ | ᠦᠨᠡᠮᠯᠡᠯ ᠢ ᠨᠥᠬᠦᠪᠦᠷᠢᠯᠡᠬᠦ᠂ ᠰᠣᠯᠢᠵᠤ ᠠᠪᠬᠤ ᠵᠡᠷᠭᠡ ᠡᠯ᠎ᠡ ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠶᠠᠪᠤᠳᠠᠯ ᠢ ᠭᠦᠢᠴᠡᠳᠬᠡᠪᠡ᠃ | ᠡᠭᠦᠨ ᠤ ᠬᠠᠮᠲᠤ 2021 ᠣᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠡᠭᠦᠨ ᠲᠠᠯ᠎ᠠ ᠶᠢᠨ ᠲᠡᠷᠭᠡᠨ ᠵᠣᠭᠰᠣᠭᠠᠯ ᠳᠤ ᠮᠠᠰᠢᠨ | ᠬᠦᠳᠡᠯᠭᠡᠬᠦᠷᠲᠦ ᠲᠡᠷᠭᠡᠨ ᠤ ᠪᠠᠶᠢᠴᠠᠭᠠᠨ ᠰᠢᠯᠭᠠᠬᠤ ᠲᠣᠭᠤᠷᠢᠭ ᠪᠠᠶᠢᠭᠤᠯᠵᠤ᠂ ᠲᠡᠷᠭᠡ ᠵᠢᠯᠤᠭᠤᠳᠬᠤ ᠬᠠᠮᠢᠶᠠᠷᠤᠯᠲᠠ ᠶᠢᠨ 18 ᠵᠦᠢᠯ ᠤᠨ ᠲᠤᠬᠠᠶᠢᠯᠠᠭᠰᠠᠨ | ᠠᠵᠢᠯ ᠢ ᠰᠢᠨ᠎ᠡ ᠪᠠᠷ ᠨᠡᠮᠡᠵᠦ᠂ ᠠᠷᠠᠳ ᠣᠯᠠᠨ ᠤ ︽ᠨᠢᠭᠡ ᠥᠷᠲᠡᠭᠡ ᠮᠠᠶ᠋ᠢᠭ︾ ᠢᠶᠠᠷ ᠮᠠᠰᠢᠨ ᠬᠦᠳᠡᠯᠭᠡᠭᠦᠷᠲᠦ ᠲᠡᠷᠭᠡ ᠶᠢ ᠳᠡᠩᠰᠡᠯᠡᠨ ᠲᠡᠮᠳᠡᠭᠯᠡᠬᠦ᠂ ᠭᠠᠷ | ᠳᠠᠮᠵᠢᠭᠰᠠᠨ ᠮᠠᠰᠢᠨ ᠲᠡᠷᠭᠡᠨ ᠤ ᠡᠷᠦᠬᠡ ᠰᠣᠯᠢᠬᠤ ᠵᠡᠷᠭᠡ ᠡᠯ᠎ᠡ ᠵᠦᠢᠯ ᠤᠨ ᠠᠵᠢᠯ ᠶᠠᠪᠤᠳᠠᠯ ᠤᠨ ᠬᠡᠷᠡᠭᠴᠡᠭᠡ ᠶᠢ ᠬᠠᠩᠭᠠᠵᠤ᠂ ᠬᠥᠬᠡᠬᠤᠲᠠ ᠶᠢᠨ ᠵᠡᠭᠦᠨ | ᠬᠡᠰᠡᠭ ᠤᠨ ᠬᠤᠲᠠ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠬᠤᠭᠤᠰᠤᠨ ᠢ ᠨᠥᠬᠦᠪᠦᠷᠢᠯᠡᠪᠡ᠃ | ᠥᠪᠡᠰᠦᠪᠡᠨ ᠬᠦᠢᠴᠡᠳᠭᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠣᠭᠤᠷᠢᠭ ᠲᠤ ᠳᠣᠲᠣᠭᠠᠳᠤ ᠶᠢ ᠬᠠᠮᠠᠭᠠᠯᠠᠬᠤ ᠡᠯ᠎ᠡ ᠲᠥᠷᠥᠯ ᠤᠨ ᠴᠠᠭᠳᠠᠭᠠᠨ ᠤ | ᠲᠥᠷᠥᠯ ᠤᠨ ᠲᠤᠬᠠᠶᠢᠯᠠᠭᠰᠠᠨ ᠠᠵᠢᠯ ᠤᠨ ᠥᠪᠡᠰᠦᠪᠡᠨ ᠬᠦᠢᠴᠡᠳᠭᠡᠬᠦ ᠲᠥᠬᠦᠭᠡᠷᠦᠮᠵᠢ ᠶᠢ 13 ᠶᠢ ᠲᠠᠯᠪᠢᠵᠤ᠂ ︽24 ᠴᠠᠭ ᠡᠭᠦᠳᠡ ᠪᠠᠨ ᠬᠠᠭᠠᠬᠤ ᠦᠭᠡᠢ︾ | ᠦᠢᠯᠡᠴᠢᠯᠡᠭᠡ ᠶᠢ ᠪᠡᠶᠡᠯᠡᠭᠦᠯᠵᠦ᠂ ᠣᠯᠠᠨ ᠲᠦᠮᠡᠨ 24 ᠴᠠᠭ ᠲᠤ ᠮᠤᠵᠢ ᠶᠢᠨ ᠳᠣᠲᠣᠷᠠᠬᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠥᠨᠳᠥᠷ | ᠳᠠᠪᠲᠠᠮᠵᠢᠲᠤ ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠢ ᠬᠡᠵᠢᠶ᠎ᠡ ᠴᠠᠭ ᠲᠤ ᠴᠤ ᠭᠦᠢᠴᠡᠳᠬᠡᠬᠦ ᠪᠤᠶᠤ ᠦᠨᠡᠮᠯᠡᠯ ᠠᠪᠴᠤ ᠪᠣᠯᠣᠨ᠎ᠠ᠃ | ᠬᠥᠲᠥᠯᠥᠭᠴᠢ᠄ | ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠠᠵᠢᠯ ᠨᠢ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ | ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ | ᠠᠵᠢᠯ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠴᠥᠮ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ | ᠬᠢᠨᠠᠨ ᠵᠥᠪᠰᠢᠶᠡᠷᠡᠬᠦ ᠲᠥᠪ ᠲᠤ ᠣᠴᠢᠵᠤ ᠭᠦᠢᠴᠡᠳᠬᠡᠵᠦ ᠪᠣᠯᠣᠨ᠎ᠠ᠂ ᠠᠵᠢᠯᠯᠠᠬᠤ ᠭᠠᠵᠠᠷ ᠨᠢ ᠬᠠᠮᠢᠭ᠎ᠠ ᠪᠠᠶᠢᠬᠤ ᠪᠣᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ | ᠢ᠄ | ᠮᠠᠨ ᠤ ᠠᠵᠢᠯᠯᠠᠬᠤ ᠭᠠᠵᠠᠷ ᠪᠣᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠨ ᠠᠰᠠᠷ ᠤᠨ ᠡᠰᠡᠷᠭᠦ ᠲᠠᠯ᠎ᠠ᠂ ᠳᠠᠷᠤᠢ ᠬᠥᠮᠥᠰ ᠤᠨ ᠦᠷᠭᠦᠯᠵᠢ ᠬᠡᠯᠡᠳᠡᠭ ᠴᠡᠯᠡᠭᠡᠷ | ᠲᠠᠯ᠎ᠠ ᠶᠡᠭᠡ ᠬᠥᠭᠦᠷᠭᠡ ᠶᠢᠨ ᠵᠡᠭᠦᠨ ᠡᠮᠦᠨ᠎ᠡ ᠲᠠᠯ᠎ᠠ᠂ ᠬᠥᠬᠡᠬᠤᠲᠠ ᠶᠢᠨ ︽ᠥᠪᠥᠷ ᠮᠣᠩᠭᠤᠯ᠂ ᠬᠥᠬᠡᠬᠤᠲᠠ︾ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ 1 ᠳ᠋ᠤᠭᠡᠷ ᠳᠠᠪᠬᠤᠷᠭ᠎ᠠ ᠪᠣᠯᠣᠨ᠎ᠠ᠃ ᠠᠵᠤ ᠠᠬᠤᠶᠢᠯᠠᠯ᠂ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠲᠢᠩᠬᠢᠮ ᠳᠤ | ᠬᠦᠷᠴᠦ ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠭᠦᠢᠴᠡᠳᠬᠡᠬᠦ ᠶᠢ ᠪᠠᠶᠠᠷᠯᠠᠨ ᠤᠭᠲᠤᠨ᠎ᠠ᠃ | ᠬᠥᠲᠥᠯᠥᠭᠴᠢ᠄ | ᠣᠯᠠᠨ ᠢᠶᠠᠷ ᠢᠶᠠᠨ ᠮᠠᠨ ᠤ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠲᠤ ᠬᠦᠷᠴᠦ ᠠᠵᠢᠯ ᠶᠠᠪᠤᠳᠠᠯ ᠭᠦᠢᠴᠡᠳᠬᠡᠬᠦ ᠶᠢ ᠪᠠᠶᠠᠷᠯᠠᠨ | ᠤᠭᠲᠤᠵᠤ ᠪᠠᠶᠢᠨ᠎ᠠ᠂ ᠪᠢᠳᠡᠨ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠵᠢᠴᠢ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠢᠨ ᠲᠥᠯᠥᠭᠡ ᠶᠠᠮᠠᠷ ᠠᠵᠢᠯ ᠬᠢᠭᠰᠡᠨ ᠲᠤᠬᠠᠢ | ᠲᠠᠨᠢᠯᠴᠠᠭᠤᠯᠤᠭᠠᠳ ᠥᠭᠭᠦᠨ᠎ᠡ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ | ᠢ᠄ | | | | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠤᠬᠠᠭᠳᠠᠬᠤᠨ ᠢ 2015 ᠣᠨ ᠤ 5 ᠳ᠋ᠤᠭᠠᠷ ᠰᠠᠷ᠎ᠠ ᠶᠢᠨ 12 ᠤᠨ ᠡᠳᠦᠷ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠷᠠᠯᠳᠤᠭᠤᠯᠤᠭᠰᠠᠨ ᠪᠥᠬᠦ ᠤᠯᠤᠰ ᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ | ᠬᠠᠮᠢᠶᠠᠷᠬᠤ ᠶᠢ ᠤᠶᠠᠯᠳᠤᠭᠤᠯᠵᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠠᠩᠬ᠎ᠠ | ᠤᠳᠠᠭ᠎ᠠ ᠳᠤᠷᠠᠳᠤᠨ ᠭᠠᠷᠭᠠᠭᠰᠠᠨ ᠶᠤᠮ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ | ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠪᠣᠯᠣᠨ᠎ᠠ᠂ ︽ᠪᠠᠭᠤᠯᠭᠠᠬᠤ︾ ᠭᠡᠳᠡᠭ ᠨᠢ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠠᠪᠤᠳᠠᠯ ᠪᠣᠯᠣᠨ᠎ᠠ︔ ︽ᠬᠠᠮᠢᠶᠠᠷᠬᠤ︾ | ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ︔ ︽ | ᠦᠢᠯᠡᠴᠢᠯᠡᠬᠦ︾ ᠭᠡᠳᠡᠭ ᠨᠢ ᠳᠠᠷᠤᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠬᠤ ᠶᠢ | ᠬᠡᠯᠡᠵᠦ ᠪᠣᠢ᠃ 2018 ᠣᠨ ᠤ 8 ᠳ᠋ᠤᠭᠠᠷ ᠰᠠᠷ᠎ᠠ ᠶᠢᠨ 2 ᠤᠨ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ 9 ᠳ᠋ᠤᠭᠡᠷ ᠰᠠᠷ᠎ᠠ ᠶᠢᠨ 1 ᠤ ᠡᠳᠦᠷ ᠠᠴᠠ | ᠡᠮᠦᠨ᠎ᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ ᠭᠡᠵᠦ ᠨᠡᠶᠢᠲᠡᠯᠡᠪᠡ᠂ 2018 ᠣᠨ ᠤ 11 ᠳ᠋ᠤᠭᠡᠷ ᠰᠠᠷ᠎ᠠ ᠶᠢᠨ 29 ᠤ ᠡᠳᠦᠷ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ ᠶᠠᠮᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ | ᠠᠬᠤᠶᠢᠯᠠᠯ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠭᠡᠷᠡᠴᠢ ᠮᠠᠲ᠋ᠧᠷᠢᠶᠠᠯ ᠢ ᠬᠠᠰᠤᠵᠤ | ᠬᠡᠯᠲᠦᠷᠢᠭᠦᠯᠬᠦ᠂ ᠠᠵᠤ ᠠᠬᠤᠶᠢᠯᠠᠯ ᠤᠨ ᠳᠣᠲᠣᠭᠠᠳᠤ ᠶᠢᠨ ᠠᠮᠦᠷ ᠲᠦᠪᠰᠢᠨ ᠢ ᠳᠠᠭᠠᠵᠤ ᠰᠤᠷᠪᠤᠯᠵᠢᠯᠠᠬᠤ ᠳᠦᠷᠢᠮ ᠢ ᠪᠠᠶᠢᠭᠤᠯᠬᠤ ᠪᠠᠷ ᠳᠠᠮᠵᠢᠭᠤᠯᠤᠨ ᠂ | ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠠ ᠠᠳᠠᠯ ᠦᠢᠯᠡᠰ ᠴᠣᠭᠴᠠᠯᠠᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃ | ᠡᠨᠡ ᠵᠢᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠶᠡᠷᠦᠩᠬᠡᠢ ᠰᠠᠶᠢᠳ ᠯᠢ ᠺᠧ ᠴᠢᠶᠠᠩ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠪᠠ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠪᠠ ᠭᠦᠢᠴᠡᠳᠬᠡᠬᠦ ᠴᠠᠭ ᠤᠨ ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ᠣᠷᠣᠨ ᠤ ᠲᠥᠪ ᠤᠨ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ | ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠩᠬᠤᠨ ᠤ ︽ᠨᠢᠭᠡ | ᠴᠣᠩᠬᠤ ᠪᠠᠷ ᠨᠡᠶᠢᠳᠡᠮ ᠬᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ᠤᠶᠤᠨᠲᠤ ᠥᠪᠡᠰᠦᠪᠡᠨ ᠭᠦᠢᠴᠡᠳᠬᠡᠬᠦ ᠪᠠ ︽ᠨᠢᠭᠡ | ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠣᠯᠠᠨ ᠲᠦᠮᠡᠨ ᠤ ᠠᠵᠢᠯ | ᠶᠠᠪᠤᠳᠠᠯ ᠬᠦᠢᠴᠡᠳᠭᠡᠬᠦ ᠳᠤ ᠨᠠᠩ ᠲᠦᠷᠭᠡᠨ᠂ ᠨᠠᠩ ᠲᠥᠬᠦᠮ ᠪᠣᠯᠭᠠᠬᠤ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠬᠦᠢᠴᠡᠳᠭᠡᠬᠦ ᠳᠤ ᠨᠢᠭᠡ ᠡᠭᠦᠳᠡ ᠪᠠᠷ ᠣᠷᠣᠨ᠎ᠠ᠂ ᠪᠠᠰᠠ ︽ᠨᠢᠭᠡ ᠴᠣᠩᠬᠤ ᠪᠠᠷ ᠨᠡᠶᠢᠲᠡᠮ | ᠭᠦᠢᠴᠡᠳᠬᠡᠨ᠎ᠡ︾ ᠭᠡᠵᠦ ᠶᠠᠷᠢᠯ᠎ᠠ ᠂ ᠡᠨᠡ ᠬᠤᠶᠠᠷ ᠨᠢ ᠶᠠᠮᠠᠷ ᠢᠯᠭᠠᠭ᠎ᠠ ᠲᠠᠢ ᠪᠤᠶ ᠭᠡᠵᠦ ᠰᠦᠯᠵᠢᠶᠡᠨ ᠠᠨᠳᠠ ᠨᠠᠷ ᠠᠩᠬᠠᠷᠴᠤ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠤᠤᠯ ᠨᠢ ᠣᠯᠠᠨ ᠲᠦᠮᠡᠨ ᠡᠯ᠎ᠡ ᠲᠥᠷᠥᠯ ᠤᠨ ᠴᠠᠭᠳᠠᠭᠠᠨ ᠤ ᠲᠥᠷᠥᠯ ᠤᠨ ᠠᠵᠢᠯ ᠶᠠᠪᠤᠳᠠᠯ ᠭᠦᠢᠴᠡᠳᠬᠡᠬᠦ ᠳᠤ ᠡᠯ᠎ᠡ ᠴᠠᠭᠳᠠᠭᠠᠨ ᠤ ᠲᠥᠷᠥᠯ ᠤᠨ | ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠴᠣᠩᠬᠤᠨ ᠳᠤ ᠬᠦᠷᠴᠦ ᠭᠦᠢᠴᠡᠳᠬᠡᠬᠦ ᠴᠢᠬᠤᠯᠠᠲᠠᠢ ᠪᠠᠶᠢᠪᠠ᠂ ᠤᠳᠤ᠂ ᠪᠢᠳᠡ ᠡᠩ ᠲᠡᠷᠢᠭᠦᠨ ᠳᠤ ᠡᠯ᠎ᠡ | ᠴᠠᠭᠳᠠᠭᠠᠨ ᠤ ᠲᠥᠷᠥᠯ᠂ ᠠᠵᠢᠯᠲᠠᠨ᠂ ᠬᠢᠨᠠᠨ ᠵᠥᠪᠰᠢᠶᠡᠷᠡᠬᠦ ᠵᠦᠢᠯᠡᠰ ᠢ ᠬᠤᠲᠠ ᠶᠢᠨ ᠲᠣᠰ ᠱᠠᠲᠤᠨ ᠤ ᠶᠡᠭᠡ ᠲᠢᠩᠬᠢᠮ ᠳᠤ ᠣᠷᠣᠭᠤᠯᠵᠤ ᠰᠠᠭᠤᠯᠭᠠᠬᠤ ᠶᠢ | ᠲᠦᠯᠬᠢᠨ ᠠᠬᠢᠭᠤᠯᠵᠤ᠂ ᠣᠲᠣ ᠣᠯᠠᠨ ᠲᠦᠮᠡᠨ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠪᠠᠯ | ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠬᠤᠲᠠ ᠶᠢᠨ ᠬᠠᠮᠢᠶᠠᠷᠤᠯᠲᠠ᠂ ᠬᠤᠣᠷ ᠴᠠᠭᠠᠵᠠᠯᠠᠬᠤ᠂ | ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ 6 ᠲᠣᠮᠣ ᠴᠠᠭᠳᠠᠭᠠᠨ ᠤ ᠲᠥᠷᠥᠯ ᠤᠨ 137 ᠵᠦᠢᠯ ᠤᠨ ᠥᠨᠳᠥᠷ ᠳᠠᠪᠲᠠᠮᠵᠢᠲᠤ ᠠᠷᠠᠳ ᠲᠤ | ᠲᠥᠬᠦᠮ ᠦᠵᠡᠭᠦᠯᠬᠦ ᠵᠦᠢᠯᠡᠰ ᠢ ᠭᠦᠢᠴᠡᠳᠬᠡᠵᠦ ᠪᠣᠯᠤᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠨᠢᠭᠡ ᠡᠭᠦᠳᠡ ᠪᠠᠷ ᠣᠷᠤᠵᠤ | ᠨᠡᠶᠢᠲᠡᠮ ᠭᠦᠢᠴᠡᠳᠬᠡᠵᠦ ᠪᠣᠯᠣᠨ᠎ᠠ︾᠂ ᠪᠢᠳᠡ ︽ᠨᠢᠭᠡ ᠡᠭᠦᠳᠡ ᠪᠠᠷ ᠣᠷᠤᠵᠤ ᠬᠦᠢᠴᠡᠳᠭᠡᠬᠦ︾ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ | ᠪᠠᠶᠢᠨ᠎ᠠ᠃ ︽ᠨᠢᠭᠡ ᠡᠭᠦᠳᠡ ᠪᠠᠷ ᠨᠡᠶᠢᠳᠡᠮ ᠭᠦᠢᠴᠡᠳᠬᠡᠬᠦ︾ ᠠᠴᠠ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠬᠦᠷᠲᠡᠯ᠎ᠡ᠂ ᠵᠣᠷᠢᠯᠭ᠎ᠠ ᠨᠢ ᠣᠯᠠᠨ | ᠲᠦᠮᠡᠨ ᠠᠵᠢᠯ ᠶᠠᠪᠤᠳᠠᠯ ᠭᠦᠢᠴᠡᠳᠬᠡᠬᠦ ᠳᠤ ᠣᠷᠣᠨ ᠲᠣᠭᠤᠷᠢᠭ ᠬᠤᠪᠢᠶᠠᠬᠤ ᠦᠭᠡᠢ᠂ ᠨᠢᠭᠡ ᠯᠡ ᠤᠳᠠᠭ᠎ᠠ ᠳᠤ ᠪᠦᠲᠦᠭᠡᠵᠦ᠂ ︽ᠨᠢᠭᠡ ᠴᠣᠩᠬᠤ ᠪᠠᠷ | ᠨᠡᠶᠢᠳᠡᠮ ᠭᠦᠢᠴᠡᠳᠬᠡᠬᠦ︾ ᠠᠵᠢᠯ ᠤᠨ ᠰᠢᠨ᠎ᠡ ᠪᠠᠶᠢᠷᠢᠰᠢᠯ ᠢ ᠪᠡᠶᠡᠯᠡᠭᠦᠯᠬᠦ ᠶᠢᠨ ᠲᠦᠯᠦᠭᠡ ᠶᠤᠮ᠂ ᠡᠭᠦᠨ ᠤ ᠬᠠᠮᠲᠤ ᠤᠤᠯ ᠤᠨ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠶᠢᠨ ︽ᠶᠠᠭᠠᠷᠠᠤ ᠰᠡᠯᠡᠭᠦᠦ ᠨᠢ ᠲᠡᠩᠴᠡᠭᠦᠷᠢ ᠦᠭᠡᠢ︾ ︽ᠴᠠᠭᠳᠠᠭᠠᠨ ᠤ ᠬᠦᠴᠦᠨ ᠢ ᠪᠦᠷᠢᠯᠭᠡᠨ ᠰᠦᠢᠳᠬᠡᠬᠦ︾ | ᠠᠰᠠᠭᠤᠳᠠᠯ ᠰᠢᠢᠳᠪᠦᠷᠢᠯᠡᠭᠰᠡᠨ ᠶᠤᠮ᠃ ᠡᠨᠡ ᠨᠢ ᠮᠠᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠲᠠᠩ ᠭᠠᠭᠴᠠ ᠲᠤᠬᠠᠶᠢᠯᠠᠭᠰᠠᠨ ᠠᠵᠢᠯ ᠢ ᠡᠵᠡᠮᠰᠢᠵᠦ ᠪᠠᠶᠢᠭᠰᠠᠨ ᠠᠴᠠ ᠪᠠᠨ ᠪᠣᠶ ᠪᠦᠬᠦᠢ ᠲᠤᠬᠠᠶᠢᠯᠠᠭᠰᠠᠨ | ᠠᠵᠢᠯ ᠳᠤ ᠴᠠᠭᠠᠷᠠᠭᠰᠠᠨ ᠪᠦᠷᠢᠨ ᠴᠢᠳᠠᠪᠤᠷᠢᠲᠤ ᠠᠷᠠᠳ ᠤᠨ ᠴᠠᠭᠳᠠᠭ᠎ᠠ ᠪᠣᠯᠬᠤ ᠱᠠᠭᠠᠷᠳᠠᠯᠭ᠎ᠠ ᠶᠢ ᠲᠠᠯᠪᠢᠭᠰᠠᠨ ᠪᠠᠶᠢᠨ᠎ᠠ᠃ ᠣᠳᠣᠬᠠᠨ ᠳᠤ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠵᠢᠴᠢ 9 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠴᠥᠮ ᠱᠠᠭᠠᠷᠳᠠᠯᠭ᠎ᠠ ᠶᠣᠰᠣᠭᠠᠷ ᠨᠠᠭᠠᠲᠤ ᠵᠠᠬ᠎ᠠ ᠳᠠᠭᠠᠨ 3 ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ | ᠪᠠᠶᠢᠭᠤᠯᠵᠤ᠂ ᠡᠭᠦᠨ ᠠᠴᠠ ᠭᠠᠳᠠᠨ᠎ᠠ ᠪᠠᠰᠠ ᠨᠢᠭᠡ ᠥᠷᠲᠡᠭᠡ ᠮᠠᠶ᠋ᠢᠭ ᠤᠨ ᠲᠣᠮᠢᠯᠠᠭᠰᠠᠨ ᠰᠠᠯᠪᠤᠷᠢ ᠪᠠᠶᠢᠭᠤᠯᠵᠤ᠂ ᠲᠠᠷᠠᠭᠠᠴᠢ ᠶᠢᠨ ᠠᠯᠬᠤᠮ ᠳᠤ ᠪᠢᠳᠡ ᠪᠠᠰᠠ | ᠪᠣᠳᠠᠲᠠᠢ ᠪᠠᠶᠢᠳᠠᠯ ᠢᠶᠠᠨ ᠦᠨᠳᠦᠰᠦᠯᠡᠨ ᠨᠠᠩ ᠣᠯᠠᠨ ᠶᠡᠷᠦᠩᠬᠡᠶᠢᠯᠡᠭᠰᠡᠨ ᠴᠣᠩᠬᠤ ᠶᠢ ᠨᠡᠮᠡᠨ ᠪᠠᠶᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠶᠢ ᠬᠠᠩᠭᠠᠨ᠎ᠠ᠃ | ᠬᠥᠲᠥᠯᠥᠭᠴᠢ᠄ | ᠥᠭᠡᠷ᠎ᠡ ᠪᠠᠷ ᠬᠡᠯᠡᠪᠡᠯ ᠣᠳᠣᠬᠠᠨ ᠳᠤ ᠶᠡᠭᠡ ᠲᠢᠩᠬᠢᠮ ᠨᠢ ᠦᠨᠳᠦᠰᠦᠨ ᠳᠡᠭᠡᠨ ᠳᠣᠲᠣᠭᠠᠳᠤ ᠶᠢ ᠬᠠᠮᠠᠭᠠᠯᠠᠬᠤ ᠪᠣᠢ ᠪᠦᠬᠦᠢ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠬᠤ ᠶᠤᠮ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠢᠳᠡ ᠳᠤᠷ᠎ᠠ ᠶᠢᠨ ᠨᠢᠭᠡ ᠴᠣᠩᠬᠤ ᠶᠢ ᠰᠤᠩᠭᠤᠪᠠᠯ ᠳᠣᠲᠣᠭᠠᠳᠤ ᠶᠢ ᠬᠠᠮᠠᠭᠠᠯᠠᠬᠤ | ᠣᠯᠠᠩᠬᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ ᠪᠢᠳᠡ ᠪᠠᠰᠠ ᠶᠡᠷᠦᠩᠬᠡᠶᠢᠯᠡᠭᠰᠡᠨ ᠴᠣᠩᠬᠤ ᠶᠢ ᠡᠷᠲᠡᠬᠡᠨ ᠪᠠᠶᠢᠭᠤᠯᠵᠤ ᠳᠠᠭᠤᠰᠬᠠᠬᠤ ᠶᠢ | ᠬᠦᠰᠡᠵᠦ ᠪᠠᠶᠢᠨ᠎ᠠ᠃ ᠡᠭᠦᠨ ᠠᠴᠠ ᠦᠵᠡᠪᠡᠯ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠠᠵᠢᠯ ᠶᠠᠪᠤᠳᠠᠯ ᠭᠦᠢᠴᠡᠳᠬᠡᠬᠦ ᠠᠵᠤ | ᠠᠬᠤᠶᠢᠯᠠᠯ ᠣᠯᠠᠨ ᠲᠦᠮᠡᠨ ᠢ ᠪᠠᠭ᠎ᠠ ᠬᠦᠶᠦᠯᠭᠡᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠬᠤ ᠪᠠᠷ ᠴᠢᠷᠮᠠᠶᠢᠵᠤ ᠪᠠᠶᠢᠭ᠎ᠠ ᠶᠤᠮ ᠪᠠᠶᠢᠨ᠎ᠠ᠂ | ᠲᠡᠭᠡᠪᠡᠯ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠪᠠᠶᠢᠭᠤᠯᠬᠤ | ᠨᠢ ᠮᠥᠨ ᠴᠦ ᠡᠨᠡ ᠬᠦ ᠰᠡᠳᠬᠢᠮᠵᠢ ᠶᠢ ᠪᠠᠷᠢᠮᠲᠠᠯᠠᠵᠤ ᠪᠠᠶᠢᠭ᠎ᠠ ᠶᠠᠪᠤᠳᠠᠯ ᠮᠥᠨ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠲᠡᠶᠢᠮᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠬᠤᠲᠠ ᠶᠢᠨ ᠬᠥᠮᠥᠨ ᠠᠮᠠ ᠶᠢᠨ ᠨᠢᠭᠲᠠᠴᠠ᠂ ᠠᠵᠢᠯ ᠶᠠᠪᠤᠳᠠᠯ | ᠭᠦᠢᠴᠡᠳᠬᠡᠬᠦ ᠬᠡᠷᠡᠭᠴᠡᠭᠡ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠭᠡ ᠥᠷᠲᠡᠭᠡ ᠮᠠᠶ᠋ᠢᠭ︾ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠲᠤᠷᠰᠢᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠲᠦᠷᠦᠭᠦᠯᠡᠨ ᠠᠬᠢᠭᠤᠯᠵᠤ᠂ 4 ᠲᠤᠷᠰᠢᠯᠲᠠ ᠶᠢᠨ ᠲᠣᠮᠢᠯᠠᠭᠰᠠᠨ ᠰᠠᠯᠪᠤᠷᠢ ᠶᠢ ᠰᠣᠩᠭᠤᠨ ᠲᠣᠭᠲᠠᠭᠠᠪᠠ᠂ ᠲᠣᠰ ᠲᠣᠰ ᠰᠢᠨ᠎ᠡ ᠬᠤᠲᠠ ᠲᠣᠭᠤᠷᠢᠭ ᠤᠨ | ᠬᠤᠪᠢᠶᠠᠷᠢ ᠲᠣᠪᠴᠢᠶ᠎ᠠ ᠶᠢᠨ ᠴᠸᠩ ᠳ᠋ᠦᠩ ᠲᠣᠮᠢᠯᠠᠭᠰᠠᠨ ᠰᠠᠯᠪᠤᠷᠢ᠂ ᠬᠤᠲᠤᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠪᠣᠯᠣᠳ | ᠲᠡᠮᠦᠷ ᠵᠠᠮ ᠤᠨ ᠲᠣᠮᠢᠯᠠᠭᠰᠠᠨ ᠰᠠᠯᠪᠤᠷᠢ᠂ ᠢᠦᠢ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠡᠮᠦᠨ᠎ᠡ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ᠂ | ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠴᠣᠷᠪᠤᠭᠠ ᠲᠣᠮᠢᠯᠠᠭᠰᠠᠨ ᠰᠠᠯᠪᠤᠷᠢ ᠪᠣᠯᠣᠨ᠎ᠠ᠂ ᠣᠲᠣ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠪᠠ᠃ | ᠲᠤᠷᠰᠢᠯᠲᠠ ᠶᠢᠨ ᠲᠣᠮᠢᠯᠠᠭᠰᠠᠨ ᠰᠠᠯᠪᠤᠷᠢ ᠨᠢ ᠤᠯᠠᠮᠵᠢᠯᠠᠯᠲᠤ ᠡᠷᠦᠬᠡ ᠠᠮᠠ ᠶᠢᠨ ᠲᠠᠩᠰᠠ ᠶᠢᠨ ᠲᠠᠰᠤᠭ ᠢ ︽ᠨᠢᠭᠡ ᠥᠷᠲᠡᠭᠡ ᠮᠠᠶ᠋ᠢᠭ︾ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠡᠷᠦᠬᠡ ᠠᠮᠠ ᠶᠢᠨ ᠲᠠᠩᠰᠠ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠠᠭᠠᠨ | ᠭᠦᠢᠴᠡᠳᠬᠡᠬᠦ ᠶᠢ ᠪᠡᠶᠡᠯᠡᠭᠦᠯᠵᠦ᠂ ᠵᠢᠪ ᠵᠢᠭᠭᠬᠢᠨᠢ ᠣᠯᠠᠨ ᠲᠦᠮᠡᠨ ᠤ ᠭᠡᠷ ᠤᠨ ᠡᠭᠦᠳᠡᠨ ᠳᠠᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠲᠥᠬᠦᠮ ᠳᠡᠯᠭᠡᠭᠦᠷ︾ ᠪᠣᠯᠭᠠᠭᠰᠠᠨ ᠪᠠᠶᠢᠨ᠎ᠠ᠃ | ᠬᠥᠲᠥᠯᠥᠭᠴᠢ᠄ | ᠥᠭᠡᠷ᠎ᠡ ᠪᠠᠷ ᠬᠡᠯᠡᠪᠡᠯ᠂ ᠤᠤᠯ ᠤᠨ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠴᠢᠵᠤ ᠭᠦᠢᠴᠡᠳᠬᠡᠬᠦ ᠬᠡᠷᠡᠭᠲᠡᠢ ᠪᠠᠶᠢᠭᠰᠠᠨ | ᠠᠵᠢᠯ ᠶᠠᠪᠤᠳᠠᠯ ᠢ ᠬᠤᠶᠢᠰᠢᠳᠠ ᠲᠣᠮᠢᠯᠠᠭᠰᠠᠨ ᠰᠠᠯᠪᠤᠷᠢ ᠳᠤ ᠴᠤ ᠭᠦᠢᠴᠡᠳᠬᠡᠵᠦ ᠪᠣᠯᠬᠤ ᠪᠣᠯᠤᠭᠰᠠᠨ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠢᠩᠭᠢᠵᠦ ᠣᠶᠢᠯᠠᠭᠠᠵᠤ ᠪᠣᠯᠣᠨ᠎ᠠ᠃ ᠣᠳᠣᠬᠢ ᠱᠠᠲᠤᠨ ᠳᠤ ᠮᠠᠨ ᠤ ᠬᠤᠲᠠ ᠵᠦᠪᠬᠡᠨ ᠳᠦᠷᠪᠡᠨ ︽ᠨᠢᠭᠡ ᠥᠷᠲᠡᠭᠡ ᠮᠠᠶ᠋ᠢᠭ︾ ᠤᠨ ᠲᠤᠷᠰᠢᠯᠲᠠ ᠶᠢᠨ | ᠲᠣᠮᠢᠯᠠᠭᠰᠠᠨ ᠰᠠᠯᠪᠤᠷᠢ ᠪᠠᠶᠢᠭᠤᠯᠤᠭᠠᠳ ᠪᠣᠢ᠂ ᠡᠨᠡ ᠳᠥᠷᠪᠡᠨ ᠲᠣᠮᠢᠯᠠᠭᠰᠠᠨ ᠰᠠᠯᠪᠤᠷᠢ ᠨᠢᠭᠡᠨᠲᠡ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ | ᠭᠠᠷᠬᠤ ᠬᠤᠯᠪᠣᠭᠳᠠᠯ ᠪᠦᠬᠦᠢ ᠬᠡᠰᠡᠭ ᠲᠤᠬᠠᠶᠢᠯᠠᠭᠰᠠᠨ ᠠᠵᠢᠯ ᠢ ᠴᠤ ᠬᠦᠢᠴᠡᠳᠭᠡᠬᠦ ᠪᠣᠯᠪᠠ᠂ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠣᠨ ᠤ ᠲᠥᠪ ᠤᠨ ᠪᠣᠳᠠᠲᠠᠢ ᠪᠠᠶᠢᠳᠠᠯ ᠢ ᠭᠦᠨᠵᠡᠭᠡᠢ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ 4 | ᠲᠤᠷᠰᠢᠯᠲᠠ ᠶᠢᠨ ᠴᠡᠭ ᠤᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠳ᠋ᠦᠩᠨᠡᠵᠦ᠂ ᠰᠢᠨ᠎ᠡ ᠪᠠᠷ ︽ᠨᠢᠭᠡ ᠥᠷᠲᠡᠭᠡ ᠮᠠᠶ᠋ᠢᠭ | ︾ ᠤᠨ ᠲᠣᠮᠢᠯᠠᠭᠰᠠᠨ ᠰᠠᠯᠪᠤᠷᠢ ᠨᠡᠮᠡᠵᠦ ᠪᠠᠶᠢᠭᠤᠯᠬᠤ ᠠᠵᠢᠯ ᠢ ᠵᠦᠢ ᠵᠣᠬᠢᠰᠲᠠᠢ ᠪᠠᠶᠢᠷᠢᠯᠠᠭᠤᠯᠬᠤ ᠶᠢᠨ ᠬᠠᠮᠲᠤ ᠨᠠᠩ ᠣᠯᠠᠨ ᠲᠥᠬᠦᠮ ᠪᠥᠭᠡᠳ ᠥᠨᠳᠥᠷ | ᠳᠠᠪᠲᠠᠮᠵᠢ ᠲᠠᠢ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ | ᠬᠥᠲᠥᠯᠥᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠦᠴᠦᠷᠬᠡᠭ ᠶᠡᠭᠡ ᠡᠷᠴᠢ ᠵᠣᠷᠢᠭ ᠢ ᠰᠡᠳᠬᠢᠯ ᠤᠨ ᠭᠦᠨ ᠠᠴᠠ ᠪᠠᠨ | ᠮᠡᠳᠡᠷᠡᠯ᠎ᠡ᠂ ᠮᠠᠨ ᠤ ᠠᠷᠠᠳ ᠲᠦᠮᠡᠨ ᠳᠤ ᠠᠪᠴᠤ ᠬᠡᠯᠡᠪᠡᠯ᠂ ᠤᠴᠢᠷ ᠶᠠᠪᠤᠳᠠᠯ ᠢ ᠪᠦᠲᠦᠭᠡᠬᠦ ᠳᠤ ᠤᠯᠠᠮ ᠳᠥᠭᠦᠮ ᠪᠣᠯᠵᠠᠢ᠂ ᠥᠩᠭᠡᠷᠡᠭᠰᠡᠨ ᠳᠤ ᠡᠯ᠎ᠡ | ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠴᠣᠩᠬᠤᠨ ᠳᠤ ᠬᠦᠷᠬᠦ | ᠬᠡᠷᠡᠭᠲᠡᠢ ᠪᠠᠶᠢᠪᠠ᠂ ᠣᠲᠣ ᠰᠢᠭᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠴᠢᠪᠠᠯ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠯᠠᠩᠬᠢ ᠵᠦᠢᠯᠡᠰ ᠢ ᠭᠦᠢᠴᠡᠳᠬᠡᠵᠦ ᠪᠣᠯᠬᠤ ᠪᠣᠯᠵᠠᠢ᠂ ᠡᠭᠦᠨ ᠢᠶᠠᠷ ᠪᠠᠷᠠᠬᠤ ᠦᠭᠡᠢ ᠳᠥᠷᠪᠡᠨ ︽ᠨᠢᠭᠡ ᠥᠷᠲᠡᠭᠡ | ᠮᠠᠶ᠋ᠢᠭ ᠤᠨ ᠲᠣᠮᠢᠯᠠᠭᠰᠠᠨ ᠰᠠᠯᠪᠤᠷᠢ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠥᠩᠭᠡᠷᠡᠭᠰᠡᠨ ᠤ ᠡᠷᠦᠬᠡ ᠠᠮᠠ ᠶᠢᠨ | ᠲᠠᠩᠰᠠ ᠶᠢᠨ ᠲᠠᠰᠤᠭ ᠠᠴᠠ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠬᠦᠢᠴᠡᠳᠭᠡᠬᠦ ᠪᠣᠯᠭᠠᠨ ᠬᠤᠪᠢᠷᠠᠭᠤᠯᠵᠤ᠂ ᠠᠷᠠᠳ ᠣᠯᠠᠨ ᠤᠨ ᠭᠡᠷ ᠤᠨ | ᠡᠭᠦᠳᠡᠨ ᠳᠠᠬᠢ ᠲᠥᠬᠦᠮ ᠦᠢᠯᠡᠴᠢᠯᠡᠭᠡᠨ ᠤ ᠳᠡᠯᠭᠡᠭᠦᠷ ᠢ ᠪᠠᠶᠢᠭᠤᠯᠤᠭᠰᠠᠨ ᠨᠢ ᠦᠨᠡᠬᠡᠷ ᠲᠥᠬᠦᠮ ᠪᠣᠯᠵᠠᠢ᠃ ᠣᠳᠣᠬᠠᠨ ᠳᠤ ᠣᠯᠠᠨ ᠲᠦᠮᠡᠨ ᠤ ᠰᠦᠯᠵᠢᠶᠡᠨ | ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠂ ᠣᠯᠠᠨ ᠲᠦᠮᠡᠨ ᠤ ᠭᠦᠢᠴᠡᠳᠬᠡᠬᠦ ᠴᠢᠬᠤᠯᠠᠲᠠᠢ ᠠᠵᠢᠯ | ᠶᠠᠪᠤᠳᠠᠯ ᠳᠤ ᠴᠢᠭᠯᠡᠭᠦᠯᠦᠨ᠂ ᠰᠦᠯᠵᠢᠶᠡᠨ ᠳᠡᠭᠡᠷ᠎ᠡ ᠬᠦᠢᠴᠡᠳᠭᠡᠬᠦ ᠳᠤ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠬᠡᠷᠡᠭᠯᠡᠯᠲᠡ ᠶᠢ ᠳᠠᠭᠠᠯᠳᠤᠨ᠂ ᠠᠷᠠᠳ ᠤᠯᠠᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ᠂ ᠢᠯᠠᠩᠭᠤᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠨᠢᠭᠤᠷᠳᠠᠵᠤ ᠠᠭᠤᠯᠵᠠᠬᠤ | ᠦᠭᠡᠢ ᠪᠠᠷ ᠰᠦᠯᠵᠢᠶᠡᠨ ᠳᠡᠭᠡᠷ᠎ᠡ ᠤᠴᠢᠷ ᠶᠠᠪᠤᠳᠠᠯ ᠬᠦᠢᠴᠡᠳᠭᠡᠬᠦ ᠠᠷᠭ᠎ᠠ ᠮᠠᠶ᠋ᠢᠭ ᠤᠨ ᠳᠠᠪᠠᠭᠤᠯᠢᠭ ᠲᠠᠯ᠎ᠠ ᠲᠣᠪᠣᠶᠢᠮ᠎ᠠ ᠢᠯᠡᠷᠡᠵᠦ ᠪᠠᠶᠢᠬᠤ ᠶᠢ ᠪᠢᠳᠡ ᠪᠠᠰᠠ | ᠣᠯᠵᠤ ᠮᠡᠳᠡᠪᠡ᠃ ᠡᠶᠢᠮᠦ ᠠᠴᠠ ᠣᠶᠢᠷ᠎ᠠ ᠶᠢᠨ ᠬᠡᠳᠦᠨ ᠵᠢᠯ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠠᠭ ︽ᠢᠨᠲ᠋ᠧᠷ ᠰᠦᠯᠵᠢᠶ᠎ᠡ + | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ | 2021 ᠣᠨ ᠳᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ︽ᠲᠢᠩᠬᠢᠮ ᠲᠣᠪᠴᠢᠶ᠎ᠠ ᠬᠠᠮᠲᠤ ᠪᠠᠷ | ᠪᠠᠶᠢᠭᠤᠯᠬᠤ︾ ᠲᠣᠭᠲᠠᠴᠠ ᠳᠤ ᠲᠦᠰᠢᠭᠯᠡᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠥᠪᠥᠷ ᠮᠣᠩᠭᠤᠯ ᠤᠨ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠵᠦ᠂ | ᠣᠳᠣᠬᠠᠨ ᠳᠤ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠰᠦᠯᠵᠢᠶᠡᠨ ᠤ ᠠᠮᠤᠷ ᠲᠦᠪᠰᠢᠨ᠂ ᠬᠤᠣᠷ ᠴᠠᠭᠠᠵᠠᠯᠠᠬᠤ ᠵᠡᠷᠭᠡ 125 | ᠭᠠᠷᠤᠢ ᠵᠦᠢᠯ ᠤᠨ ᠥᠨᠳᠥᠷ ᠳᠠᠪᠲᠠᠮᠵᠢᠲᠤ ᠳᠣᠲᠣᠭᠠᠳᠤ ᠶᠢ ᠬᠠᠮᠠᠭᠠᠯᠠᠬᠤ ᠵᠦᠢᠯᠡᠰ ᠢ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ | ᠃ ᠡᠭᠦᠨ ᠳᠤ ᠡᠷᠦᠬᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ᠂ ᠳᠠᠷᠤᠢ ᠡᠷᠦᠬᠡ ᠠᠮᠠ ᠶᠢᠨ ᠳᠠᠩᠰᠠᠯᠠᠯᠲᠠ᠂ ᠡᠷᠦᠬᠡ ᠠᠮᠠ ᠶᠢᠨ ᠲᠠᠩᠰᠠ ᠶᠢ | ᠬᠦᠴᠦᠨ ᠦᠭᠡᠢ ᠪᠣᠯᠭᠠᠬᠤ᠂ ᠡᠷᠦᠬᠡ ᠠᠮᠠ ᠶᠢ ᠰᠢᠯᠵᠢᠭᠦᠯᠬᠦ᠂ ᠡᠷᠦᠬᠡ ᠠᠮᠠ ᠶᠢᠨ ᠳᠠᠭᠠᠯᠲᠠ ᠵᠦᠢᠯ ᠤᠨ ᠲᠤᠬᠠᠶᠢᠯᠠᠭᠰᠠᠨ ᠠᠵᠢᠯ ᠢ ᠬᠤᠪᠢᠷᠠᠭᠤᠯᠬᠤ ᠵᠡᠷᠭᠡ | ᠪᠠᠭᠲᠠᠨ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠳᠠᠷᠤᠢ ᠵᠢᠯᠣᠭᠤᠴᠢ ᠶᠢᠨ ᠦᠨᠡᠮᠯᠡᠯ ᠨᠦᠬᠦᠬᠦ ᠰᠣᠯᠢᠵᠤ ᠠᠪᠬᠤ᠂ ᠮᠠᠰᠢᠨ | ᠬᠦᠳᠡᠯᠭᠡᠭᠦᠷᠲᠦ ᠲᠡᠷᠭᠡ ᠶᠢᠨ ᠦᠨᠡᠮᠯᠡᠯ ᠢ ᠨᠦᠬᠦᠬᠦ᠂ ᠰᠣᠯᠢᠵᠤ ᠠᠪᠬᠤ᠂ ᠮᠠᠰᠢᠨ ᠬᠦᠳᠡᠯᠭᠡᠭᠦᠷᠲᠦ ᠲᠡᠷᠭᠡ ᠶᠢᠨ ᠲᠦᠷ ᠴᠠᠭ ᠤᠨ ᠫᠠᠶᠢᠰᠠ ᠦᠨᠡᠮᠯᠡᠯ | ᠭᠤᠶᠤᠴᠢᠯᠠᠨ ᠠᠪᠬᠤ ᠵᠡᠷᠭᠡ ᠪᠠᠭᠲᠠᠨ᠎ᠠ᠃ | ᠣᠳᠣᠬᠠᠨ ᠳᠤ᠂ ᠣᠯᠠᠨ ᠲᠦᠮᠡᠨ ᠭᠠᠷ ᠤᠲᠠᠰᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠤᠶᠤ ︽ ᠮᠦᠩᠭᠡ ᠰᠤᠪᠠᠭ︾ ᠢ ᠬᠠᠶᠢᠵᠤ ᠣᠯᠣᠭᠠᠳ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠲᠤᠰᠬᠠᠢ ᠣᠷᠣᠨ ᠢ ᠰᠣᠩᠭᠤᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ | ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠵᠦ ᠪᠣᠯᠤᠨ᠎ᠠ᠂ ᠠᠷᠠᠳ ᠤᠨ ᠴᠠᠭᠳᠠᠭ᠎ᠠ ᠠᠷᠤ ᠲᠠᠪᠴᠠᠩ ᠳᠤ ᠭᠦᠢᠴᠡᠳᠬᠡᠵᠦ᠂ ︽ᠰᠦᠯᠵᠢᠶᠡᠨ ᠳᠡᠭᠡᠷ᠎ᠡ | ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠦᠵᠦᠭᠦᠷ ᠠᠴᠠ ᠳᠠᠮᠵᠢᠭᠤᠯᠤᠨ | ᠬᠦᠷᠭᠡᠬᠦ᠂ ᠲᠦᠷᠭᠡᠨ ᠬᠦᠷᠭᠡᠯᠲᠡ ᠪᠠᠷ ᠬᠦᠷᠭᠡᠬᠦ︾ ᠭᠦᠢᠴᠡᠳᠬᠡᠬᠦ ᠵᠠᠭᠪᠤᠷ ᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠣᠯᠠᠨ | ᠲᠦᠮᠡᠨ ᠳᠤ ᠨᠠᠩ ᠲᠦᠭᠦᠮ ᠪᠣᠯᠭᠠᠪᠠ᠃ | ᠬᠦᠲᠦᠯᠦᠭᠴᠢ᠄ | ᠰᠦᠯᠵᠢᠶᠡᠨ ᠤ ᠨᠠᠶᠢᠵᠠ ᠨᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠸᠢᠴᠠᠲ ᠤᠨ ᠳ᠋ᠤᠭᠠᠷ ᠢᠶᠠᠷ ᠥᠪᠡᠷ ᠢᠶᠠᠨ ᠠᠵᠢᠯ ᠶᠠᠪᠤᠳᠠᠯ ᠭᠦᠢᠴᠡᠳᠬᠡᠬᠦ ᠲᠤᠬᠠᠢ ᠠᠩᠬᠠᠷᠴᠤ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠯᠪᠤᠭᠳᠠᠯ ᠪᠦᠬᠦᠢ | ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠲᠥᠪ ᠤᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ︽ᠤᠶᠤᠨᠲᠤ ᠥᠪᠡᠰᠦᠪᠡᠨ | ᠬᠦᠢᠴᠡᠳᠭᠡᠬᠦ ︾ ᠦᠢᠯᠡᠴᠢᠯᠡᠭᠡ ᠶᠢ ᠲᠠᠰᠤᠷᠠᠯᠲᠠ ᠦᠭᠡᠢ ᠬᠡᠷᠡᠭᠵᠢᠭᠦᠯᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠢᠭᠡᠨᠲᠡ ︽24 ᠴᠠᠭ ᠤᠨ ᠳᠣᠲᠣᠭᠠᠳᠤ ᠶᠢ ᠬᠠᠮᠠᠭᠠᠯᠠᠬᠤ ᠣᠶᠤᠨᠲᠤ ᠥᠪᠡᠰᠦᠪᠡᠨ | ᠬᠦᠢᠴᠡᠳᠭᠡᠬᠦ ᠲᠢᠩᠬᠢᠮ︾ ᠢ ᠪᠠᠶᠢᠭᠤᠯᠵᠤ᠂ ᠪᠡᠶ᠎ᠡ ᠶᠢᠨ ᠦᠨᠡᠮᠯᠡᠯ ᠬᠢᠬᠦ᠂ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠬᠦ | ᠂ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠵᠡᠷᠭᠡ 3 ᠴᠠᠭᠳᠠᠭᠠᠨ ᠤ ᠲᠥᠷᠥᠯ ᠤᠨ ᠣᠯᠠᠨ ᠲᠦᠮᠡᠨ ᠳᠤ ᠦᠢᠯᠡᠴᠢᠯᠡᠬᠦ ᠥᠨᠳᠥᠷ ᠳᠠᠪᠲᠠᠮᠵᠢ ᠲᠠᠢ ᠲᠥᠬᠦᠮ | ᠵᠦᠢᠯᠡᠰ ᠢ ᠥᠪᠡᠰᠦᠪᠡᠨ ᠬᠦᠢᠴᠡᠳᠭᠡᠬᠦ ᠮᠠᠰᠢᠨ ᠢᠶᠠᠷ ᠨᠢᠭᠤᠷ ᠢᠶᠠᠨ ᠰᠢᠷᠪᠢᠭᠦᠯᠦᠨ ᠬᠡᠷᠡᠴᠢᠯᠡᠭᠡ ᠠᠪᠤᠭᠰᠠᠨ ᠤ ᠳᠠᠷᠠᠭ᠎ᠠ ᠥᠪᠡᠰᠦᠪᠡᠨ ᠭᠦᠢᠴᠡᠳᠬᠡᠬᠦ ᠶᠢ | ᠪᠡᠶᠡᠯᠡᠭᠦᠯᠵᠦ᠂ ᠣᠯᠠᠨ ᠲᠦᠮᠡᠨ ᠳᠤ ᠪᠦᠬᠦᠯᠢ ᠡᠳᠦᠷ ᠢᠶᠠᠷ ᠢᠶᠠᠨ ︽ᠡᠭᠦᠳᠡ ᠪᠠᠨ ᠬᠠᠭᠠᠬᠤ ᠦᠭᠡᠢ ᠦᠢᠯᠡᠴᠢᠯᠡᠭᠡ︾ ᠬᠠᠩᠭᠠᠨ᠎ᠠ᠃ ᠡᠭᠦᠨ ᠤ ᠬᠠᠮᠲᠤ | ᠬᠤᠲᠠ ᠶᠢᠨ ᠳᠥᠷᠪᠡᠨ ᠲᠣᠭᠤᠷᠢᠭ ᠵᠢᠴᠢ ᠦᠴᠦᠸᠠᠨ ᠰᠢᠶᠠᠨ᠂ ᠬᠤᠷᠢᠨᠭᠡᠷ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ | 24 ᠴᠠᠭ ᠤᠨ ᠥᠪᠡᠰᠦᠪᠡᠨ ᠬᠦᠢᠴᠡᠳᠭᠡᠬᠦ ᠲᠢᠩᠬᠢᠮ︾ ᠳᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠥᠪᠡᠰᠦᠪᠡᠨ ᠬᠦᠢᠴᠡᠳᠭᠡᠬᠦ | ᠲᠥᠬᠦᠭᠡᠷᠦᠮᠵᠢ ᠲᠣᠬᠢᠷᠠᠭᠤᠯᠵᠤ᠂ 24 ᠴᠠᠭ ᠪᠥᠬᠦ ᠡᠳᠦᠷ ᠢᠶᠠᠷ ︽ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠡᠶᠡᠯᠡᠭᠦᠯᠪᠡ᠃ | ᠬᠥᠲᠥᠯᠥᠭᠴᠢ᠄ | ᠡᠨᠡ ᠬᠡᠳᠦᠨ ᠵᠦᠢᠯ ᠤᠨ ᠠᠵᠢᠯ ᠠᠴᠠ ᠭᠠᠳᠠᠨ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠶᠠᠮᠠᠷ ᠠᠷᠭ᠎ᠠ ᠬᠡᠮᠵᠢᠶ᠎ᠡ | ᠠᠪᠴᠤ ᠪᠠᠶᠢᠭᠠᠳ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠦᠭᠰᠡᠨ ᠪᠤᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | | | | | ᠨᠢᠳᠤᠨᠤᠨ ᠤ 11 ᠳ᠋ᠤᠭᠡᠷ ᠰᠠᠷ᠎ᠠ ᠠᠴᠠ ᠡᠬᠢᠯᠡᠨ᠂ ᠬᠢᠨᠠᠨ ᠵᠥᠪᠰᠢᠶᠡᠷᠡᠬᠦ ᠲᠥᠪ ᠠᠴᠠ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤᠨ ᠳᠤ ᠭᠠᠷᠠᠭ ᠤᠨ ᠵᠢᠷᠭᠤᠭᠠᠨ ᠤ ᠡᠳᠦᠷ ᠴᠠᠭ ᠨᠡᠮᠡᠵᠦ ᠦᠢᠯᠡᠴᠢᠯᠡᠬᠦ ᠶᠢ ᠡᠬᠢᠯᠡᠨ | ᠬᠡᠷᠡᠭᠵᠢᠭᠦᠯᠵᠦ᠂ ᠠᠵᠤ ᠠᠬᠤᠶᠢᠯᠠᠯ ᠣᠯᠠᠨ ᠲᠦᠮᠡᠨ ᠤ ︽ᠡᠩ ᠤᠨ ᠴᠠᠭ ᠲᠤ ᠭᠦᠢᠴᠡᠳᠬᠡᠬᠦ ᠴᠢᠯᠦᠭᠡ ᠦᠭᠡᠢ᠂ ᠠᠮᠠᠷᠠᠬᠤ ᠴᠠᠭ ᠲᠤ ᠭᠦᠢᠴᠡᠳᠬᠡᠬᠦ ᠭᠠᠵᠠᠷ | ᠦᠭᠡᠢ︾ ᠬᠦᠴᠢᠷᠳᠡᠯ ᠢ ᠦᠨᠡᠨ ᠬᠦ ᠰᠢᠢᠳᠪᠦᠷᠢᠯᠡᠪᠡ᠃ ᠡᠭᠦᠨ ᠤ ᠬᠠᠮᠲᠤ᠂ ᠬᠢᠨᠠᠨ ᠵᠥᠪᠰᠢᠶᠡᠷᠡᠬᠦ ᠲᠥᠪ ᠠᠴᠠ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠰᠢᠢᠳᠪᠦᠷᠢᠯᠡᠬᠦ︾ ᠠᠵᠢᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠣᠳᠣ ᠨᠢᠭᠡᠨᠲᠡ ᠰᠢᠨ᠎ᠡ ᠲᠡᠷᠭᠡ ᠫᠠᠶᠢᠰᠠ ᠡᠯᠭᠦᠬᠦ ᠳᠤ ︽ᠨᠢᠭᠡ ᠶᠠᠪᠤᠳᠠᠯ ᠢ | ᠨᠢᠭᠡ ᠯᠡ ᠤᠳᠠᠭ᠎ᠠ ᠳᠤ ᠭᠦᠢᠴᠡᠳᠬᠡᠬᠦ︾᠂ ᠰᠠᠶ᠋ᠢ ᠲᠥᠷᠥᠭᠰᠡᠨ ᠬᠡᠦᠭᠡᠳ ᠡᠷᠦᠬᠡ ᠠᠮᠠ ᠣᠷᠤᠬᠤ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠭᠦᠯᠵᠦ᠂ ᠰᠠᠶ᠋ᠢ ᠲᠦᠷᠦᠭᠰᠡᠨ ᠬᠡᠦᠭᠡᠳ ᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠨᠢ | ᠰᠠᠶ᠋ᠢ ᠲᠥᠷᠥᠭᠰᠡᠨ ᠬᠡᠦᠬᠡᠳ ᠤᠨ ᠭᠦᠢᠴᠡᠳᠬᠡᠬᠦ ᠴᠢᠬᠤᠯᠠᠲᠠᠢ ᠲᠦᠷᠦᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠬᠡᠦᠬᠡᠳ ᠤᠨ ︽ ᠰᠡᠷᠭᠡᠶᠢᠯᠡᠯᠲᠡ ᠶᠢᠨ | ᠲᠠᠷᠢᠯᠭ᠎ᠠ ᠶᠢᠨ ᠦᠨᠡᠮᠯᠡᠯ︾᠂ ᠡᠷᠦᠬᠡ ᠠᠮᠠ ᠶᠢᠨ ᠳᠠᠩᠰᠠᠯᠠᠯᠲᠠ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠶᠢ ᠬᠢᠨᠠᠨ ᠲᠣᠭᠲᠠᠭᠠᠬᠤ᠂ | ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠵᠡᠷᠭᠡ 5 ᠵᠦᠢᠯᠡᠰ ᠢ ᠨᠡᠶᠢᠯᠡᠭᠦᠯᠦᠭᠡᠳ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ | ︾ ᠪᠣᠯᠭᠠᠭᠰᠠᠨ ᠪᠦᠭᠡᠳ ︽ᠨᠠᠰᠤ ᠪᠠᠷᠠᠭᠰᠠᠨ ᠤ ᠬᠤᠶᠢᠳᠤᠬᠢ ᠶᠠᠪᠤᠳᠠᠯ ᠢ ᠨᠢᠭᠡ ᠤᠴᠢᠷ ᠢᠶᠠᠷ ᠬᠦᠢᠴᠡᠳᠭᠡᠬᠦ︾ ᠵᠡᠷᠭᠡ ᠵᠦᠢᠯᠡᠰ ᠢ ᠴᠦ ᠢᠳᠡᠭ ᠢᠳᠡᠭ ᠢᠶᠠᠷ | ᠨᠠᠶᠢᠳᠠᠪᠤᠷᠢᠵᠢᠭᠤᠯᠵᠤ ᠪᠠᠶᠢᠨ᠎ᠠ᠃ | ᠡᠭᠦᠨ ᠠᠴᠠ ᠭᠠᠳᠠᠨ᠎ᠠ᠂ ᠮᠠᠨ ᠤ ᠬᠡᠷᠡᠭᠵᠢᠭᠦᠯᠵᠦ ᠪᠠᠶᠢᠭ᠎ᠠ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠴᠦ | ᠢᠯᠡᠳᠲᠡ ᠪᠠᠶᠢᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠡᠯ᠎ᠡ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠳᠣᠲᠣᠭᠠᠳᠤ ᠶᠢ ᠬᠠᠮᠠᠭᠠᠯᠠᠬᠤ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ | ᠦᠢᠯᠡᠴᠢᠯᠡᠭᠡᠨ ᠤ ᠴᠡᠭ ᠢ ᠨᠡᠶᠢᠲᠡ 12 ᠪᠠᠶᠢᠭᠤᠯᠵᠤ᠂ ᠭᠤᠶᠤᠴᠢᠯᠠᠭᠴᠢ ᠳᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠵᠦᠢᠯᠡᠰ ᠢ ᠠᠰᠠᠭᠤᠨ ᠯᠠᠪᠯᠠᠬᠤ᠂ | ᠵᠢᠯᠤᠭᠤᠳᠬᠤ᠂ ᠵᠣᠬᠢᠴᠠᠭᠤᠯᠬᠤ᠂ ᠳᠠᠭᠠᠭᠤᠯᠤᠨ ᠭᠦᠢᠴᠡᠳᠬᠡᠬᠦ ᠪᠠ ᠬᠠᠪᠰᠤᠷᠤᠨ ᠰᠢᠢᠳᠪᠦᠷᠢᠯᠡᠵᠦ ᠥᠭᠬᠦ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ | ᠪᠠᠶᠢᠨ᠎ᠠ᠃ | ᠬᠥᠲᠥᠯᠥᠭᠴᠢ᠄ | ᠡᠭᠦᠨ ᠠᠴᠠ ᠦᠵᠡᠬᠦ ᠳᠤ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠬᠦᠴᠦᠯᠡᠨ ᠠᠬᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠩᠭᠠᠷᠠᠭᠤᠯᠤᠭᠰᠠᠭᠠᠷ ᠢᠷᠡᠭᠰᠡᠨ ᠶᠤᠮ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ | ᠾᠧ ᠨᠠᠨ᠄ | ᠲᠡᠶᠢᠮᠦ ᠠ᠋᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠳᠥᠭᠦᠮ | ᠦᠵᠡᠭᠦᠯᠬᠦ ᠠᠴᠠ ᠭᠠᠳᠠᠨ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠤᠯᠭ᠎ᠠ ︽ ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠳᠡᠮᠵᠢᠭᠰᠡᠭᠡᠷ ᠢᠷᠡᠪᠡ᠃ ᠣᠳᠣᠬᠠᠨ ᠤ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠡᠪᠡᠷᠰᠢᠶᠡᠯ ᠲᠠᠢ | ᠠᠰᠠᠭᠤᠳᠠᠯ᠂ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ︽ᠠᠵᠢᠯ ᠶᠠᠪᠤᠳᠠᠯ ᠪᠦᠲᠦᠭᠡᠬᠦ ᠳᠤ ᠬᠥᠮᠥᠨ ᠢ ᠭᠤᠶᠤᠬᠤ ᠦᠭᠡᠢ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠳᠡᠶᠢᠯᠬᠦ︾ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠢᠨᠠᠨ ᠵᠥᠪᠰᠢᠶᠡᠷᠡᠬᠦ ᠲᠥᠪ ᠠᠴᠠ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︽ᠨᠢᠭᠡᠳᠦᠭᠡᠷ ᠭᠠᠷ︾ ᠠᠵᠢᠯ ᠤᠨ ᠴᠣᠪᠤᠷᠠᠯ ᠢ ᠥᠩᠭᠡᠷᠡᠬᠦ ᠠᠵᠢᠯᠯᠠᠭ᠎ᠠ ᠶᠢ ᠲᠦᠷᠦᠭᠦᠯᠡᠨ ᠥᠷᠨᠢᠭᠦᠯᠪᠡ᠃ ᠠᠵᠢᠯᠯᠠᠭ᠎ᠠ ᠶᠢ | ᠥᠷᠨᠢᠭᠦᠯᠦᠭᠰᠡᠨ ᠤ ᠳᠠᠷᠠᠭᠠᠬᠢ ᠬᠠᠮᠤᠭ ᠤᠨ ᠲᠡᠷᠢᠭᠦᠨ ᠳᠤ ᠬᠤᠲᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤᠨ ᠳᠤ | ᠬᠦᠷᠴᠦ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠪᠡᠶᠡᠴᠢᠯᠡᠨ ᠣᠶᠢᠯᠠᠭᠠᠵᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠨ ᠳᠤ ᠬᠦᠷᠴᠦ ᠠᠵᠢᠯᠲᠠᠨ ᠤ | ᠬᠤᠪᠢ ᠪᠠᠷ ᠴᠣᠩᠬᠤᠨ ᠳᠤ ᠰᠠᠭᠤᠵᠤ᠂ ᠠᠵᠤ ᠠᠬᠤᠶᠢᠯᠠᠯ ᠣᠯᠠᠨ ᠲᠦᠮᠡᠨ ᠤ ᠬᠤᠪᠢ ᠪᠠᠷ ᠠᠵᠢᠯ ᠤᠨ ᠴᠤᠪᠤᠷᠠᠯ ᠢ ᠦᠩᠭᠡᠷᠡᠪᠡ᠃ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ ᠬᠢᠯᠢ ᠪᠠᠷ ᠣᠷᠣᠵᠤ ᠭᠠᠷᠬᠤ ᠰᠠᠯᠪᠤᠷᠢ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠡᠯ᠎ᠡ ᠬᠤᠰᠢᠭᠤ | ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︵ᠬᠤᠪᠢᠶᠠᠷᠢ︶ ᠲᠣᠪᠴᠢᠶ᠎ᠠ ᠡᠯ᠎ᠡ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠪᠡᠶ᠎ᠡ ᠪᠠᠷ ᠢᠶᠠᠨ | ᠣᠶᠢᠯᠠᠭᠠᠬᠤ᠂ ᠪᠠᠷ᠎ᠠ ᠪᠣᠯᠵᠤ ᠭᠦᠢᠴᠡᠳᠬᠡᠬᠦ᠂ ᠣᠯᠠᠨ ᠲᠦᠮᠡᠨ ᠢ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ︽ᠨᠢᠭᠡᠳᠦᠭᠡᠷ ᠭᠠᠷ ᠴᠤᠪᠤᠷᠠᠯ ᠢ ᠥᠩᠭᠡᠷᠡᠬᠦ︾ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠤᠷᠢᠳᠠᠪᠡᠷ ᠠᠰᠠᠭᠤᠨ ᠯᠠᠪᠯᠠᠬᠤ ᠠᠴᠠ ᠬᠦᠰᠦᠨᠦᠭ ᠲᠠᠭᠯᠠᠬᠤ ᠬᠦᠷᠲᠡᠯ᠎ᠡ᠂ ᠮᠥᠷᠯᠡᠵᠦ ᠭᠦᠢᠴᠡᠳᠬᠡᠬᠦ ᠠᠴᠠ | ᠠᠵᠢᠯ ᠶᠠᠪᠤᠳᠠᠯ ᠢ ᠰᠢᠢᠳᠪᠦᠷᠢᠯᠡᠵᠦ ᠳᠠᠭᠤᠰᠬᠠᠬᠤ ᠬᠦᠷᠲᠡᠯ᠎ᠡ᠂ ᠠᠵᠢᠯ ᠤᠨ ᠪᠦᠬᠦ ᠴᠤᠪᠤᠷᠠᠯ ᠢ ᠥᠩᠭᠡᠷᠡᠪᠡ᠃ ᠭᠤᠣᠯ ᠤᠳᠤᠷᠢᠳᠤᠯᠭ᠎ᠠ ᠪᠣᠯᠣᠨ ᠡᠯ᠎ᠡ | ᠴᠠᠭᠳᠠᠭᠠᠨ ᠤ ᠲᠦᠷᠦᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠪᠡᠶᠡᠴᠢᠯᠡᠨ | ᠣᠶᠢᠯᠠᠭᠠᠬᠤ ᠪᠠᠷ ᠳᠠᠮᠵᠢᠭᠤᠯᠵᠤ᠂ ᠲᠣᠪᠣᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ᠶᠠᠪᠤᠴᠠ ᠶᠢ ᠰᠤᠳᠤᠯᠤᠨ ᠲᠥᠯᠥᠪᠵᠢᠭᠦᠯᠵᠦ ᠲᠠᠬᠢᠨ ᠪᠦᠲᠦᠭᠡᠵᠦ᠂ | ᠠᠵᠢᠯ ᠤᠨ ᠶᠠᠪᠤᠴᠠ ᠶᠢ ᠲᠠᠬᠢᠨ ᠰᠢᠯᠢᠳᠡᠭᠵᠢᠭᠦᠯᠵᠦ᠂ ᠲᠠᠬᠢᠨ ᠲᠡᠰ ᠳᠡᠪᠰᠢᠭᠦᠯᠬᠦ ᠶᠢ ᠴᠢᠨᠠᠭᠰᠢᠳᠠ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠥᠭᠡᠷᠡᠴᠢᠯᠡᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠬᠥᠲᠥᠯᠥᠭᠴᠢ᠄ | ᠥᠭᠡᠷᠡᠴᠢᠯᠡᠯᠲᠡ ᠶᠢᠨ ᠶᠠᠪᠤᠴᠠ ᠳᠤ ᠵᠦᠢᠯ ᠵᠦᠢᠯ ᠤᠨ ᠬᠠᠷᠰᠢ ᠰᠠᠭᠠᠳ ᠲᠤᠯᠭᠠᠷᠠᠬᠤ ᠨᠢ ᠯᠠᠪᠲᠠᠢ᠂ ᠲᠡᠭᠡᠪᠡᠯ ᠠᠵᠢᠯ ᠢ ᠠᠬᠢᠭᠤᠯᠬᠤ ᠶᠠᠪᠤᠴᠠ ᠳᠤ ᠶᠠᠮᠠᠷ | ᠠᠰᠠᠭᠤᠳᠠᠯ ᠲᠤᠯᠭᠠᠷᠠᠭᠰᠠᠨ᠂ ᠬᠡᠷᠬᠢᠨ ᠰᠢᠢᠳᠪᠦᠷᠢᠯᠡᠭᠰᠡᠨ ᠲᠤᠬᠠᠢ ᠪᠠᠨ ᠶᠠᠷᠢᠨ᠎ᠠ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ | ᠢ᠄ | | | | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠣᠷᠣᠨ ᠤ ᠲᠥᠪ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠶᠢᠨ ᠴᠣᠩᠬᠤᠨ ᠤ ᠦᠢᠯᠡᠴᠢᠯᠡᠭᠡ ᠶᠢᠨ ᠨᠢᠭᠡᠴᠡ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠦᠭᠡᠯᠡᠵᠦ᠂ ᠵᠠᠮ ᠨᠡᠭᠡᠭᠡᠨ | ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠲᠦᠷᠭᠡᠨ ᠬᠥᠭᠵᠢᠵᠦ ᠳᠡᠪᠰᠢᠪᠡ᠃ ᠭᠡᠪᠡᠴᠦ᠂ ᠬᠥᠳᠡᠯᠦᠩᠭᠦᠢ᠂ ᠮᠡᠳᠡᠭᠡ | ᠵᠠᠩᠭᠢᠵᠢᠯᠲᠠ ᠶᠢᠨ ᠨᠡᠶᠢᠭᠡᠮ ᠤᠨ ᠬᠥᠭᠵᠢᠯᠲᠡ ᠠᠴᠠ ᠪᠣᠯᠤᠭᠰᠠᠨ ᠯᠤᠲᠤ ᠶᠡᠭᠡ ᠬᠤᠪᠢᠷᠠᠯᠲᠠ ᠶᠢᠨ ᠡᠮᠦᠨ᠎ᠡ᠂ ᠴᠣᠩᠬᠤᠨ ᠤ ᠦᠢᠯᠡᠴᠢᠯᠡᠭᠡ ᠶᠢᠨ ᠨᠢᠭᠡᠴᠡ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠪᠠ ᠡᠩᠨᠡᠭᠡᠨ ᠤ ᠪᠠᠶᠢᠭᠤᠯᠤᠯᠲᠠ ᠳᠤ ᠪᠠᠰᠠ ᠵᠣᠬᠢᠴᠠᠬᠤ ᠦᠭᠡᠢ ᠠᠰᠠᠭᠤᠳᠠᠯ ᠤᠳ ᠢᠯᠡᠷᠡᠭᠰᠡᠨ ᠪᠠᠶᠢᠨ᠎ᠠ᠃ | ᠵᠢᠱᠢᠶᠡᠯᠡᠪᠡᠯ᠂ ᠬᠦᠮᠦᠨ ᠬᠠᠷ᠎ᠠ ᠶᠡᠬᠡᠪᠡᠷ ᠣᠷᠤᠵᠤ ᠭᠠᠷᠬᠤ ᠰᠢᠨ᠎ᠡ ᠬᠡᠪ ᠪᠠᠶᠢᠳᠠᠯ ᠳᠣᠣᠷ᠎ᠠ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ ︽ᠬᠤᠶᠠᠷ | ᠴᠣᠩᠬᠤ︾ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠣᠨᠴᠠ ᠵᠠᠷᠢᠮ ᠭᠠᠵᠠᠷ ᠣᠷᠣᠨ ᠤ | ᠴᠣᠩᠬᠤᠨ ᠤ ᠦᠢᠯᠡᠴᠢᠯᠡᠭᠡ ᠶᠢᠨ ᠨᠢᠭᠡᠴᠡ ᠶᠢᠨ ᠪᠦᠲᠦᠭᠡᠨ ᠪᠠᠶᠢᠭᠤᠯᠤᠯᠲᠠ ᠮᠥᠨ ᠬᠦ ᠬᠤᠴᠤᠷᠤᠩᠭᠤᠢ ᠪᠠᠶᠢᠵᠤ᠂ ᠲᠠᠯᠠᠪᠤᠷ ᠭᠠᠵᠠᠷ ᠨᠢ ᠢᠪᠴᠤᠤ᠂ | ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠨᠢ ᠪᠦᠷᠢᠨ ᠪᠤᠰᠤ ᠪᠠᠶᠢᠵᠤ᠂ ᠥᠪᠡᠷ ᠢᠶᠠᠨ ᠭᠦᠢᠴᠡᠳᠬᠡᠬᠦ ᠲᠥᠬᠦᠭᠡᠷᠦᠮᠵᠢ ᠨᠡᠮᠡᠬᠦ ᠴᠢᠬᠤᠯᠠᠲᠠᠢ ᠪᠠᠶᠢᠵᠤ᠂ ᠣᠯᠠᠨ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠨᠡᠮᠯᠡᠯ ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ | ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠡᠩ ᠲᠡᠷᠢᠭᠦᠨ ᠳᠤ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠬᠡᠷᠡᠭᠴᠡᠭᠡᠨ ᠤ ᠨᠠᠷᠢᠨ ᠲᠠᠩᠰᠠ ᠶᠢ ᠪᠦᠷᠢᠨ ᠭᠠᠷᠭᠠᠬᠤ ᠪᠣᠯᠣᠨ᠎ᠠ᠂ ᠪᠢᠳᠡ ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ | ᠪᠠᠶᠢᠳᠠᠯ ᠢᠶᠠᠨ ᠲᠤᠰᠬᠠᠬᠤ ᠴᠣᠩᠬᠤ ᠪᠠ ᠬᠢᠨᠠᠯᠲᠠ ᠲᠠᠯᠪᠢᠬᠤ ᠤᠲᠠᠰᠤ ᠶᠢ ᠨᠡᠮᠡᠵᠦ ᠭᠠᠷᠭᠠᠭᠰᠠᠨ ᠪᠥᠭᠡᠳ ᠣᠯᠠᠨ ᠢᠶᠠᠷ ᠢᠶᠠᠨ ᠴᠤ ᠮᠠᠨ ᠤ ᠦᠢᠯᠡᠴᠢᠯᠡᠭᠡ ᠳᠤ | ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠪᠢᠳᠡ ᠦᠷᠭᠦᠯᠵᠢᠯᠡᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠴᠠᠭᠠᠨ ᠰᠤᠳᠤᠯᠬᠤ ᠠᠵᠢᠯ ᠢ | ᠰᠠᠶᠢᠲᠤᠷ ᠬᠢᠵᠦ᠂ ᠠᠷᠠᠳ ᠤᠯᠠᠨ ᠠᠴᠠ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠦᠨᠡᠨ ᠰᠡᠳᠬᠢᠯ ᠠᠴᠠ ᠪᠠᠨ ᠠᠷᠠᠳ ᠤᠯᠠᠨ ᠲᠠᠢ ᠦᠵᠡᠯ | ᠪᠣᠳᠣᠯ ᠢᠶᠠᠨ ᠰᠣᠯᠢᠯᠴᠠᠨ ᠣᠶᠢᠯᠠᠭᠠᠯᠴᠠᠵᠤ᠂ ᠠᠷᠠᠳ ᠤᠨ ᠰᠠᠨᠠᠯ ᠢ ᠭᠦᠢᠴᠡᠳ ᠰᠣᠨᠣᠰᠴᠤ᠂ ᠠᠷᠠᠳ ᠤᠨ ᠰᠠᠨᠠᠭ᠎ᠠ ᠶᠢ ᠢᠯᠡᠷᠡᠭᠦᠯᠵᠦ᠂ ᠠᠷᠠᠳ ᠤᠨ ᠤᠶᠤᠨ | ᠤᠬᠠᠭᠠᠨ ᠢ ᠲᠥᠪᠯᠡᠷᠡᠭᠦᠯᠦᠨ᠎ᠡ︔ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠦᠨᠳᠦᠰᠦᠯᠡᠯ ᠪᠣᠯᠭᠠᠵᠤ᠂ ᠤᠯᠠᠨ ᠲᠦᠮᠡᠨ ᠤ ᠰᠡᠳᠬᠢᠯ | ᠬᠠᠨᠤᠮᠵᠢ ᠦᠭᠡᠢ ᠪᠠᠶᠢᠬᠤ ᠶᠢ ᠨᠢ ᠢᠯᠡᠭᠦᠬᠡᠨ ᠲᠠᠯᠪᠢᠵᠤ᠂ ᠤᠯᠠᠨ ᠲᠦᠮᠡᠨ ᠤ ᠲᠤᠰᠬᠠᠯ ᠶᠡᠬᠡᠲᠡᠢ ᠪᠠᠶᠢᠬᠤ ᠶᠢ ᠨᠢ ᠤᠷᠢᠳᠠᠪᠠᠷ ᠲᠠᠯᠪᠢᠵᠤ᠂ ︽ᠵᠠᠰᠠᠭ ᠤᠨ | ᠣᠷᠳᠣᠨ ᠠᠴᠠ ᠨᠣᠭᠤᠭ᠎ᠠ ᠬᠦᠷᠭᠡᠬᠦ︾ ᠪᠠᠶᠢᠭᠰᠠᠨ ᠠᠴᠠ ︽ᠤᠯᠠᠨ ᠲᠦᠮᠡᠨ ᠨᠣᠭᠤᠭ᠎ᠠ ᠵᠠᠬᠢᠶᠠᠯᠠᠬᠤ︾ ᠵᠠᠰᠠᠭ ᠤᠨ ᠶᠠᠪᠤᠳᠠᠯ ᠢ ᠰᠢᠢᠳᠪᠦᠷᠢᠯᠡᠬᠦ ᠲᠣᠭᠲᠠᠴᠠ ᠶᠢ | ᠠᠯᠬᠤᠮ ᠠᠯᠬᠤᠮ ᠢᠶᠠᠷ ᠬᠤᠪᠢᠷᠠᠭᠤᠯᠤᠨ᠎ᠠ︔ ᠠᠷᠠᠳ ᠤᠨ ᠰᠠᠨᠠᠭ᠎ᠠ ᠶᠢ ᠰᠣᠨᠣᠰᠬᠤ ᠠᠷᠭ᠎ᠠ ᠵᠠᠮ ᠢ ᠥᠷᠭᠡᠳᠬᠡᠵᠦ᠂ ᠤᠯᠠᠮᠵᠢᠯᠠᠯᠲᠤ ᠰᠠᠨᠠᠯ ᠤᠨ ᠬᠠᠶᠢᠷᠴᠠᠭ᠂ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠭᠤᠮᠣᠳᠠᠯ ᠲᠣᠭᠠᠴᠢᠯᠲᠠ ᠶᠢᠨ ᠤᠲᠠᠰᠤ ᠶᠢ ᠰᠦᠯᠵᠢᠶ᠎ᠡ ᠪᠠᠷ ᠦᠭᠡ ᠦᠯᠡᠳᠡᠭᠡᠬᠦ ᠵᠡᠷᠭᠡ ᠰᠢᠨ᠎ᠡ ᠮᠠᠶ᠋ᠢᠭ ᠤᠨ | ᠠᠷᠠᠳ ᠤᠨ ᠰᠠᠨᠠᠭ᠎ᠠ ᠶᠢ ︽ᠲᠥᠪᠯᠡᠷᠡᠭᠦᠯᠦᠨ ᠲᠠᠷᠬᠠᠭᠠᠬᠤ ᠭᠠᠵᠠᠷ︾ ᠬᠦᠷᠲᠡᠯ᠎ᠡ ᠥᠷᠭᠡᠳᠬᠡᠵᠦ᠂ ᠤᠯᠠᠨ ᠲᠦᠮᠡᠨ ᠤ ᠳᠤᠷᠠᠳᠤᠭᠰᠠᠨ ᠪᠦᠲᠦᠭᠡᠯᠴᠢ ᠴᠢᠨᠠᠷᠲᠠᠢ | ᠰᠠᠨᠠᠯ ᠢ ᠥᠭᠡᠷᠡᠴᠢᠯᠡᠯᠲᠡ ᠶᠢᠨ ᠬᠠᠷᠠᠯᠲᠠ ᠳᠤ ᠣᠷᠣᠭᠤᠯᠵᠤ᠂ ᠠᠷᠠᠳ ᠤᠯᠠᠨ ᠤ ᠪᠣᠳᠠᠲᠤ ᠬᠡᠷᠡᠭᠴᠡᠭᠡ ᠶᠢ ᠦᠨᠳᠦᠰᠦᠯᠡᠨ᠂ ᠪᠦᠲᠦᠮᠵᠢᠲᠡᠶ ᠦᠢᠯᠡᠴᠢᠯᠡᠭᠡ | ᠬᠠᠩᠭᠠᠵᠤ᠂ ︽ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ︾ ᠤ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠪᠡᠶᠡᠯᠡᠭᠦᠯᠦᠨ᠎ᠡ᠃ | ᠡᠭᠦᠨ ᠤ ᠵᠡᠷᠭᠡ ᠪᠠᠷ ᠠᠷᠠᠳ ᠣᠯᠠᠨ ᠳᠤ ᠡᠶᠡᠯᠳᠡᠭ ᠲᠣᠲᠤᠨᠤ ᠬᠠᠨᠳᠤᠵᠤ᠂ ᠰᠡᠳᠬᠢᠯ ᠬᠠᠨᠤᠮᠵᠢᠲᠠᠶ ᠪᠠᠶᠢᠯᠭᠠᠬᠤ ᠲᠣᠳᠣᠷᠬᠠᠢ ᠬᠠᠭᠤᠳᠠᠰᠤ ᠶᠢ | ᠪᠣᠳᠠᠲᠠᠶᠢᠵᠢᠭᠤᠯᠤᠨ᠎ᠠ ᠭᠡᠵᠡᠢ᠃ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠯᠠᠨ ᠲᠦᠮᠡᠨ ᠤ ᠬᠤᠪᠢ ᠪᠡᠶ᠎ᠡ ᠶᠢᠨ | ᠲᠥᠷᠥᠭᠳᠡᠯ ᠢ ᠳᠣᠲᠤᠭᠠᠲᠤ ᠶᠢ ᠬᠠᠮᠠᠭᠠᠯᠠᠬᠤ ᠠᠵᠢᠯ ᠤᠨ ︽ᠴᠠᠭ ᠠᠭᠤᠷ ᠤᠨ ᠬᠡᠮᠵᠢᠭᠦᠷ︾ ᠪᠣᠯᠭᠠᠵᠤ᠂ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ | ᠬᠢᠵᠦ᠂ ᠪᠦᠬᠦ ᠬᠦᠴᠦᠨ ᠢᠶᠠᠷ ᠢᠶᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠱᠠᠲᠤ | ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠤᠴᠢᠷ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠡᠶᠡᠯᠡᠭᠦᠯᠦᠨ᠎ᠡ | ᠃ ᠬᠢᠨᠠᠨ ᠵᠥᠪᠰᠢᠶᠡᠷᠡᠬᠦ ᠬᠡᠷᠡᠭ ᠶᠠᠪᠤᠳᠠᠯ ᠴᠥᠭᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠥᠨᠳᠥᠷ᠂ ᠵᠠᠰᠠᠭ ᠵᠠᠬᠢᠷᠭᠠᠨ ᠤ ᠥᠪᠡᠷ ᠤᠨ ᠥᠷᠲᠡᠭ ᠳᠣᠣᠷ᠎ᠠ᠂ | ᠵᠠᠰᠠᠭ ᠵᠠᠬᠢᠷᠭᠠᠨ ᠤ ᠶᠠᠪᠤᠴᠠ ᠲᠥᠪ ᠭᠤᠥᠯᠴᠢ ᠢᠯᠡ ᠲᠣᠳᠣ ᠪᠠᠶᠢᠬᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠤ | ᠣᠯᠠᠨ ᠲᠡᠶᠢᠰᠢ ᠭᠦᠶᠦᠬᠦ᠂ ᠣᠨᠳᠣᠣ ᠭᠠᠵᠠᠷ ᠲᠤ ᠬᠢᠨᠠᠨ ᠵᠥᠪᠰᠢᠶᠡᠷᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠨ᠎ᠡ︔ ᠣᠯᠠᠨ ᠲᠦᠮᠡᠨ ᠤ | ᠡᠮᠦᠨ᠎ᠡ ᠠᠴᠠ ᠪᠣᠳᠤᠵᠤ ᠣᠯᠠᠨ ᠲᠦᠮᠡᠨ ᠳᠤ ᠠᠵᠢᠯ ᠶᠠᠪᠤᠳᠠᠯ ᠭᠦᠢᠴᠡᠳᠬᠡᠬᠦ ᠬᠠᠯᠠᠭᠤᠨ ᠲᠤᠯᠠᠭᠠᠬᠠᠨ ᠣᠷᠴᠢᠨ ᠨᠥᠬᠦᠴᠡᠯ ᠢ ᠪᠤᠶ ᠪᠣᠯᠭᠠᠵᠤ᠂ ᠠᠵᠢᠯ | ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠥᠬᠦᠭᠡᠷᠦᠮᠵᠢ ᠪᠡᠯᠡᠳᠬᠡᠮᠵᠢ ᠲᠣᠬᠢᠷᠠᠭᠤᠯᠵᠤ᠂ ᠴᠢᠨᠠᠷ ᠰᠠᠶᠢᠲᠠᠢ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠬᠦᠳᠦᠯᠦᠭᠴᠢ᠄ | ᠮᠠᠨ ᠤ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠷᠡᠰ ᠵᠣᠷᠢᠭ ᠬᠦᠴᠦᠨ ᠢ ᠥᠷᠭᠡᠨ ᠣᠯᠠᠨ ᠨᠠᠶᠢᠵᠠ | ᠨᠠᠷ ᠴᠤ ᠬᠡᠳᠦᠨ ᠴᠠᠭᠳᠠᠭ᠎ᠠ ᠶᠢᠨ ᠳᠠᠷᠤᠭ᠎ᠠ ᠶᠢᠨ ᠶᠠᠷᠢᠯᠴᠠᠭ᠎ᠠ ᠠᠴᠠ ᠣᠶᠢᠯᠠᠭᠠᠵᠤ ᠮᠡᠳᠡᠷᠡᠨ᠎ᠡ ᠭᠡᠳᠡᠭ ᠲᠤ ᠢᠲᠡᠭᠡᠵᠦ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ | ᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠡᠯ᠎ᠡ ᠱᠠᠲᠤᠨ ᠤ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠡᠯ᠎ᠡ ᠵᠦᠢᠯ ᠤᠨ | ᠱᠠᠭᠠᠷᠳᠠᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠭᠰᠠᠨ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠲᠠᠢ | ᠤᠶᠠᠯᠳᠤᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠯᠲᠡ ᠶᠢᠨ ᠣᠷᠴᠢᠨ ᠨᠦᠬᠦᠴᠡᠯ ᠢ ᠳᠠᠰᠤᠷᠠᠯᠳᠠ | ᠦᠭᠡᠢ ᠰᠢᠯᠢᠳᠡᠭᠵᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠦᠪᠡᠭᠴᠢᠯᠡᠨ ᠭᠦᠨᠵᠡᠭᠡᠶᠢᠷᠡᠭᠦᠯᠵᠦ᠂ ᠬᠠᠮᠵᠢᠯᠴᠠᠬᠤ ᠴᠢᠨᠠᠷ ᠬᠠᠨᠳᠤᠯᠭᠠᠲᠤ ᠴᠢᠨᠠᠷ ᠢ | ᠴᠢᠩᠭᠠᠳᠬᠠᠵᠤ᠂ ᠬᠦᠴᠦᠯᠡᠨ ᠴᠢᠷᠮᠠᠶᠢᠵᠤ ᠠᠮᠵᠢᠯᠲᠠ ᠪᠦᠲᠦᠮᠵᠢ ᠭᠠᠷᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠶᠢᠯᠠᠯ ᠪᠣᠯᠣᠨ ᠤᠯᠠᠨ | ᠲᠦᠮᠡᠨ ᠤ ᠬᠠᠨᠤᠮᠵᠢᠲᠠᠢ ᠨᠡᠩ ᠣᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠳᠡᠯᠭᠡᠬᠦ | ᠬᠦᠴᠦᠨ ᠨᠡᠮᠡᠷᠢᠯᠡᠨ᠎ᠡ᠃ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ | ᠸᠠᠩ ᠵᠥᠩ ᠴᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ | ᠯᠢ ᠫᠢᠩ ᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠳᠡᠳ᠋ | ᠡᠷᠬᠢᠯᠡᠭᠴᠢ ᠶᠠᠩ ᠡᠾᠧ ᠨ᠊ ᠨᠠᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠪᠠᠶᠠᠷᠯᠠᠯ᠎ᠠ᠂ ᠲᠣᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ | | | |