ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/5
5.5 5.1县委组织部召开集中治理党内政治生活庸俗化交易化问题专题研讨会.jpg
      4 ᠰᠠᠷ᠎ᠠ ᠶᠢᠨ 29 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠡᠯᠲᠡᠰ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠡᠯᠲᠡᠰ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠲᠤᠰ ᠤᠨ ᠰᠤᠷᠤᠯᠴᠠᠨ ᠣᠶᠢᠯᠠᠭᠠᠬᠤ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠶᠠᠷᠢᠵᠤ᠂ ᠠᠵᠢᠯ ᠤᠨ ᠲᠥᠯᠥᠪᠯᠡᠭᠡ ᠪᠠᠨ ᠶᠠᠷᠢᠯᠴᠠᠵᠤ᠂ ᠲᠥᠪᠯᠡᠷᠡᠭᠦᠯᠦᠨ ᠵᠠᠰᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃      ᠤᠯᠠᠨ ᠢᠶᠠᠷ ᠢᠶᠠᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠠᠵᠢᠯᠯᠠᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ ᠭᠡᠵᠦ ᠰᠠᠨᠠᠯ ᠨᠢᠭᠡᠲᠡᠢ ᠦᠵᠡᠪᠡ᠃ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠪᠣᠯᠤᠭᠰᠠᠨ ᠤ ᠬᠤᠪᠢ ᠳᠤ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠤᠯᠤᠰ ᠲᠦᠷᠦ ᠶᠢᠨ ᠴᠢᠳᠠᠪᠤᠷᠢ ᠪᠠᠨ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠲᠣᠭᠲᠠᠭᠠᠯ ᠵᠢᠴᠢ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠵᠣᠬᠢᠶᠠᠨ ᠪᠠᠶᠢᠭᠤᠯᠬᠤ ᠠᠵᠢᠯ ᠤᠨ ᠬᠡᠪ ᠰᠤᠷᠲᠠᠯ ᠪᠠ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ