ᠬᠤᠷᠢᠨᠭᠡᠷ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠮᠡᠳᠡᠯᠭᠡ ᠮᠡᠷᠭᠡᠵᠢᠯ ᠪᠠ ᠵᠤᠯᠵᠠᠭ᠎ᠠ ᠮᠣᠳᠣ ᠬᠦᠷᠭᠡᠬᠦ︾ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/5
5.5 4.27和林格尔县林业和草原局开展1.png
5.5 4.27和林格尔县林业和草原局开展2.png
5.5 4.27和林格尔县林业和草原局开展3.png
       ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠶᠢ ᠤᠭᠲᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠦᠢᠯᠡᠳᠦᠯᠭᠡ ᠪᠣᠯᠭᠠᠨ  ᠬᠤᠪᠢᠷᠠᠭᠤᠯᠬᠤ ᠶᠢᠨ ᠲᠤᠰᠠᠳᠠ᠂ 4 ᠰᠠᠷ᠎ᠠ ᠶᠢᠨ 26 ᠤ ᠡᠳᠦᠷ᠂ ᠤᠢ ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨ ᠪᠦᠦ ᠬᠠᠨ ᠭᠸᠤ ᠵᠠᠰᠠᠭ ᠵᠠᠬᠢᠷᠭᠠᠨ ᠤ ᠲᠣᠰᠬᠤᠨ ᠳᠤ ᠬᠦᠷᠴᠦ ︽ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ᠂ ᠪᠦᠦ ᠬᠠᠨ ᠭᠸᠤ ᠶᠢᠨ ᠨᠠᠮ ᠤᠨ ᠡᠭᠦᠷ ᠤᠨ ︿ᠮᠡᠳᠡᠯᠭᠡ ᠮᠡᠷᠭᠡᠵᠢᠯ ᠪᠠ ᠵᠤᠯᠵᠠᠭ᠎ᠠ ᠮᠣᠳᠣ ᠬᠦᠷᠭᠡᠬᠦ﹀ ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾ ᠥᠷᠨᠢᠭᠦᠯᠵᠡᠢ᠃      ᠦᠳᠡ ᠶᠢᠨ ᠡᠮᠦᠨ᠎ᠡ᠂ ᠪᠦᠦ ᠬᠠᠨ ᠭᠸᠤ ᠶᠢᠨ ᠨᠠᠮ ᠤᠨ ᠡᠭᠦᠷ ︽ᠴᠧᠩ ᠭᠤᠸᠠᠨ ᠪᠠᠯᠭᠠᠰᠤ ᠶᠢᠨ ᠪᠦᠦ ᠬᠠᠨ ᠭᠸᠤ ᠶᠢᠨ ᠲᠠᠷᠢᠶᠠᠴᠢᠨ ᠤ ᠵᠢᠮᠢᠰ ᠤᠨ ᠮᠣᠳᠣ ᠲᠠᠷᠢᠬᠤ ᠮᠡᠷᠭᠡᠵᠢᠯ ᠤᠨ ᠪᠣᠯᠪᠠᠰᠤᠷᠠᠯ ᠤᠨ ᠬᠤᠷᠠᠯ︾ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠭᠠᠴᠠᠭᠠᠨ ᠤ ᠨᠠᠮ ᠤᠨ ᠡᠭᠦᠷ ᠤᠨ ᠪᠦᠷᠢᠯᠳᠦᠬᠦᠨ ᠤ ᠲᠥᠯᠥᠭᠡᠯᠡᠭᠴᠢ ᠠᠴᠠ ᠪᠦᠦ ᠬᠠᠨ ᠭᠧᠦ ᠶᠢᠨ ᠵᠢᠮᠢᠰ ᠤᠨ ᠮᠣᠳᠣᠨ ᠤ ᠲᠠᠷᠢᠮᠠᠯ ᠤᠨ ᠡᠬᠢ ᠪᠠᠶᠠᠯᠢᠭ᠂ ᠣᠳᠣᠬᠢ ᠪᠠᠶᠢᠳᠠᠯ᠂ ᠵᠢᠮᠢᠰ ᠤᠨ ᠮᠣᠳᠣᠨ ᠤ ᠠᠵᠤ ᠠᠬᠤᠶ ᠶᠢᠨ ᠬᠥᠭᠵᠢᠯᠲᠡ ᠶᠢᠨ ᠢᠷᠡᠭᠡᠳᠦᠶ ᠶᠢᠨ ᠲᠤᠬᠠᠶ ᠲᠣᠪᠴᠢ ᠮᠡᠳᠡᠭᠦᠯᠦᠯᠲᠡ ᠬᠢᠪᠡ᠃      ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠵᠢᠮᠢᠰ ᠤᠨ ᠮᠣᠳᠣ ᠳᠠᠷᠢᠬᠤ᠂ ᠤᠰᠤᠯᠠᠬᠤ᠂ ᠮᠥᠴᠢᠷ ᠬᠠᠶᠢᠴᠢᠯᠠᠬᠤ᠂ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ ᠪᠠᠶᠢᠨ᠎ᠠ᠃      ᠬᠤᠷᠠᠯ ᠤᠨ ᠲᠠᠷᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠣᠰᠬᠤᠨ ᠤ ᠠᠷᠠᠳ ᠵᠠᠩ ᠡᠦ ᠸᠠ ᠶᠢᠨ ᠭᠡᠷ ᠲᠤ ᠬᠦᠷᠴᠦ ᠲᠠᠷᠢᠮᠠᠯ ᠤᠨ ᠰᠠᠯᠠᠭ᠎ᠠ ᠬᠠᠶᠢᠴᠢᠯᠠᠬᠤ ᠵᠡᠷᠭᠡ ᠮᠡᠷᠭᠡᠵᠢᠯ ᠢ ᠵᠢᠭᠠᠨ ᠵᠢᠯᠣᠭᠤᠳᠴᠤ᠂ ᠤᠢ ᠰᠢᠭᠤᠢ ᠡᠪᠡᠰᠦ ᠪᠡᠯᠴᠢᠭᠡᠷ ᠤᠨ ᠮᠡᠷᠭᠡᠵᠢᠯ ᠤᠨ ᠠᠵᠢᠯᠲᠠᠳ ᠤᠷᠢᠳᠠᠪᠠᠷ ᠵᠢᠱᠢᠶ᠎ᠡ ᠦᠵᠡᠭᠦᠯᠵᠦ᠂ ᠲᠠᠷᠠᠭ᠎ᠠ ᠨᠢ ᠲᠣᠰᠬᠤᠨ ᠤ ᠠᠷᠠᠳ ᠲᠤ ᠭᠠᠷ ᠬᠥᠳᠡᠯᠦᠨ ᠵᠢᠭᠠᠵᠤ᠂ ᠲᠣᠰᠬᠤᠨ ᠤ ᠠᠷᠠᠳ ᠤᠨ ᠤᠨᠤᠯ ᠪᠣᠯᠤᠨ ᠦᠢᠯᠡᠳᠦᠯᠭᠡ ᠶᠢ ᠨᠡᠪᠳᠡᠷᠡᠳᠡᠯ᠎ᠠ ᠣᠶᠢᠯᠠᠭᠠᠭᠤᠯᠪᠠ᠃      ᠲᠤᠰ ᠤᠳᠠᠭᠠᠨ ᠤ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠠᠵᠤ ᠠᠬᠤᠢ ᠶᠢᠨ ᠤᠢ ᠮᠣᠳᠣ ᠶᠢ ᠪᠤᠶᠢᠵᠢᠭᠤᠯᠬᠤ ᠵᠢᠴᠢ ᠬᠠᠶᠢᠴᠢᠯᠠᠨ ᠵᠠᠰᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢ ᠨᠡᠩ ᠢᠯᠡᠭᠦᠦ ᠣᠶᠢᠯᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠨᠤᠯ ᠤᠨ ᠵᠢᠯᠤᠭᠤᠳᠤᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠳᠤ ᠨᠡᠩ ᠪᠠᠲᠤ ᠢᠲᠡᠭᠡᠯ ᠢ ᠬᠠᠩᠭᠠᠵᠤ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠤᠢ ᠰᠢᠭᠤᠢ ᠶᠢᠨ ᠦᠢᠯᠡᠰ ᠤᠨ ᠨᠡᠶᠢᠭᠡᠮ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ