ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/5
5.5 4.28和林格尔县行政审批和政务服务局召开党组理论学习中心组第七次(扩大)会议暨严肃党内政治生活专题学习研讨会.png
      2022 ᠣᠨ ᠤ 4 ᠰᠠᠷ᠎ᠠ ᠶᠢᠨ 27 ᠤ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠲᠤᠰ ᠲᠤᠰ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ ᠢᠯᠠᠩᠭᠤᠶ᠎ᠠ ᠪᠣᠯᠬᠢᠴᠢᠯᠠᠵᠤ ᠠᠷᠠᠯᠵᠢᠶᠠᠯᠠᠬᠤ ᠶᠢ ᠵᠠᠰᠠᠬᠤ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠪᠣᠳᠠᠲᠤ ᠬᠡᠷᠡᠭᠴᠡᠭᠡ ᠮᠥᠨ᠂ ᠨᠠᠩ ᠴᠤ ᠣᠳᠣᠬᠠᠨ ᠤ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠥᠪᠯᠡᠷᠡᠭᠦᠯᠦᠨ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠲᠠᠨᠢᠯᠲᠠ ᠪᠣᠯᠤᠨ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪᠯᠡᠷᠡᠭᠦᠯᠦᠨ ᠵᠠᠰᠠᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠠᠬᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠤᠨ᠂ ᠪᠣᠳᠠᠲᠠᠶ ᠪᠠᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠥᠪᠡᠷ ᠢᠶᠠᠨ ᠵᠠᠯᠠᠷᠠᠭᠤᠯᠵᠤ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ  ᠴᠢᠬᠤᠯᠠᠴᠢᠯᠠᠵᠤ᠂ ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠵᠤ᠂ ᠲᠤᠰ ᠤᠳᠠᠭ᠎ᠠ ᠶᠢᠨ ᠲᠥᠪᠯᠡᠷᠡᠭᠦᠯᠦᠨ ᠵᠠᠰᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠪᠯᠡᠷᠡᠭᠦᠯᠦᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ