ᠣᠶᠢᠷ᠎ᠠ ᠶᠢᠨ ᠬᠡᠳᠦᠨ ᠡᠳᠦᠷ ᠲᠤ ᠪᠥᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠪᠠᠭᠤᠷᠠᠵᠤ ᠪᠠᠶᠢᠨ᠎ᠠ᠂ ᠲᠦᠷᠭᠡᠨ ᠢᠯᠡᠭᠡᠯᠲᠡ ᠶᠢ ᠬᠤᠷᠢᠶᠠᠬᠤ ᠦᠶ᠎ᠡ ᠳᠤ ᠬᠡᠷᠬᠢᠨ ᠠᠷᠭᠠᠴᠠᠭᠠᠨ ᠰᠢᠢᠳᠪᠦᠷᠢᠯᠡᠪᠡᠯ ᠵᠣᠬᠢᠬᠤ ᠪᠣᠶ ᠁ ᠬᠠᠮᠤᠭ ᠤᠨ ᠰᠢᠨ᠎ᠡ ᠬᠠᠷᠢᠭᠤᠯᠲᠠ︕
ᠨᠡᠶᠢᠲᠡᠯᠡᠭᠰᠡᠨ ᠴᠠᠭ᠄
2022/5/31
      5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠯᠭᠤᠷᠯᠠᠭᠤᠯᠬᠤ ᠦᠭᠡᠢ ᠪᠠᠷ᠂ ᠪᠣᠳᠠᠲᠠᠢ ᠨᠠᠷᠢᠯᠢᠭ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠳᠣᠣᠷ᠎ᠠ ᠬᠠᠮᠲᠤ ᠪᠠᠷ ᠣᠶᠢᠯᠠᠭᠠᠶ᠎ᠠ︕      ᠣᠶᠢᠷ᠎ᠠ ᠶᠢᠨ ᠬᠡᠳᠦᠨ ᠡᠳᠦᠷ ᠲᠤ ᠪᠥᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠪᠠᠭᠤᠷᠠᠪᠠ      ᠣᠶᠢᠷ᠎ᠠ ᠶᠢᠨ ᠬᠡᠳᠦᠨ ᠡᠳᠦᠷ ᠲᠤ᠂ ᠪᠥᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠪᠠᠭᠤᠷᠠᠵᠤ᠂ ᠪᠥᠬᠦ ᠤᠯᠤᠰ ᠤᠨ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠲᠤᠬᠠᠢ ᠶᠢᠨ ᠭᠠᠵᠠᠷ ᠤᠨ ᠬᠠᠯᠳᠠᠪᠤᠷᠢᠯᠠᠭᠰᠠᠳ ᠨᠢᠭᠡᠨᠲᠡ 600 ᠠᠴᠠ ᠳᠣᠷᠣᠭᠰᠢ ᠪᠣᠯᠪᠠ᠃      ᠣᠳᠣᠬᠠᠨ ᠳᠤ᠄      ᠱᠠᠩᠬᠠᠢ ᠶᠢᠨ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠰᠠᠳ ᠤᠨ ᠲᠤᠭ᠎ᠠ 4 ᠡᠳᠦᠷ ᠳᠠᠷᠠᠭᠠᠯᠠᠨ 500 ᠠᠴᠠ ᠳᠣᠷᠣᠭᠰᠢ ᠪᠣᠯᠵᠤ᠂ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠳᠤ ᠣᠷᠣᠰᠢᠵᠤ ᠪᠠᠶᠢᠨ᠎ᠠ᠃ ᠭᠡᠪᠡᠴᠦ ᠪᠦᠬᠦ ᠤᠯᠤᠰ ᠤᠨ ᠪᠤᠰᠤᠳ ᠬᠤᠳᠠ ᠲᠠᠢ ᠬᠠᠷᠢᠴᠠᠭᠤᠯᠪᠠᠯ ᠮᠥᠨ ᠬᠦ ᠨᠡᠯᠢᠶᠡᠳ ᠥᠨᠳᠥᠷ ᠲᠦᠭᠰᠢᠭᠦᠷᠢ ᠶᠢᠨ ᠬᠢᠷᠢ ᠲᠦᠪᠰᠢᠨ ᠳᠤ ᠣᠷᠣᠰᠢᠵᠤ ᠪᠠᠶᠢᠬᠤ ᠤᠴᠢᠷ ᠠᠴᠠ ᠬᠡᠰᠡᠭ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠬᠢᠵᠢᠭ ᠤᠨ ᠪᠠᠶᠢᠳᠠᠯ ᠲᠠᠬᠢᠨ ᠡᠭᠦᠰᠬᠦ ᠶᠢ ᠰᠡᠷᠡᠮᠵᠢᠯᠡᠬᠦ ᠴᠢᠬᠤᠯᠠᠲᠠᠢ ᠪᠠᠶᠢᠨ᠎ᠠ︔      ᠪᠡᠭᠡᠵᠢᠩ ᠤᠨ ᠣᠶᠢᠷ᠎ᠠ ᠶᠢᠨ ᠬᠤᠶᠠᠷ ᠡᠳᠦᠷ ᠤᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠰᠠᠳ ᠤᠨ ᠲᠤᠭ᠎ᠠ ᠢᠯᠡᠳᠲᠡ ᠪᠠᠭᠤᠷᠠᠵᠤ᠂ ᠨᠢᠭᠡᠨᠲᠡ 8 ᠲᠣᠭᠤᠷᠢᠭ ᠰᠢᠶᠠᠨ ᠳᠤ ᠨᠡᠶᠢᠭᠡᠮ ᠤᠨ ᠲᠠᠯ᠎ᠠ ᠳᠤ ᠡᠪᠡᠳᠴᠢᠲᠡᠨ ᠦᠭᠡᠢ ᠪᠠᠶᠢᠳᠠᠯ ᠳᠤ ᠣᠷᠣᠭᠰᠠᠨ ᠪᠣᠯᠪᠠᠴᠤ ᠹᠧᠩᠲ᠋ᠠᠢ᠂ ᠬᠠᠶᠢᠳᠢᠶᠠᠨ ᠵᠡᠷᠭᠡ ᠲᠣᠭᠤᠷᠢᠭ ᠠᠴᠠ ᠣᠶᠢᠷ᠎ᠠ ᠳᠤ ᠨᠡᠶᠢᠭᠡᠮ ᠲᠣᠭᠤᠷᠢᠭ ᠤᠨ ᠬᠠᠯᠳᠠᠪᠤᠷᠢᠯᠠᠭᠰᠠᠳ ᠢ ᠮᠥᠨ ᠬᠦ ᠢᠯᠡᠷᠡᠭᠦᠯᠵᠦ᠂ ᠬᠢᠵᠢᠭ ᠤᠨ ᠪᠠᠶᠢᠳᠠᠯ ᠤᠨ ᠨᠡᠶᠢᠭᠡᠮ ᠲᠣᠭᠤᠷᠢᠭ ᠲᠠᠬᠢ ᠬᠠᠯᠳᠠᠪᠤᠷᠢᠯᠠᠬᠤ ᠲᠦᠭᠰᠢᠭᠦᠷᠢ ᠮᠥᠨ ᠬᠦ ᠬᠡᠰᠡᠭ ᠲᠠᠯ᠎ᠠ ᠪᠠᠷ ᠣᠷᠣᠰᠢᠵᠤ᠂ ᠵᠢᠭᠰᠠᠭᠠᠨ ᠪᠠᠶᠢᠴᠠᠭᠠᠵᠤ ᠲᠥᠪᠯᠡᠷᠡᠭᠦᠯᠦᠨ ᠲᠤᠰᠠᠭᠠᠷᠯᠠᠬᠤ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔      ᠣᠶᠢᠷ᠎ᠠ ᠶᠢᠨ ᠬᠤᠭᠤᠴᠠᠭᠠᠨ ᠳᠤ ᠭᠢᠷᠢᠨ ᠤ ᠬᠢᠯᠢ ᠬᠢᠵᠠᠭᠠᠷ ᠤᠨ ᠬᠡᠰᠡᠭ ᠰᠢᠶᠠᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ ᠮᠡᠳᠡᠭᠦᠯᠦᠭᠰᠡᠨ ᠪᠥᠭᠡᠳ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠪᠠᠶᠢᠵᠤ᠂ ᠬᠢᠵᠢᠭ ᠤᠨ ᠪᠠᠶᠢᠳᠠᠯ ᠨᠢ ᠬᠢᠯᠢ ᠬᠢᠵᠠᠭᠠᠷ ᠣᠷᠣᠨ ᠠᠴᠠ ᠠᠭᠠᠵᠢᠮ ᠢᠶᠠᠷ ᠳᠣᠲᠣᠭᠠᠳᠤ ᠬᠠᠭᠤᠷᠠᠢ ᠶᠢᠨ ᠣᠷᠣᠨ ᠲᠡᠶᠢᠰᠢ ᠲᠠᠷᠬᠠᠬᠤ ᠬᠠᠨᠳᠤᠰᠢ ᠲᠠᠢ ᠪᠣᠯᠵᠤ᠂ ᠨᠢᠭᠡᠨᠲᠡ ᠭᠠᠳᠠᠭᠰᠢ ᠯᠡᠪᠡᠷᠡᠬᠦ ᠪᠠᠶᠢᠳᠠᠯ ᠢᠯᠡᠷᠡᠭᠰᠡᠨ ᠪᠣᠯᠬᠤᠷ ᠭᠠᠳᠠᠭᠠᠳᠤ ᠠᠴᠠ ᠬᠠᠯᠳᠠᠪᠤᠷᠢᠯᠠᠬᠤ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠠᠳᠠᠭᠠᠳᠤ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠬᠤ ᠴᠢᠬᠤᠯᠠᠲᠠᠢ ᠪᠠᠶᠢᠨ᠎ᠠ︔      ᠲᠢᠶᠠᠨᠵᠢᠨ ᠳᠤ ᠣᠳᠣᠬᠠᠨ ᠳᠤ ᠤᠯᠠᠨ ᠭᠠᠵᠠᠷ ᠲᠤ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ᠂ ᠨᠡᠶᠢᠭᠡᠮ ᠲᠣᠭᠤᠷᠢᠭ ᠤᠨ ᠲᠠᠷᠬᠠᠯᠲᠠ ᠶᠢᠨ ᠠᠶᠤᠯ ᠲᠦᠭᠰᠢᠭᠦᠷᠢ ᠮᠥᠨ ᠬᠦ ᠣᠷᠣᠰᠢᠭᠰᠠᠭᠠᠷ ᠪᠠᠶᠢᠨ᠎ᠠ︔      ᠰᠧᠴᠤᠸᠠᠨ ᠮᠤᠵᠢ ᠶᠢᠨ ᠭᠤᠸᠠᠩ ᠠᠨ ᠤ ᠯᠢᠨᠱᠦ᠋ᠢ ᠶᠢᠨ ᠬᠢᠵᠢᠭ ᠤᠨ ᠪᠠᠶᠢᠳᠠᠯ ᠰᠡᠭᠦᠯ ᠬᠤᠷᠢᠶᠠᠬᠤ ᠬᠤᠭᠤᠴᠠᠭᠠᠨ ᠳᠤ ᠣᠷᠣᠵᠤ᠂ ᠬᠠᠮᠢᠶᠠᠷᠤᠨ ᠡᠵᠡᠮᠳᠡᠵᠦ ᠬᠥᠮᠥᠰ ᠤᠨ ᠳᠤᠮᠳᠠ ᠡᠪᠡᠳᠴᠢᠨ ᠳᠤ ᠬᠠᠯᠳᠠᠪᠤᠷᠢᠯᠠᠭᠳᠠᠭᠰᠠᠨ ᠢ ᠣᠯᠠᠨ ᠡᠳᠦᠷ ᠳᠠᠷᠠᠭᠠᠯᠠᠨ ᠮᠡᠳᠡᠭᠦᠯᠦᠭᠰᠡᠨ ᠦᠭᠡᠢ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠡᠵᠡᠮᠳᠡᠵᠦ ᠪᠣᠯᠬᠤᠶᠢᠴᠠ ᠪᠠᠶᠢᠳᠠᠯ ᠢᠯᠡᠷᠡᠪᠡ︔      ᠾᠧᠨᠠᠨ ᠤ ᠬᠢᠵᠢᠭ ᠤᠨ ᠪᠠᠶᠢᠳᠠᠯ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠵᠧᠩᠵᠧᠦ ᠬᠤᠳᠠ ᠶᠢᠨ ᠪᠦᠬᠦ ᠣᠷᠣᠨ ᠪᠦᠰᠡ ᠳᠤ ᠨᠡᠶᠢᠭᠡᠮ ᠤᠨ ᠲᠠᠯ᠎ᠠ ᠳᠤ ᠡᠪᠡᠳᠴᠢᠲᠡᠨ ᠦᠭᠡᠢ ᠪᠠᠶᠢᠳᠠᠯ ᠳᠤ ᠣᠷᠣᠵᠤ᠂ ᠰᠢᠦ᠋ᠢᠴᠠᠩ ᠤᠨ ᠬᠡᠰᠡᠭ ᠭᠠᠵᠠᠷ ᠲᠤ ᠪᠠᠰᠠ ᠪᠠᠭ᠎ᠠ ᠬᠡᠪᠴᠢᠶᠡᠨ ᠤ ᠬᠢᠵᠢᠭ ᠤᠨ ᠪᠠᠶᠢᠳᠠᠯ ᠣᠷᠣᠰᠢᠵᠤ ᠪᠠᠶᠢᠨ᠎ᠠ᠃      ᠣᠳᠣᠬᠠᠨ ᠤ ᠪᠠᠴᠢᠮ ᠡᠭᠦᠷᠭᠡ ᠪᠣᠯ ᠳᠠᠷᠤᠢ ᠪᠦᠬᠦ ᠶᠠᠪᠤᠴᠠ ᠶᠢᠨ ᠲᠠᠷᠢᠯᠭ᠎ᠠ ᠲᠠᠷᠢᠵᠤ᠂ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠴᠢᠩᠭᠠᠳᠬᠠᠬᠤ ᠲᠠᠷᠢᠯᠭ᠎ᠠ ᠶᠢ ᠲᠠᠷᠢᠬᠤ ᠶᠠᠪᠤᠳᠠᠯ ᠪᠣᠯᠣᠨ᠎ᠠ      ᠣᠳᠣᠬᠠᠨ ᠳᠤ ᠣᠮᠢᠺᠷᠦᠨ ᠤ ᠸᠠᠺᠼᠢᠨ ᠤ ᠰᠤᠳᠤᠯᠭᠠᠨ ᠢ ᠥᠷᠨᠢᠭᠦᠯᠵᠦ ᠪᠠᠶᠢᠭ᠎ᠠ ᠨᠢ ᠢᠷᠡᠭᠡᠳᠦᠢ ᠳᠤ ᠰᠢᠨ᠎ᠡ ᠲᠢᠲᠢᠮᠯᠢᠭ ᠸᠢᠷᠦ᠋ᠰ ᠢ ᠠᠷᠭᠠᠴᠠᠭᠠᠬᠤ ᠶᠠᠪᠤᠴᠠ ᠳᠤ ᠢᠯᠡᠭᠦᠦ ᠨᠢᠭᠡ ᠵᠦᠢᠯ ᠤᠨ ᠠᠷᠭ᠎ᠠ ᠬᠡᠮᠵᠢᠶ᠎ᠡ ᠲᠠᠢ ᠪᠠᠶᠢᠬᠤ ᠶᠢ ᠬᠦᠰᠡᠵᠦ ᠪᠠᠶᠢᠭ᠎ᠠ ᠶᠠᠪᠤᠳᠠᠯ ᠪᠣᠯᠣᠨ᠎ᠠ᠃ ᠣᠮᠢᠺᠷᠦᠨ ᠣᠨᠳᠣᠣᠰᠢᠭᠰᠠᠨ ᠸᠢᠷᠦ᠋ᠰ ᠤᠨ  ᠸᠠᠺᠼᠢᠨ ᠨᠢ ᠬᠡᠳᠦᠶᠢᠪᠡᠷ ᠨᠢᠭᠡᠨᠲᠡ ᠡᠮᠴᠢᠯᠡᠭᠡᠨ ᠤ ᠲᠤᠷᠰᠢᠯᠲᠠ ᠳᠤ ᠣᠷᠣᠭᠰᠠᠨ ᠪᠣᠯᠪᠠᠴᠤ᠂ ᠲᠡᠭᠦᠨ ᠤ ᠰᠤᠳᠤᠯᠭᠠᠨ ᠤ ᠦᠷ᠎ᠡ ᠳ᠋ᠦᠩ ᠢ ᠲᠣᠭᠲᠠᠭᠠᠬᠤ ᠳᠤ ᠪᠠᠰᠠ ᠵᠣᠬᠢᠬᠤ ᠴᠠᠭ ᠬᠡᠷᠡᠭᠰᠡᠨ᠎ᠡ᠃ ᠡᠭᠦᠨ ᠠᠴᠠ ᠭᠠᠳᠠᠨ᠎ᠠ᠂ ᠣᠳᠣᠬᠠᠨ ᠳᠤ ᠸᠢᠷᠦ᠋ᠰ ᠤᠨ ᠣᠨᠳᠣᠣᠰᠢᠯ ᠪᠠ ᠬᠤᠪᠢᠰᠤᠯᠲᠠ ᠶᠢᠨ ᠲᠣᠭᠲᠠᠭᠠᠯᠲᠤ ᠪᠤᠰᠤ ᠴᠢᠨᠠᠷ ᠨᠢ ᠨᠡᠮᠡᠭᠳᠡᠵᠦ᠂ ᠣᠳᠣᠬᠠᠨ ᠳᠤ ᠤᠮᠢᠺᠷᠤᠨ ᠤ ᠬᠢᠵᠢᠭ ᠤᠨ ᠪᠠᠶᠢᠳᠠᠯ ᠪᠥᠬᠦ ᠳᠡᠯᠡᠬᠡᠢ ᠳᠤ᠂ ᠢᠯᠠᠩᠭᠤᠶ᠎ᠠ ᠵᠠᠷᠢᠮ ᠤᠯᠤᠰ ᠲᠤ ᠪᠠᠰᠠ ᠨᠡᠯᠢᠶᠡᠳ ᠬᠦᠨᠳᠦ ᠨᠣᠴᠢᠲᠠᠢ ᠳᠡᠯᠭᠡᠷᠡᠵᠦ ᠪᠠᠶᠢᠨ᠎ᠠ᠃ ᠣᠳᠣᠬᠠᠨ ᠤ ᠪᠠᠴᠢᠮ ᠡᠭᠦᠷᠭᠡ ᠪᠣᠯ ᠳᠠᠷᠤᠢ ᠪᠥᠬᠦ ᠶᠠᠪᠤᠴᠠ ᠶᠢᠨ ᠲᠠᠷᠢᠯᠭ᠎ᠠ ᠳᠠᠷᠢᠵᠤ᠂ ᠨᠥᠬᠦᠴᠡᠯ ᠳᠤ ᠲᠣᠬᠢᠷᠠᠭᠰᠠᠳ ᠲᠤ ᠳᠠᠷᠤᠢ ᠲᠦᠷᠭᠡᠨ ᠴᠢᠩᠭᠠᠳᠬᠠᠬᠤ ᠲᠠᠷᠢᠯᠭ᠎ᠠ ᠶᠢ ᠲᠠᠷᠢᠬᠤ ᠶᠠᠪᠤᠳᠠᠯ ᠪᠣᠯᠣᠨ᠎ᠠ᠃      ᠣᠮᠢᠺᠷᠦᠨ ᠣᠨᠳᠣᠣᠰᠢᠭᠰᠠᠨ ᠸᠢᠷᠦ᠋ᠰ ᠨᠢ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠤᠨ ᠳᠤᠮᠳᠠ ᠥᠳᠥᠭᠡᠬᠦ ᠰᠠᠭᠠᠷᠮᠠᠭᠵᠢᠭᠰᠠᠨ ᠡᠰᠡᠷᠭᠦᠴᠡᠭᠴᠢ ᠶᠢᠨ ᠬᠢᠷᠢ ᠲᠦᠪᠰᠢᠨ ᠨᠢ ᠸᠠᠺᠼᠢᠨ ᠤ ᠲᠠᠷᠢᠯᠭ᠎ᠠ ᠬᠢᠭᠰᠡᠳ ᠠᠴᠠ ᠳᠣᠣᠷ᠎ᠠ ᠪᠠᠶᠢᠳᠠᠭ      ᠣᠶᠢᠷ᠎ᠠ ᠳᠤ ᠳᠡᠯᠭᠡᠷᠡᠵᠦ ᠪᠠᠶᠢᠭ᠎ᠠ ᠣᠮᠢᠺᠷᠦᠨ ᠣᠨᠳᠣᠣᠰᠢᠭᠰᠠᠨ ᠸᠢᠷᠦ᠋ᠰ ᠢ ᠪᠢᠳᠡ ᠦᠨᠡᠨ ᠳᠤ ᠪᠠᠨ ᠲᠠᠰᠤᠷᠠᠯᠲᠠ ᠦᠭᠡᠢ ᠲᠠᠨᠢᠵᠤ ᠪᠠᠶᠢᠭ᠎ᠠ ᠶᠠᠪᠤᠴᠠ ᠳᠤ ᠪᠠᠨ ᠪᠠᠶᠢᠨ᠎ᠠ᠃ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ᠂ ᠣᠨᠣᠯ ᠤᠨ ᠲᠠᠯ᠎ᠠ ᠠᠴᠠ ᠲᠥᠷᠥᠯᠬᠢ ᠡᠭᠡᠯᠢᠯᠡᠭᠡ ᠡᠭᠦᠰᠦᠨ᠎ᠡ᠂ ᠭᠡᠪᠡᠴᠦ ᠡᠨᠡ ᠨᠢ ᠣᠳᠣᠬᠠᠨ ᠳᠤ ᠪᠢᠳᠡᠨ ᠤ ᠬᠢᠪᠡᠰᠦ ᠵᠣᠬᠢᠬᠤ ᠰᠣᠩᠭᠤᠯᠲᠠ ᠪᠢᠰᠢ᠃ ᠨᠢᠭᠡ ᠲᠠᠯ᠎ᠠ ᠪᠠᠷ᠂ ᠣᠮᠢᠺᠷᠦᠨ ᠣᠨᠳᠣᠣᠰᠢᠭᠰᠠᠨ ᠸᠢᠷᠦ᠋ᠰ ᠨᠢ ᠪᠠᠰᠠ ᠬᠦᠨᠳᠦ ᠡᠪᠡᠳᠴᠢᠨ ᠳᠤ ᠨᠡᠷᠪᠡᠭᠳᠡᠭᠦᠯᠬᠦ ᠪᠤᠶᠤ ᠦᠬᠦᠬᠦ ᠳᠤ ᠬᠦᠷᠦᠭᠦᠯᠦᠨ᠎ᠡ᠂ ᠢᠯᠠᠩᠭᠤᠶ᠎ᠠ ᠤᠳᠠᠭᠠᠨ ᠴᠢᠨᠠᠷᠲᠠᠢ ᠡᠪᠡᠳᠴᠢᠲᠡᠨ ᠪᠠ ᠨᠠᠰᠤᠲᠠᠶᠢᠴᠤᠳ ᠤᠨ ᠳᠤᠮᠳᠠ ᠡᠶᠢᠮᠦ ᠪᠠᠶᠢᠳᠠᠯ ᠭᠠᠷᠴᠤ ᠮᠡᠳᠡᠨ᠎ᠡ᠃ ᠬᠡᠷᠪᠡ ᠸᠠᠺᠼᠢᠨ ᠤ ᠲᠠᠷᠢᠯᠭ᠎ᠠ ᠬᠢᠬᠦ ᠦᠭᠡᠢ ᠪᠠᠷ ᠵᠥᠪᠬᠡᠨ ᠠᠶᠠᠨᠳᠠᠭᠠᠨ ᠤ ᠬᠠᠯᠳᠠᠪᠤᠷᠢᠯᠠᠯ ᠳᠤ ᠲᠦᠰᠢᠭᠯᠡᠨ ᠡᠭᠡᠯᠢᠯᠡᠭᠡ ᠣᠯᠬᠤ ᠨᠢ ᠠᠶᠤᠯᠲᠠᠢ ᠰᠣᠩᠭᠤᠯᠲᠠ ᠪᠠᠶᠢᠵᠤ ᠮᠡᠳᠡᠨ᠎ᠡ᠃ ᠬᠤᠶᠠᠷ ᠲᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠡᠷᠡᠭᠯᠡᠭᠰᠡᠨ ᠠᠴᠠ ᠨᠠᠭᠠᠰᠢ᠂ ᠬᠦᠨᠳᠦ ᠡᠪᠡᠳᠴᠢᠨ ᠢ ᠰᠡᠷᠭᠡᠶᠢᠯᠡᠬᠦ ᠪᠠ ᠦᠬᠦᠬᠦ ᠶᠢ ᠰᠡᠷᠭᠡᠶᠢᠯᠡᠬᠦ ᠦᠷ᠎ᠡ ᠳ᠋ᠦᠩ ᠨᠢ ᠮᠠᠰᠢ ᠢᠯᠡᠷᠬᠡᠢ ᠪᠠᠶᠢᠳᠠᠭ᠃ ᠡᠭᠦᠨ ᠠᠴᠠ ᠭᠠᠳᠠᠨ᠎ᠠ᠂ ᠣᠮᠢᠺᠷᠦᠨ ᠣᠨᠳᠣᠣᠰᠢᠭᠰᠠᠨ ᠸᠢᠷᠦ᠋ᠰ ᠲᠤ ᠨᠢᠭᠡᠨ ᠮᠠᠰᠢ ᠶᠡᠭᠡ ᠬᠤᠪᠢᠰᠤᠯ ᠡᠭᠦᠰᠴᠡᠢ᠂ ᠡᠶᠢᠮᠦᠷᠬᠦᠦ ᠪᠠᠶᠢᠳᠠᠯ ᠳᠣᠣᠷ᠎ᠠ᠂ ᠠᠶᠠᠨᠳᠠᠭᠠᠨ ᠤ ᠬᠠᠯᠳᠠᠪᠤᠷᠢᠯᠠᠯ ᠠᠴᠠ ᠡᠭᠦᠰᠬᠦ ᠡᠭᠡᠯᠢᠯᠡᠭᠡ ᠶᠢᠨ ᠴᠢᠳᠠᠪᠤᠷᠢ ᠨᠢ ᠪᠠᠰᠠ ᠮᠠᠰᠢ ᠶᠡᠭᠡ ᠲᠣᠭᠲᠠᠪᠤᠷᠢ ᠦᠭᠡᠢ ᠴᠢᠨᠠᠷ ᠲᠠᠢ ᠪᠠᠶᠢᠳᠠᠭ᠃      ᠣᠶᠢᠷ᠎ᠠ ᠳᠤ ᠬᠤᠶᠠᠷ ᠵᠦᠢᠯ ᠤᠨ ᠰᠤᠳᠤᠯᠭᠠᠨ ᠨᠢ ᠴᠥᠮ ᠳᠡᠯᠡᠬᠡᠢ ᠶᠢᠨ ᠬᠠᠮᠤᠭ ᠤᠨ ᠳᠡᠭᠡᠳᠦ ᠳᠡᠰ ᠤᠨ ᠠᠨᠠᠭᠠᠬᠤ ᠤᠬᠠᠭᠠᠨ ᠤ ᠰᠡᠳᠬᠦᠯ ᠳᠡᠭᠡᠷ᠎ᠡ ᠨᠡᠶᠢᠲᠡᠯᠡᠭᠳᠡᠵᠡᠢ᠃ ᠨᠢᠭᠡ ᠨᠢ ︽ᠪᠠᠶᠢᠭᠠᠯᠢ︾ ᠠᠨᠠᠭᠠᠬᠤ ᠤᠬᠠᠭᠠᠨ ᠤ ᠰᠡᠳᠬᠦᠯ ᠳᠤ ᠨᠡᠶᠢᠲᠡᠯᠡᠭᠳᠡᠵᠦ᠂ ᠪᠠᠰᠠ ᠨᠢᠭᠡ ᠨᠢ ︽ᠰᠢᠨ᠎ᠡ ᠢᠩᠭ᠍ᠯᠠᠨᠳ᠋ ᠤᠨ ᠠᠨᠠᠭᠠᠬᠤ ᠤᠬᠠᠭᠠᠨ︾ ᠰᠡᠳᠬᠦᠯ ᠳᠡᠭᠡᠷ᠎ᠡ ᠨᠡᠶᠢᠲᠡᠯᠡᠭᠳᠡᠵᠡᠢ᠃ ᠡᠨᠡ ᠬᠤᠶᠠᠷ ᠰᠤᠳᠤᠯᠭᠠᠨ ᠤ ᠳ᠋ᠦᠩ ᠨᠢ᠄ ᠤᠮᠢᠺᠷᠤᠨ ᠣᠨᠳᠣᠣᠰᠢᠭᠰᠠᠨ ᠸᠢᠷᠦ᠋ᠰ ᠨᠢ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠤᠨ ᠳᠤᠮᠳᠠ ᠥᠳᠥᠭᠡᠬᠦ ᠰᠠᠭᠠᠷᠮᠠᠭᠵᠢᠭᠰᠠᠨ ᠡᠰᠡᠷᠭᠦᠴᠡᠭᠴᠢ ᠶᠢᠨ ᠬᠢᠷᠢ ᠬᠡᠮᠵᠢᠶ᠎ᠡ ᠨᠢ ᠸᠠᠺᠼᠢᠨ ᠤ ᠲᠠᠷᠢᠯᠭ᠎ᠠ ᠬᠢᠭᠰᠡᠳ ᠠᠴᠠ ᠳᠣᠣᠷ᠎ᠠ ᠪᠠᠶᠢᠵᠤ᠂ ᠥᠳᠥᠭᠡᠬᠦ ᠡᠰᠡᠷᠭᠦᠴᠡᠭᠴᠢ ᠶᠢᠨ ᠥᠷᠭᠡᠴᠡ ᠨᠢ ᠬᠦᠷᠦᠯᠴᠡᠬᠦ ᠦᠭᠡᠢ᠂ ᠪᠤᠰᠤᠳ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠳᠤ ᠦᠵᠡᠭᠦᠯᠬᠦ ᠬᠠᠮᠠᠭᠠᠯᠠᠬᠤ ᠦᠢᠯᠡᠳᠦᠯ ᠨᠢ ᠬᠢᠵᠠᠭᠠᠷ ᠲᠠᠢ ᠪᠠᠶᠢᠳᠠᠭ᠃      ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠢᠯᠡᠷᠡᠭᠰᠡᠨ ᠡᠪᠡᠳᠴᠢᠨ ᠤ ᠪᠠᠶᠢᠳᠠᠯ ᠪᠠ ᠡᠪᠡᠳᠴᠢᠨ ᠨᠢ ᠸᠠᠺᠼᠢᠨ ᠲᠠᠢ ᠬᠠᠷᠢᠴᠠᠭ᠎ᠠ ᠲᠠᠢ ᠡᠰᠡᠬᠦ ᠶᠢ ᠮᠠᠭᠠᠳᠯᠠᠬᠤ ᠳᠤ ᠬᠤᠶᠠᠷ ᠤᠴᠢᠷ ᠢ ᠰᠠᠶᠢᠲᠤᠷ ᠬᠢᠬᠦ ᠬᠡᠷᠡᠭᠲᠡᠢ      ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠵᠠᠷᠢᠮ ᠡᠪᠡᠳᠴᠢᠨ ᠤ ᠢᠯᠡᠷᠡᠯ ᠪᠠ ᠡᠪᠡᠳᠴᠢᠨ ᠡᠮᠭᠡᠭ ᠢᠯᠡᠷᠡᠬᠦ ᠨᠢ ᠸᠠᠺᠼᠢᠨ ᠲᠠᠢ ᠬᠤᠯᠪᠣᠭ᠎ᠠ ᠲᠠᠢ ᠡᠰᠡᠬᠦ ᠶᠢ ᠮᠠᠭᠠᠳᠯᠠᠨ ᠲᠣᠭᠲᠠᠭᠠᠬᠤ ᠳᠤ ᠪᠠᠨ ᠬᠤᠶᠠᠷ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠴᠤᠪᠤᠷᠠᠯ ᠨᠢ  ᠵᠢᠷᠤᠮᠵᠢᠭᠤᠨ ᠪᠠᠶᠢᠬᠤ ᠬᠡᠷᠡᠭᠲᠡᠢ᠃ ᠬᠤᠶᠠᠷ ᠲᠤ᠂ ᠮᠠᠭᠠᠳᠯᠠᠨ ᠲᠣᠭᠲᠠᠭᠠᠬᠤ ᠳᠤ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠃ ᠶᠠᠪᠤᠴᠠ ᠶᠢᠨ ᠲᠠᠯ᠎ᠠ ᠠᠴᠠ ᠠᠪᠴᠤ ᠬᠡᠯᠡᠪᠡᠯ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠸᠠᠺᠼᠢᠨ ᠲᠠᠢ ᠬᠠᠮᠢᠶ᠎ᠠ ᠲᠠᠢ ᠡᠪᠡᠳᠴᠢᠨ ᠤ ᠢᠯᠡᠷᠡᠯ ᠪᠠ ᠡᠪᠡᠳᠴᠢᠨ ᠣᠯᠣᠭᠰᠠᠨ ᠭᠡᠵᠦ ᠰᠡᠵᠢᠭᠯᠡᠵᠦ ᠪᠠᠶᠢᠪᠠᠯ᠂ ᠲᠠᠷᠢᠯᠭ᠎ᠠ ᠲᠠᠷᠢᠭᠰᠠᠨ ᠨᠢᠭᠡᠴᠢ ᠳᠤ ᠪᠠᠨ ᠮᠡᠳᠡᠭᠦᠯᠬᠦ ᠬᠡᠷᠡᠭᠲᠡᠢ᠃ ᠲᠠᠷᠢᠯᠭ᠎ᠠ ᠲᠠᠷᠢᠭᠰᠠᠨ ᠨᠢᠭᠡᠴᠢ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠪᠠᠶᠢᠴᠠᠭᠠᠯᠲᠠ ᠬᠢᠬᠦ ᠬᠡᠷᠡᠭᠲᠡᠢ᠂ ᠡᠨᠡ ᠬᠦ ᠪᠠᠶᠢᠴᠠᠭᠠᠯᠲᠠ ᠨᠢ ᠣᠯᠠᠨ ᠬᠦᠷᠢᠶ᠎ᠡ ᠬᠡᠪᠴᠢᠶᠡᠨ ᠤ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠬᠠᠮᠢᠶ᠎ᠠ ᠪᠦᠬᠦᠢ ᠪᠠᠶᠢᠴᠠᠭᠠᠯᠲᠠ ᠬᠢᠯᠭᠡᠬᠦ ᠪᠥᠭᠡᠳ ᠪᠠᠶᠢᠴᠠᠭᠠᠯᠲᠠ ᠬᠢᠬᠦ ᠶᠠᠪᠤᠴᠠ ᠳᠤ ᠬᠠᠷᠠᠭᠠᠯᠵᠠᠭᠰᠠᠨ ᠮᠠᠲ᠋ᠧᠷᠢᠶᠠᠯ ᠢ ᠪᠦᠷᠢᠨ ᠭᠦᠢᠴᠡᠳ ᠴᠤᠭᠯᠠᠭᠤᠯᠬᠤ ᠬᠡᠷᠡᠭᠲᠡᠢ᠃ ᠡᠭᠦᠨ ᠳᠤ ᠸᠠᠺᠼᠢᠨ ᠤ ᠲᠠᠷᠢᠯᠭ᠎ᠠ ᠶᠢᠨ ᠮᠠᠲ᠋ᠧᠷᠢᠶᠠᠯ ᠢ ᠪᠠᠭᠲᠠᠭᠠᠬᠤ ᠪᠥᠭᠡᠳ ᠥᠩᠭᠡᠷᠡᠭᠰᠡᠨ ᠤ ᠡᠪᠡᠳᠴᠢᠯᠡᠭᠰᠡᠨ ᠲᠡᠦᠬᠡ᠂ ᠵᠠᠷᠢᠮ ᠡᠮᠴᠢᠯᠡᠭᠡᠨ ᠤ ᠢᠯᠡᠷᠡᠯ ᠪᠠ ᠬᠠᠷᠠᠭᠠᠯᠵᠠᠭᠰᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠭᠲᠠᠭᠠᠨ᠎ᠠ᠃ ᠴᠣᠬᠤᠮ ᠶᠠᠮᠠᠷ ᠡᠪᠡᠳᠴᠢᠨ ᠪᠣᠯᠬᠤ ᠶᠢ ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠵᠤ᠂ ᠪᠦᠷᠢᠨ ᠭᠦᠢᠴᠡᠳ ᠪᠠᠶᠢᠴᠠᠭᠠᠬᠤ ᠬᠡᠷᠡᠭᠲᠡᠢ᠃      ᠬᠡᠷᠪᠡ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠪᠡᠶ᠎ᠡ ᠨᠢ ᠡᠪ ᠦᠭᠡᠢ ᠪᠣᠯᠵᠤ᠂ ᠢᠯᠠᠩᠭᠤᠶ᠎ᠠ ᠦᠷᠭᠦᠯᠵᠢᠯᠡᠬᠦ ᠴᠠᠭ ᠨᠢ ᠨᠡᠯᠢᠶᠡᠳ ᠤᠷᠲᠤ᠂ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ ᠦᠶ᠎ᠡ ᠳᠤ ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃ ᠬᠡᠷᠪᠡ ᠸᠠᠺᠼᠢᠨ ᠲᠠᠢ ᠬᠤᠯᠪᠣᠭ᠎ᠠ ᠲᠠᠢ ᠭᠡᠵᠦ ᠰᠡᠵᠢᠭᠯᠡᠵᠦ ᠪᠠᠶᠢᠪᠠᠯ᠂ ᠬᠠᠮᠢᠶ᠎ᠠ ᠪᠦᠬᠦᠢ ᠠᠵᠢᠯᠲᠠᠨ ᠣᠴᠢᠵᠤ ᠪᠠᠶᠢᠴᠠᠭᠠᠯᠲᠠ ᠬᠢᠬᠦ ᠪᠥᠭᠡᠳ ᠪᠠᠶᠢᠴᠠᠭᠠᠯᠲᠠ ᠬᠢᠭᠰᠡᠨ ᠤ ᠳᠠᠷᠠᠭ᠎ᠠ᠂ ᠣᠯᠠᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠮᠠᠭᠠᠳᠯᠠᠯᠲᠠ ᠬᠢᠬᠦ ᠪᠣᠯᠣᠨ᠎ᠠ᠃ ᠸᠠᠺᠼᠢᠨ ᠤ ᠬᠡᠪ ᠤᠨ ᠪᠤᠰᠤ ᠲᠤᠰᠬᠠᠯ ᠵᠢᠴᠢ ᠲᠡᠭᠦᠨ ᠤ ᠣᠨᠣᠰᠢᠯᠠᠯᠲᠠ ᠶᠢᠨ ᠠᠵᠢᠯ ᠨᠢ ᠮᠥᠨ ᠬᠦ ᠲᠠᠨᠢᠯᠲᠠ ᠶᠢᠨ ᠶᠠᠪᠤᠴᠠ ᠳᠤ ᠪᠠᠨ ᠪᠠᠶᠢᠵᠤ᠂ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠭᠡᠪᠡᠴᠦ ᠮᠠᠭᠠᠳᠯᠠᠯᠲᠠ ᠬᠢᠬᠦ ᠳᠤ ᠣᠯᠠᠨ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠮᠠᠭᠠᠳᠯᠠᠯᠲᠠ ᠬᠢᠬᠦ ᠬᠡᠷᠡᠭᠲᠡᠢ᠃      ᠡᠷᠦᠬᠡ ᠳᠤ ᠣᠷᠣᠵᠤ ᠠᠷᠢᠭᠤᠳᠬᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ ᠠᠷᠢᠭᠤᠳᠬᠠᠬᠤ ᠮᠡᠷᠭᠡᠵᠢᠯ ᠤᠨ ᠳᠦᠷᠢᠮᠵᠢᠯ ᠪᠠ ᠶᠠᠪᠤᠴᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ᠂ ᠡᠯ᠎ᠡ ᠭᠠᠵᠠᠷ ᠤᠨ ᠬᠢᠨ ᠲᠤᠰᠬᠠᠢ ᠮᠡᠷᠭᠡᠵᠢᠯ ᠤᠨ ᠠᠷᠢᠭᠤᠳᠬᠠᠬᠤ ᠡᠩᠨᠡᠭᠡ ᠶᠢ ᠵᠣᠬᠢᠶᠠᠨ ᠪᠠᠶᠢᠭᠤᠯᠵᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ᠵᠢᠴᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠰᠠᠭᠤᠵᠤ ᠥᠩᠭᠡᠷᠡᠭᠰᠡᠨ ᠪᠤᠶᠤ ᠠᠵᠢᠯᠯᠠᠵᠤ ᠥᠩᠭᠡᠷᠡᠭᠰᠡᠨ ᠲᠠᠯᠠᠪᠤᠷ ᠭᠠᠵᠠᠷ ᠵᠢᠴᠢ ᠪᠣᠬᠢᠷᠲᠤᠵᠤ ᠮᠡᠳᠡᠬᠦ ᠣᠷᠴᠢᠨ ᠠᠬᠤᠢ ᠶᠢᠨ ᠲᠠᠯᠠᠪᠤᠷ ᠲᠤ ᠡᠴᠦᠰ ᠤᠨ ᠠᠷᠢᠭᠤᠳᠬᠠᠯ ᠬᠢᠵᠦ ᠂ ᠣᠷᠴᠢᠨ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠭᠡᠪᠡᠴᠦ ᠠᠷᠢᠭᠤᠳᠬᠠᠬᠤ ᠲᠥᠰᠥᠯ ᠢ ᠬᠡᠷᠡᠭᠵᠢᠭᠦᠯᠬᠦ ᠶᠠᠪᠤᠴᠠ ᠳᠤ᠂ ᠣᠨᠴᠠ ᠵᠠᠷᠢᠮ ᠭᠠᠵᠠᠷ ᠣᠷᠣᠨ ᠳᠤ ᠣᠶᠢᠯᠠᠭᠠᠯᠴᠠᠭᠰᠠᠨ ᠨᠢ ᠭᠦᠢᠴᠡᠳ ᠪᠤᠰᠤ᠂ ᠬᠢᠭᠰᠡᠨ ᠨᠢ ᠳᠦᠷᠢᠮᠵᠢᠯ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠲᠤᠬᠠᠢ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠮᠡᠷᠭᠡᠵᠢᠯ ᠤᠨ ᠠᠵᠢᠯᠯᠠᠭᠠᠨ ᠤ ᠶᠠᠪᠤᠴᠠ᠂ ᠠᠷᠢᠭᠤᠳᠬᠠᠬᠤ ᠠᠷᠭ᠎ᠠ ᠶᠢᠨ ᠪᠣᠯᠪᠠᠰᠤᠷᠠᠯ᠂ ᠤᠬᠠᠭᠤᠯᠤᠨ ᠲᠤᠭᠤᠰᠢᠯᠠᠭᠤᠯᠬᠤ ᠵᠢᠴᠢ ᠠᠷᠢᠭᠤᠳᠬᠠᠬᠤ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠡᠷᠦᠬᠡ ᠳᠤ ᠣᠷᠣᠵᠤ ᠠᠷᠢᠭᠤᠳᠬᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ᠂ ᠠᠷᠢᠭᠤᠳᠬᠠᠬᠤ ᠮᠡᠷᠭᠡᠵᠢᠯ ᠤᠨ ᠵᠢᠷᠤᠮᠵᠢᠯ ᠪᠠ ᠶᠠᠪᠤᠴᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠶᠢᠨ ᠬᠠᠮᠲᠤ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠣᠶᠢᠯᠠᠭᠠᠯᠴᠠᠭ᠎ᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠠᠷᠢᠭᠤᠳᠬᠠᠬᠤ ᠠᠵᠢᠯ ᠢ ᠣᠶᠢᠯᠠᠭᠠᠨ ᠳᠡᠮᠵᠢᠵᠦ᠂ ᠵᠢᠷᠤᠮᠵᠢᠭᠤᠯᠤᠨ ᠠᠷᠢᠭᠤᠳᠬᠠᠬᠤ ᠶᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃      ᠭᠡᠷ  ᠤᠨ ᠭᠠᠳᠠᠨᠠᠬᠢ ᠠᠭᠠᠷ  ᠢ ᠠᠷᠢᠭᠤᠳᠬᠠᠬᠤ ᠴᠢᠬᠤᠯᠠ ᠦᠭᠡᠢ      ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠤᠳᠠᠯᠳᠤᠭ᠎ᠠ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ᠂ ᠵᠠᠮ ᠬᠠᠷᠢᠯᠴᠠᠭᠠᠨ ᠤ ᠪᠠᠭᠠᠵᠢ᠂ ᠠᠯᠪᠠᠨ ᠠᠰᠠᠷ᠂ ᠪᠠᠷᠢᠯᠭ᠎ᠠ ᠶᠢᠨ ᠭᠠᠵᠠᠷ ᠵᠡᠷᠭᠡ ᠭᠠᠵᠠᠷ ᠲᠤ ᠦᠨᠡᠨ ᠬᠦ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠯ ᠬᠢᠬᠦ ᠴᠢᠬᠤᠯᠠᠲᠠᠢ᠃ ᠡᠳᠡᠭᠡᠷ ᠭᠠᠵᠠᠷ ᠢ ᠠᠷᠢᠭᠤᠳᠬᠠᠬᠤ ᠳᠤ ᠭᠤᠣᠯᠳᠠᠭᠤ ᠥᠨᠳᠥᠷ ᠳᠠᠪᠲᠠᠮᠵᠢ ᠲᠠᠢ ᠬᠦᠷᠦᠯᠴᠡᠬᠦ ᠪᠣᠳᠠᠰ ᠤᠨ ᠭᠠᠳᠠᠷᠭᠤ ᠳᠤ ᠬᠠᠨᠳᠤᠭᠤᠯᠤᠨ᠎ᠠ᠂ ᠵᠢᠱᠢᠶᠡᠯᠡᠪᠡᠯ ᠡᠭᠦᠳᠡᠨ ᠤ ᠪᠠᠷᠢᠭᠤᠯ᠂ ᠴᠠᠬᠢᠯᠭᠠᠨ ᠱᠠᠲᠤ ᠶᠢᠨ ᠳᠠᠷᠤᠭᠤᠯ᠂ ᠯᠠᠩᠭᠦᠢ ᠵᠡᠷᠭᠡ ᠭᠠᠵᠠᠷ ᠲᠤ ᠬᠠᠨᠳᠤᠭᠤᠯᠤᠨ᠎ᠠ᠃ ᠭᠡᠷ ᠤᠨ ᠭᠠᠳᠠᠨᠠᠬᠢ ᠦᠵᠡᠮᠵᠢ ᠶᠢᠨ ᠣᠷᠣᠨ ᠳᠤ ᠭᠤᠣᠯᠳᠠᠯᠭ᠎ᠠ ᠲᠠᠢ ᠠᠷᠢᠭᠤᠳᠬᠠᠯ ᠬᠢᠬᠦ ᠳᠤ ᠪᠠᠨ ᠵᠥᠪᠬᠡᠨ ᠨᠡᠶᠢᠲᠡ ᠶᠢᠨ ᠵᠣᠷᠯᠣᠩ᠂ ᠪᠠᠷᠠᠭ᠎ᠠ ᠬᠤᠳᠠᠯᠳᠤᠬᠤ ᠮᠤᠬᠤᠯᠠᠭ ᠵᠡᠷᠭᠡ ᠬᠥᠮᠥᠰ ᠤᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠣᠷᠴᠢᠨ ᠲᠣᠭᠤᠷᠢᠨ ᠪᠠ ᠪᠤᠳᠠᠰ ᠤᠨ ᠭᠠᠳᠠᠷᠭᠤ ᠶᠢᠨ ᠠᠷᠢᠭᠤᠳᠬᠠᠯ ᠬᠢᠬᠦ ᠪᠠᠷ ᠭᠤᠣᠯ ᠪᠣᠯᠭᠠᠪᠠᠯ ᠵᠣᠬᠢᠨ᠎ᠠ᠃ ᠬᠡᠯᠡᠯᠭᠡᠨ ᠦᠭᠡᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠠᠶᠢᠪᠠᠯ ᠡᠨᠡ ᠨᠢ ᠮᠥᠨ ᠴᠦ ᠮᠠᠨ ᠤ ᠠᠷᠢᠭᠤᠳᠬᠠᠬᠤ ᠭᠤᠣᠯᠳᠠᠯᠭ᠎ᠠ ᠪᠣᠯᠣᠨ᠎ᠠ᠃ ᠲᠣᠳᠣᠷᠬᠠᠢ ᠪᠣᠬᠢᠷᠲᠤᠭᠳᠠᠭᠰᠠᠨ ᠦᠭᠡᠢ ᠪᠠᠶᠢᠳᠠᠯ ᠳᠣᠣᠷ᠎ᠠ᠂ ᠭᠡᠷ ᠤᠨ ᠭᠠᠳᠠᠨᠠᠬᠢ ᠲᠠᠯᠠᠪᠤᠷ ᠭᠠᠵᠠᠷ᠂ ᠵᠠᠮ ᠴᠢᠨᠠᠭᠰᠢᠯᠠᠪᠠᠯ ᠨᠣᠭᠤᠭᠠᠷᠠᠭᠤᠯᠤᠯᠲᠠ ᠶᠢᠨ ᠪᠦᠰᠡ ᠶᠢ ᠶᠡᠭᠡ ᠬᠡᠪᠴᠢᠶ᠎ᠡ ᠪᠠᠷ ᠰᠦᠷᠴᠢᠨ ᠠᠷᠢᠭᠤᠳᠬᠠᠬᠤ ᠴᠢᠬᠤᠯᠠ ᠦᠭᠡᠢ᠂ ᠭᠡᠷ ᠤᠨ ᠭᠠᠳᠠᠨᠠᠬᠢ ᠠᠭᠠᠷ ᠢ ᠴᠤ ᠠᠷᠢᠭᠤᠳᠬᠠᠬᠤ ᠴᠢᠬᠤᠯᠠ ᠦᠭᠡᠢ ᠶᠤᠮ᠃      ᠲᠦᠷᠭᠡᠨ ᠢᠯᠡᠭᠡᠯᠲᠡ ᠶᠢ ᠬᠤᠷᠢᠶᠠᠨ ᠠᠪᠬᠤ ᠳᠤ ᠪᠠᠨ ᠬᠡᠷᠬᠢᠨ ᠠᠷᠭᠠᠴᠠᠭᠠᠨ ᠰᠢᠢᠳᠪᠦᠷᠢᠯᠡᠪᠡᠯ ᠵᠣᠬᠢᠬᠤ ᠪᠤᠢ︖      ᠡᠩ ᠲᠡᠷᠢᠭᠦᠨ ᠳᠤ᠂ ᠲᠦᠷᠭᠡᠨ ᠢᠯᠡᠭᠡᠯᠲᠡ ᠶᠢᠨ ᠪᠣᠬᠢᠷᠲᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠂ ᠡᠶᠢᠮᠦ ᠠᠴᠠ ᠠᠯᠢ ᠴᠢᠳᠠᠬᠤ ᠪᠠᠷ ᠳᠣᠣᠷ᠎ᠠ ᠲᠦᠭᠰᠢᠭᠦᠷᠢᠲᠦ ᠭᠠᠵᠠᠷ ᠣᠷᠣᠨ ᠠᠴᠠ ᠬᠤᠯᠪᠣᠭᠳᠠᠯ ᠪᠦᠬᠦᠢ ᠡᠳ᠋ ᠪᠣᠳᠠᠰ ᠢ ᠬᠤᠳᠠᠯᠳᠤᠨ ᠠᠪᠬᠤ ᠬᠡᠷᠡᠭᠲᠡᠢ᠃ ᠤᠴᠢᠷ ᠨᠢ ᠣᠳᠣᠬᠠᠨ ᠳᠤ ᠲᠦᠷᠭᠡᠨ ᠢᠯᠡᠭᠡᠯᠲᠡ ᠶᠢᠨ ᠪᠣᠭᠤᠳᠠᠯ ᠤᠨ ᠳᠣᠲᠣᠷ ᠲᠠᠯ᠎ᠠ ᠶᠢ ᠠᠷᠢᠭᠤᠳᠬᠠᠨ ᠰᠢᠢᠳᠪᠦᠷᠢᠯᠡᠬᠦ ᠳᠤ ᠮᠡᠷᠭᠡᠵᠢᠯ ᠤᠨ ᠲᠠᠯ᠎ᠠ ᠪᠠᠷ ᠪᠠᠰᠠ ᠵᠣᠬᠢᠬᠤ ᠬᠦᠴᠢᠷᠳᠡᠯ ᠲᠠᠢ ᠪᠠᠶᠢᠨ᠎ᠠ᠃      ᠬᠤᠶᠠᠳᠤᠭᠠᠷ ᠲᠤ᠂ ᠲᠦᠷᠭᠡᠨ ᠢᠯᠡᠭᠡᠯᠲᠡ ᠶᠢ ᠭᠥᠯᠢᠶᠡᠨ ᠠᠪᠬᠤ ᠳᠤ ᠪᠠᠨ ᠬᠠᠮᠤᠭ ᠤᠨ ᠰᠠᠶᠢᠨ ᠨᠢ ᠬᠦᠷᠦᠯᠴᠡᠬᠦ ᠦᠭᠡᠢ ᠠᠷᠭ᠎ᠠ ᠮᠠᠶ᠋ᠢᠭ ᠢ ᠰᠣᠩᠭᠤᠵᠤ᠂ ᠬᠥᠮᠥᠨ ᠬᠥᠮᠥᠨ ᠤ ᠬᠤᠭᠤᠷᠣᠨᠳᠤ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ᠂ ᠵᠣᠬᠢᠰᠲᠠᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠠᠪᠴᠢ ᠪᠠ ᠪᠡᠭᠡᠯᠡᠢ ᠪᠠᠨ ᠰᠠᠶᠢᠲᠤᠷ ᠵᠡᠭᠦᠵᠦ᠂ ᠬᠥᠮᠥᠰ ᠤᠨ ᠬᠤᠭᠤᠷᠣᠨᠳᠤ ᠪᠠᠨ ᠠᠴᠠ ᠨᠢᠭᠡ ᠮᠧᠲᠷ ᠤᠨ ᠵᠠᠢ ᠶᠢ ᠪᠠᠲᠤᠯᠠᠬᠤ ᠬᠡᠷᠡᠭᠲᠡᠢ᠃      ᠡᠭᠦᠨ ᠠᠴᠠ ᠭᠠᠳᠠᠨ᠎ᠠ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠴᠢᠳᠠᠬᠤ ᠶᠢᠨ ᠳᠣᠲᠣᠷ᠎ᠠ ᠭᠡᠷ ᠲᠤ ᠠᠪᠴᠤ ᠣᠷᠣᠬᠤ ᠦᠭᠡᠢ᠂ ᠵᠠᠪᠠᠯ ᠠᠪᠴᠤ ᠣᠷᠣᠬᠤ ᠴᠢᠬᠤᠯᠠ ᠲᠠᠢ ᠪᠣᠯ ᠠᠷᠢᠭᠤᠳᠬᠠᠬᠤ ᠴᠠᠭᠠᠰᠤ ᠪᠠᠷ ᠵᠢᠷᠭᠤᠭᠠᠨ ᠲᠠᠯ᠎ᠠ ᠶᠢ ᠨᠢ ᠠᠷᠢᠭᠤᠳᠬᠠᠬᠤ ᠪᠤᠶᠤ ᠠᠷᠢᠭᠤᠳᠬᠠᠭᠴᠢ ᠡᠳ᠋ ᠢᠶᠠᠷ ᠰᠦᠷᠴᠢᠨ ᠠᠷᠢᠭᠤᠳᠬᠠᠵᠤ ᠪᠣᠯᠣᠨ᠎ᠠ᠃      ᠲᠦᠷᠭᠡᠨ ᠢᠯᠡᠭᠡᠯᠲᠡ ᠶᠢ ᠰᠢᠢᠳᠪᠦᠷᠢᠯᠡᠵᠦ ᠪᠠᠷᠠᠭᠰᠠᠨ ᠤ ᠳᠠᠷᠠᠭ᠎ᠠ ᠡᠷᠬᠡᠪᠰᠢ ᠭᠠᠷ ᠢᠶᠠᠨ ᠤᠬᠢᠶᠠᠬᠤ ᠪᠤᠶᠤ ᠠᠷᠢᠭᠤᠳᠬᠠᠬᠤ ᠡᠮ ᠢᠶᠠᠷ ᠭᠠᠷ ᠢᠶᠠᠨ ᠰᠠᠶᠢᠲᠤᠷ ᠠᠷᠢᠭᠤᠳᠬᠠᠬᠤ ᠬᠡᠷᠡᠭᠲᠡᠢ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ