ᠬᠤᠷᠢᠨᠭᠡᠷ ᠰᠢᠶᠠᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/5
5.5 5.1和林格尔县重点工作调度会议召开1.jpg
      4 ᠰᠠᠷ᠎ᠠ ᠶᠢᠨ 30 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠪᠥᠬᠦ ᠰᠢᠶᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠳᠡᠳ᠋ ᠲᠡᠷᠢᠭᠦᠯᠡᠭᠴᠢ ᠵᠠᠩ ᠱᠤᠤ ᠴᠦᠨ᠂ ᠪᠣᠣ ᠭᠠᠩ ᠱᠦᠵᠢ᠂ ᠾᠧ ᠬᠠᠢ ᠳ᠋ᠦᠩ ᠬᠤᠳᠠ ᠶᠢᠨ ᠳᠠᠷᠤᠭ᠎ᠠ᠂ ᠯᠢᠦ ᠵᠢᠶᠠᠨ ᠭᠦᠸᠧ ᠬᠤᠳᠠ ᠶᠢᠨ ᠳᠡᠳ᠋ ᠳᠠᠷᠤᠭ᠎ᠠ ᠶᠢᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ︔ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃      ᠬᠤᠷᠠᠯ ᠳᠡᠭᠡᠷ᠎ᠡ᠂ ᠬᠠᠮᠢᠶ᠎ᠠ ᠪᠥᠬᠦᠶ ᠬᠠᠷᠢᠭᠤᠴᠠᠯᠭᠠᠲᠠᠨ ᠡᠯ᠎ᠡ ᠵᠦᠢᠯ ᠤᠨ ᠠᠵᠢᠯ ᠢ ᠪᠣᠳᠠᠲᠠᠶ ᠠᠬᠢᠭᠤᠯᠵᠤ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠭᠤᠤ ᠹᠸᠡᠭ ᠡᠯ᠎ᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠤᠳᠤᠯᠤᠨ ᠮᠠᠭᠠᠳᠯᠠᠯᠲᠠ ᠪᠠ ᠪᠠᠶᠢᠷᠢᠯᠠᠭᠤᠯᠤᠯᠲᠠ ᠬᠢᠵᠦ᠂ ᠡᠯ᠎ᠡ ᠰᠠᠯᠠᠭ᠎ᠠ ᠮᠥᠴᠢᠷ ᠤᠨ ᠬᠢᠨ ᠢ ᠱᠠᠭᠠᠷᠳᠠᠨ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠠᠵᠢᠯ ᠤᠨ ᠠᠬᠢᠴᠠ ᠶᠢ ᠲᠦᠷᠭᠡᠳᠬᠡᠪᠡ᠃      ᠬᠤᠷᠠᠯ ᠠᠴᠠ᠂ ᠭᠤᠣᠯᠳᠠᠯᠭ᠎ᠠ ᠲᠠᠢ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠬᠢᠨᠠᠨ ᠰᠢᠯᠭᠠᠬᠤ ᠭᠤᠣᠯᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠡᠭᠦᠷᠭᠡ ᠲᠠᠢ ᠬᠠᠷᠢᠴᠠᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠡᠯ᠎ᠡ ᠲᠦᠷᠦᠭᠦᠯᠡᠬᠦ ᠰᠠᠯᠠᠭ᠎ᠠ ᠮᠥᠴᠢᠷ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠰᠡᠳᠬᠢᠮᠵᠢ ᠪᠠᠨ ᠡᠮᠬᠢᠯᠡᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠤᠲᠠᠭᠤᠳᠠᠯ ᠪᠠᠭᠤᠷᠠᠶ ᠵᠦᠢᠯ ᠪᠠ ᠡᠭᠦᠷᠭᠡ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ︽ᠨᠠᠷᠢᠯᠢᠭ ᠣᠨᠣᠴᠠᠲᠠᠶ᠂ ᠪᠦᠲᠦᠮᠵᠢᠲᠡᠶ᠂ ᠰᠢᠪᠲᠤᠯᠤᠯᠲᠠ ᠬᠢᠬᠦ︾ ᠳᠡᠭᠡᠷ᠎ᠡ ᠬᠦᠴᠦ ᠲᠠᠯᠪᠢᠵᠤ᠂ ᠪᠣᠭᠤᠮᠢ ᠶᠢ ᠰᠢᠪᠲᠤᠯᠤᠨ᠂ ᠬᠢᠯᠠᠰ ᠴᠡᠭ ᠢ ᠪᠣᠶ ᠪᠣᠯᠭᠠᠬᠤ ᠬᠡᠷᠡᠭᠲᠡᠶ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠷᠢᠭ᠎ᠠ ᠱᠤᠭᠤᠮ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠰᠢᠯᠭᠠᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠤᠯᠤᠯᠴᠠᠭ᠎ᠠ ᠶᠢ ᠴᠢᠩᠭᠠᠳᠬᠠᠵᠤ᠂ ᠠᠰᠠᠭᠤᠳᠠᠯ ᠳᠤ ᠴᠢᠭᠯᠡᠭᠦᠯᠦᠨ ᠶᠠᠪᠤᠵᠤ᠂ ᠠᠷᠭ᠎ᠠ ᠬᠡᠮᠵᠢᠶ᠎ᠡ ᠪᠠᠷ  ᠣᠯᠣᠯᠴᠠᠨ᠂ ᠦᠨᠡᠨᠴᠢ ᠰᠡᠳᠬᠢᠯ ᠢᠶᠠᠷ ᠣᠴᠢᠵᠣ᠂ ᠣᠶᠢᠯᠠᠭᠠᠯᠲᠠ ᠪᠠᠷ ᠬᠠᠷᠢᠵᠤ ᠢᠷᠡᠨ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠦᠷᠦᠭᠦᠯᠡᠬᠦ ᠰᠠᠯᠠᠭ᠎ᠠ ᠮᠥᠴᠢᠷ᠂ ᠬᠠᠮᠵᠢᠯᠴᠠᠬᠤ ᠨᠢᠭᠡᠴᠡ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠠᠲᠤᠳᠬᠠᠵᠤ᠂ ᠡᠯ᠎ᠡ ᠨᠢᠭᠡᠴᠡ ᠶᠢᠨ ᠬᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠨᠡᠪᠲᠡᠷᠡᠭᠰᠡᠨ᠂ ᠬᠡᠷᠡᠭᠵᠢᠭᠦᠯᠬᠦ ᠳᠤ ᠬᠦᠴᠦᠲᠡᠢ᠂ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠥᠳᠡᠯᠦᠯᠴᠡᠭᠰᠡᠨ᠂ ᠵᠣᠬᠢᠴᠠᠭᠤᠯᠤᠨ ᠬᠠᠮᠵᠢᠯᠴᠠᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠮᠠᠨ ᠤ ᠰᠢᠶᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠤᠳᠤᠷᠢᠳᠤᠯᠭ᠎ᠠ ᠪᠠᠶ ᠬᠤᠤ᠂ ᠳ᠋ᠦ᠋ ᠰᠢᠶᠤᠤ ᠭᠤᠸᠠᠩ᠂ ‍ᠤᠤᠢ ᠴᠧᠩ ᠬᠣ᠋᠂ ᠰᠢᠶᠠᠨ ᠤ ᠡᠯ᠎ᠡ ᠬᠤᠯᠪᠣᠭᠳᠠᠯ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ