ᠬᠤᠷᠢᠨᠭᠡᠷ ᠰᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠠᠬᠢᠭᠤᠯᠬᠤ ᠬᠤᠷᠠᠯ ᠵᠢᠴᠢ ᠬᠢᠨᠠᠨ ᠵᠢᠯᠣᠭᠤᠳᠴᠤ ᠦᠨᠡᠯᠡᠬᠦ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/5
5.5 5.1和林格尔县召开国家通用语言文字工作推进会暨督导评估工作部署会议.jpg
      ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠦᠢᠯᠡᠰ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠠᠷᠠᠳ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠤᠭᠲᠤᠬᠤ  ᠶᠢᠨ ᠲᠤᠰᠠᠳᠠ᠂ 4 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠰᠢᠶᠤᠤ ᠮᠢᠩ ᠬᠤᠷᠢᠨᠭᠡᠷ ᠰᠢᠶᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠢ ᠳᠥᠯᠭᠢᠨ ᠠᠬᠢᠭᠤᠯᠬᠤ ᠬᠤᠷᠠᠯ ᠵᠢᠴᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠷᠠᠯ ᠠᠴᠠ ᠪᠦᠬᠦ ᠰᠢᠶᠠᠨ ᠤ 2022 ᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠰᠡᠳᠬᠢᠴᠡ ᠵᠢᠴᠢ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠡᠯ᠎ᠡ ᠪᠦᠷᠢᠯᠳᠦᠬᠦᠨ ᠨᠢᠭᠡᠴᠡ ᠶᠢ ᠦᠭᠡ ᠬᠡᠯᠡ ᠦᠰᠦᠭ ᠪᠢᠴᠢᠭ ᠤᠨ ᠣᠨᠴᠠᠭᠠᠢ ᠴᠢᠬᠤᠯᠠ ᠴᠢᠨᠠᠷ ᠢ ᠭᠦᠢᠴᠡᠳ ᠲᠠᠨᠢᠵᠤ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠬᠠᠮᠢᠶᠠᠷᠤᠯᠲᠠ ᠳᠤ ᠣᠷᠣᠭᠤᠯᠵᠤ᠂ ᠨᠡᠶᠢᠲᠡᠯᠢᠭ ᠬᠡᠯᠡ ᠶᠢ ᠪᠠᠷᠢᠮᠵᠢᠶ᠎ᠠ ᠳᠤ ᠬᠦᠷᠭᠡᠵᠦ ᠬᠡᠷᠡᠭᠯᠡᠬᠦ᠂ ᠳᠦᠷᠢᠮᠵᠢᠭᠰᠡᠨ ᠦᠰᠦᠭ ᠪᠢᠴᠢᠭ ᠤᠨ ᠬᠡᠷᠡᠭᠯᠡᠯᠲᠡ ᠶᠢ ᠠᠯᠪᠠᠨ ᠲᠤᠰᠢᠶᠠᠯᠲᠠᠨ ᠤ ᠰᠢᠩᠭᠡᠭᠡᠨ ᠣᠷᠣᠭᠤᠯᠬᠤ ᠦᠨᠳᠦᠰᠦᠨ ᠨᠥᠬᠦᠴᠡᠯ ᠪᠠ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠷᠠᠳᠢᠣ᠋ ᠨᠡᠪᠲᠡᠷᠡᠭᠦᠯᠭᠡ᠂ ᠸᠢᠳᠢᠤ᠋᠂ ᠰᠣᠶᠣᠯ  ᠤᠨ ᠬᠡᠪᠯᠡᠭᠳᠡᠬᠦᠨ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠠᠴᠢᠶᠠᠯᠠᠪᠤᠷᠢ  ᠳᠤ ᠵᠢᠷᠤᠮᠵᠢᠭᠰᠠᠨ ᠥᠰᠥᠭ ᠪᠢᠴᠢᠭ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠡᠷᠴᠢᠮ ᠢᠶᠠᠨ ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ ᠨᠦᠭᠦᠳ ᠬᠠᠷᠢᠶᠠᠯᠠᠯ ᠤᠨ ᠢᠶᠠᠨ ᠬᠡᠪᠴᠢᠶᠡᠨ ᠳᠠᠬᠢ ᠨᠡᠶᠢᠲᠡᠯᠢᠭ ᠬᠡᠯᠡ᠂ ᠳᠦᠷᠢᠮᠵᠢᠭᠰᠡᠨ ᠦᠰᠦᠭ ᠪᠢᠴᠢᠭ ᠤᠨ ᠬᠡᠷᠡᠭᠯᠡᠯᠲᠡ ᠶᠢᠨ ᠬᠤᠯᠪᠣᠭᠳᠠᠯ ᠪᠦᠬᠦᠢ ᠠᠵᠢᠯ ᠢ ᠪᠠᠶᠢᠴᠠᠭᠠᠬᠤ ᠪᠠ ᠬᠢᠨᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠨ ᠲᠡᠭᠦᠯᠳᠡᠷᠵᠢᠭᠦᠯᠵᠦ᠂ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠰᠠᠶᠢᠲᠤᠷ ᠬᠢᠵᠦ᠂ ᠥᠨᠳᠥᠷ ᠶᠠᠰᠤ ᠴᠢᠨᠠᠷ ᠲᠠᠢ ᠥᠨᠳᠥᠷ ᠪᠠᠷᠢᠮᠵᠢᠶ᠎ᠠ ᠪᠠᠷ ᠦᠨᠡᠯᠡᠯᠲᠡ ᠶᠢ ᠤᠭᠲᠤᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠴᠢᠬᠤᠯᠠᠴᠢᠯᠠᠭᠰᠠᠨ ᠪᠠᠶᠢᠨ᠎ᠠ᠃      ᠰᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠦᠭᠡ ᠬᠡᠯᠡ ᠦᠰᠦᠭ ᠪᠢᠴᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ