︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠴᠢᠩ ᠱᠦᠢ ᠡᡁᠧ ᠰᠢᠶᠠᠨ ᠤ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠡᠮᠬᠢ ᠳᠢᠭᠯᠢᠮ ᠲᠠᠢ
ᠨᠡᠶᠢᠲᠡᠯᠡᠭᠰᠡᠨ ᠴᠠᠭ᠄
2022/5/5
“五一”假期 清水河县老牛湾黄河大峡谷旅游景区秩序井然1.jpg
           ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠴᠢᠩ ᠱᠦᠢ ᠡᡁᠧ ᠰᠢᠶᠠᠨ ᠤ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠤᠨ ᠬᠢᠨ ᠭᠦᠨ ᠵᠤᠵᠠᠭᠠᠨ ᠲᠡᠦᠬᠡ ᠰᠣᠶᠣᠯ ᠪᠣᠯᠤᠨ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ ᠪᠠᠷ ᠢᠶᠠᠨ ᠮᠠᠰᠢ ᠤᠯᠠᠨ ᠵᠤᠭᠠᠴᠠᠭᠰᠠᠳ ᠤᠨ ᠰᠣᠨᠢᠷᠬᠠᠯ ᠢ ᠲᠠᠲᠠᠪᠠ᠃ ᠦᠵᠡᠮᠵᠢ ᠶᠢᠨ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠲᠠᠯᠠᠪᠠᠢ ᠶᠢᠨ ᠵᠢᠭᠤᠯᠴᠢᠯᠠᠯ ᠤᠨ ᠪᠠᠶᠢᠳᠠᠯ ᠡᠮᠬᠢ ᠳᠢᠭᠯᠢᠮ ᠲᠠᠢ ᠪᠣᠯᠪᠠ᠃
“五一”假期 清水河县老牛湾黄河大峡谷旅游景区秩序井然2.jpg
          ᠲᠠᠪᠤᠨ ᠰᠠᠷ᠎ᠠ ᠶᠢᠨ ᠯᠣᠣ ᠨᠢᠤ ᠸᠠᠨ ᠳᠤ᠂ ᠬᠠᠶᠢᠲᠠᠩ ᠴᠡᠴᠡᠭ ᠳᠡᠯᠭᠡᠷᠡᠵᠦ᠂ ᠡᠭᠦᠯᠡᠨ ᠲᠠᠯᠠᠢ ᠪᠠᠷ ᠳᠣᠯᠭᠢᠶᠠᠯᠠᠨ᠎ᠠ᠃ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠲᠥᠪᠯᠡᠷᠡᠭᠦᠯᠦᠨ ᠲᠠᠷᠬᠠᠭᠠᠬᠤ ᠲᠥᠪ ᠲᠤ ᠂ ᠵᠤᠭᠠᠴᠠᠭᠰᠠᠳ ᠨᠢᠭᠡ ᠮᠧᠲᠷ ᠤᠨ ᠠᠯᠤᠰᠯᠠᠯ᠂ ᠺᠣᠳ᠋ ᠰᠢᠷᠪᠢᠵᠦ ᠳᠤᠯᠠᠭᠠᠨ ᠢ ᠬᠡᠮᠵᠢᠬᠦ ᠪᠠᠷ ᠡᠮᠦᠨ᠎ᠡ ᠲᠠᠪᠴᠠᠩ ᠳᠤ ᠢᠷᠡᠵᠤ ᠪᠢᠯᠧᠲ ᠬᠤᠳᠠᠯᠳᠤᠨ ᠠᠪᠴᠤ᠂ ᠲᠡᠷᠭᠡ ᠰᠣᠯᠢᠵᠤ ᠦᠵᠡᠮᠵᠢ ᠶᠢᠨ ᠲᠣᠭᠤᠷᠢᠭ ᠲᠤ ᠣᠷᠣᠬᠤ ᠶᠢ ᠬᠦᠯᠢᠶᠡᠵᠦ᠂ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠯ᠎ᠠ᠃
“五一”假期 清水河县老牛湾黄河大峡谷旅游景区秩序井然3.gif
          ᠦᠵᠡᠮᠵᠢ ᠶᠢᠨ ᠲᠣᠭᠤᠷᠢᠭ ᠤᠨ ᠠᠵᠢᠯᠲᠠᠳ ᠤᠷᠢᠳᠴᠢᠯᠠᠨ ᠪᠣᠯᠵᠣᠬᠤ᠂ ᠬᠢᠵᠢᠭ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠬᠤ ᠪᠠᠷ ᠳᠠᠮᠵᠢᠭᠤᠯᠤᠨ᠂ ᠦᠵᠡᠮᠵᠢ ᠶᠢᠨ ᠲᠣᠭᠤᠷᠢᠭ ᠤᠨ ᠣᠯᠠᠨ ᠨᠡᠶᠢᠲᠡ ᠶᠢᠨ ᠲᠠᠯᠠᠪᠠᠶ ᠣᠷᠳᠣᠨ ᠤ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠵᠢᠴᠢ ᠦᠢᠯᠡᠴᠢᠯᠡᠭᠡᠨ ᠤ ᠪᠡᠯᠡᠳᠬᠡᠮᠵᠢ ᠶᠢ ᠠᠷᠢᠭᠤᠳᠬᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠠᠭᠠᠷᠯᠠᠯ ᠪᠠᠶᠢᠷᠢᠯᠠᠭᠤᠯᠬᠤ᠂ ᠵᠢᠭᠤᠯᠴᠢᠯᠠᠭᠴᠢᠳ ᠤᠨ ᠲᠤᠭ᠎ᠠ ᠶᠢ ᠲᠣᠭᠲᠠᠭᠰᠠᠨ ᠴᠠᠭ ᠲᠤ ᠠᠯᠪᠠᠨ ᠵᠠᠷ ᠢᠶᠠᠷ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠵᠡᠮᠵᠢ ᠶᠢᠨ ᠲᠣᠭᠤᠷᠢᠭ ᠤᠨ ᠣᠷᠣᠵᠤ ᠭᠠᠷᠬᠤ ᠭᠠᠵᠠᠷ ᠵᠢᠴᠢ ᠴᠢᠬᠤᠯᠠ ᠵᠢᠭᠤᠯᠴᠢᠯᠠᠯ ᠤᠨ ᠴᠢᠬ ᠤᠨ ᠡᠮᠬᠢ ᠳᠢᠭᠯᠢᠮ ᠢ ᠰᠢᠯᠤᠭᠤᠳᠬᠠᠨ ᠵᠢᠯᠣᠭᠤᠳᠬᠤ ᠡᠷᠴᠢᠮ ᠢ ᠴᠢᠩᠭᠠᠷᠠᠭᠤᠯᠵᠤ᠂ ᠬᠥᠮᠦᠰ ᠤᠨ ᠠᠭᠱᠠᠨ ᠵᠠᠭᠤᠷ᠎ᠠ ᠴᠤᠭᠯᠠᠷᠠᠬᠤ ᠶᠢ ᠴᠢᠩᠭ᠎ᠠ ᠰᠡᠷᠭᠡᠶᠢᠯᠡᠨ᠂ ᠵᠢᠭᠤᠯᠴᠢᠯᠠᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠣᠷᠭᠢᠯ ᠦᠶ᠎ᠡ ᠶᠢ ᠵᠥᠷᠢᠭᠦᠯᠦᠨ ᠴᠡᠴᠡᠷᠯᠢᠭ ᠢᠶᠠᠷ ᠵᠤᠭᠠᠴᠠᠭᠤᠯᠵᠤ᠂ ᠵᠢᠭᠤᠯᠴᠢᠯᠠᠭᠴᠢᠳ ᠢ ᠲᠠᠷᠬᠠᠭᠠᠬᠤ ᠬᠤᠷᠳᠤᠴᠠ ᠶᠢ ᠦᠨᠡᠨᠬᠦ ᠳᠡᠭᠡᠭᠰᠢᠯᠡᠭᠦᠯᠪᠡ᠃       ᠣᠶᠢᠯᠠᠭᠠᠭᠰᠠᠨ ᠢᠶᠠᠷ᠂ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠯᠣᠣ ᠨᠢᠦ ᠸᠠᠨ ᠦᠵᠡᠮᠵᠢ ᠶᠢᠨ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ︽5 · 1︾ ᠤ ᠬᠤᠭᠤᠴᠠᠭᠠᠨ ᠳᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠡᠮᠵᠢᠶ᠎ᠡ ᠶᠢ ᠬᠢᠵᠠᠭᠠᠷᠯᠠᠨ᠂ ᠣᠷᠭᠢᠯ ᠦᠶ᠎ᠡ ᠶᠢ ᠵᠥᠷᠢᠭᠦᠯᠬᠦ︾ ᠵᠢᠭᠤᠯᠴᠢᠯᠠᠯ ᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠴᠢᠩᠭ᠎ᠠ ᠡᠵᠡᠮᠳᠡᠨ᠂ ᠨᠠᠷᠢᠨ ᠨᠢᠮᠪᠠᠶ ᠳᠣᠭᠢᠷᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠪᠠᠷ ᠢᠳᠡᠭᠡᠨ ᠤ ᠠᠮᠤᠷ ᠲᠦᠪᠰᠢᠨ᠂ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠪᠠ ᠵᠢᠭᠤᠯᠴᠢᠯᠠᠭᠴᠢᠳ ᠢ ᠭᠥᠯᠢᠶᠡᠨ ᠠᠪᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠥᠷᠭᠡᠨ ᠣᠯᠠᠨ ᠵᠢᠭᠤᠯᠴᠢᠯᠠᠭᠴᠢᠳ ᠲᠤ ᠠᠮᠤᠷ ᠲᠦᠪᠰᠢᠨ᠂ ᠡᠮᠬᠢ ᠵᠢᠷᠤᠮ ᠲᠠᠢ ᠠᠮᠠᠷᠠᠯᠲᠠ ᠶᠢᠨ ᠡᠳᠦᠷ ᠤᠨ ᠣᠷᠴᠢᠨ ᠲᠣᠭᠤᠷᠢᠨ ᠢ ᠪᠣᠶ ᠪᠣᠯᠭᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ