︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠳᠤ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠪᠠᠲᠤᠯᠠᠪᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 63.08 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 3.31 ᠳ᠋ᠦᠩᠰᠢᠭᠤᠷ ᠲᠥᠭᠦᠷᠢᠭ ᠬᠦᠷᠪᠡ
ᠨᠡᠶᠢᠲᠡᠯᠡᠭᠰᠡᠨ ᠴᠠᠭ᠄
2022/5/5
      ︵ᠰᠤᠷᠪᠤᠯᠵᠢᠯᠠᠭᠴᠢ ᠯᠢᠦ ᠯᠢ ᠰᠢᠶᠠ︶  ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠳᠤ ᠲᠠᠯᠪᠢᠨ᠂ ᠵᠠᠩᠭᠢᠯᠠᠭ᠎ᠠ ᠶᠢᠨ ᠴᠡᠭ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ︽ᠪᠥᠭᠡᠮᠨᠡᠷᠡᠬᠦ ᠶᠢ ᠰᠡᠷᠭᠡᠶᠢᠯᠡᠬᠦ᠂ ᠰᠢᠬᠠᠯᠳᠤᠬᠤ ᠶᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ︾ ᠠᠵᠢᠯ ᠢ ᠭᠤᠶᠢᠪᠢᠰᠢ ᠦᠭᠡᠢ ᠰᠠᠶᠢᠨ ᠬᠢᠵᠦ᠂ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃ ᠣᠳᠣᠬᠠᠨ ᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠣᠣᠷ᠎ᠠ᠂ ᠮᠠᠨ ᠤ ᠬᠤᠲᠠ ᠶᠢᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠪᠥᠬᠦ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 63.08 ᠲᠦᠮᠡᠨ ᠬᠥᠮᠥᠨ ᠤᠳᠠᠭ᠎ᠠ ᠭᠥᠯᠢᠶᠡᠨ ᠵᠣᠴᠢᠯᠠᠵᠤ᠂ ᠠᠳᠠᠯᠢ ᠬᠤᠭᠤᠴᠠᠭᠠᠨ ᠤ ᠬᠢ ᠠᠴᠠ 59.00% ᠪᠠᠭᠤᠷᠠᠪᠠ︔ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ ᠨᠡᠶᠢᠲᠡ 3.31 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 59.53% ᠪᠠᠷ ᠪᠠᠭᠤᠷᠠᠪᠠ᠃      ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠡᠳᠦᠷ ᠳᠤᠮᠳᠠᠴᠢ ᠶᠢᠨ ᠬᠦᠯᠢᠶᠡᠨ ᠵᠣᠴᠢᠯᠠᠭᠰᠠᠨ ᠬᠥᠮᠥᠨ ᠤ ᠲᠤᠭ᠎ᠠ 126166 ᠬᠥᠮᠥᠨ ᠤᠳᠠᠭ᠎ᠠ ᠬᠦᠷᠴᠦ᠂ ᠡᠳᠦᠷ ᠳᠤᠮᠳᠠᠴᠢ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 6625.38 ᠲᠦᠮᠡᠨ ᠲᠥᠭᠦᠷᠢᠭ ᠬᠦᠷᠴᠦ᠂ ᠪᠥᠬᠦ ᠬᠤᠲᠠ ᠶᠢᠨ ᠡᠳᠦᠷ ᠳᠤᠮᠳᠠᠴᠢ ᠶᠢᠨ ᠭᠥᠯᠢᠶᠡᠨ ᠠᠪᠤᠭᠰᠠᠨ ᠲᠤᠭ᠎ᠠ ᠪᠠ ᠡᠳᠦᠷ ᠳᠤᠮᠳᠠᠴᠢ ᠶᠢᠨ ᠵᠢᠭᠤᠯᠴᠢᠯᠠᠯ ᠤᠨ ᠣᠷᠣᠯᠭ᠎ᠠ ᠳᠥᠷᠪᠡᠳᠦᠭᠡᠷ ᠡᠳᠦᠷ ᠳᠡᠭᠡᠷ᠎ᠡ ᠣᠷᠭᠢᠯ ᠳᠠᠭᠠᠨ ᠲᠤᠯᠪᠠ ᠃ ᠡᠭᠦᠨ ᠳᠤ᠂ ᠨᠢᠭᠡᠳᠦᠭᠡᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 103857 ᠬᠥᠮᠥᠨ ᠤᠳᠠᠭ᠎ᠠ ᠭᠥᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 5230.24 ᠲᠦᠮᠡᠨ ᠲᠥᠭᠦᠷᠢᠭ ᠬᠦᠷᠪᠡ︔ ᠬᠤᠶᠠᠳᠤᠭᠠᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 115077 ᠬᠥᠮᠥᠨ ᠤᠳᠠᠭ᠎ᠠ ᠭᠥᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 5715.41 ᠲᠦᠮᠡᠨ ᠲᠥᠭᠦᠷᠢᠭ ᠬᠦᠷᠪᠡ︔ ᠭᠤᠷᠪᠠᠳᠤᠭᠠᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 120806 ᠬᠥᠮᠥᠨ ᠤᠳᠠᠭ᠎ᠠ ᠭᠥᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 6382.54 ᠲᠦᠮᠡᠨ ᠲᠥᠭᠦᠷᠢᠭ ᠬᠦᠷᠪᠡ︔ ᠳᠥᠷᠪᠡᠳᠦᠭᠡᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 167917 ᠬᠥᠮᠥᠨ ᠤᠳᠠᠭ᠎ᠠ ᠭᠥᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 9332.16 ᠲᠦᠮᠡᠨ ᠲᠥᠭᠦᠷᠢᠭ ᠬᠦᠷᠪᠡ︔ ᠲᠠᠪᠤᠳᠤᠭᠠᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 123172 ᠬᠥᠮᠥᠨ ᠤᠳᠠᠭ᠎ᠠ ᠭᠥᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 6466.53 ᠲᠦᠮᠡᠨ ᠲᠥᠭᠦᠷᠢᠭ ᠬᠦᠷᠪᠡ᠃      ᠵᠠᠳᠠᠯᠤᠯᠲᠠ ᠶᠢ ᠦᠨᠳᠦᠰᠦᠯᠡᠪᠡᠯ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠠᠴᠠ ᠦᠵᠡᠪᠡᠯ᠂ ᠮᠠᠨ ᠤ ᠬᠤᠲᠠ ᠳᠤ ᠵᠢᠭᠤᠯᠴᠢᠯᠠᠬᠤ ᠪᠠᠷ ᠢᠷᠡᠭᠰᠡᠨ ᠵᠢᠭᠤᠯᠴᠢᠯᠠᠭᠴᠢᠳ ᠤᠨ ᠣᠯᠠᠩᠬᠢ ᠨᠢ ᠣᠷᠣᠨ ᠤ ᠳᠣᠲᠣᠷ᠎ᠠ ᠠᠴᠠ ᠢᠷᠡᠭᠰᠡᠨ ᠪᠠᠶᠢᠨ᠎ᠠ᠃ ᠣᠷᠣᠨ ᠤ ᠳᠣᠲᠣᠷᠠᠬᠢ ᠵᠢᠭᠤᠯᠴᠢᠯᠠᠭᠴᠢᠳ ᠤᠨ ᠶᠢᠰᠦᠨ ᠬᠤᠪᠢ ᠢᠯᠡᠭᠦᠦ ᠨᠢ ᠮᠠᠨ ᠤ ᠬᠤᠳᠠ ᠪᠣᠯᠣᠨ ᠡᠷᠬᠢᠨ ᠲᠣᠭᠤᠷᠢᠨ ᠤ ᠠᠶᠢᠮᠠᠭ ᠬᠤᠳᠠ ᠠᠴᠠ ᠢᠷᠡᠵᠤ᠂ ᠬᠥᠬᠡᠬᠤᠲᠠ ᠪᠣᠯᠣᠨ ᠪᠤᠭᠤᠲᠤ ᠬᠤᠳᠠ ᠶᠢᠨ ᠵᠢᠭᠤᠯᠴᠢᠯᠠᠭᠴᠢᠳ ᠨᠢ ᠬᠤᠳᠠ ᠶᠢᠨ ᠲᠣᠭᠤᠷᠢᠭ ᠤᠨ ᠳᠣᠲᠣᠷᠠᠬᠢ ᠵᠢᠭᠤᠯᠴᠢᠯᠠᠭᠴᠢᠳ ᠤᠨ ᠶᠡᠷᠦᠩᠬᠡᠢ ᠲᠣᠭᠠᠨ ᠤ 93.75%  ᠶᠢ ᠡᠵᠡᠯᠡᠵᠡᠢ᠃      ᠵᠢᠭᠤᠯᠴᠢᠯᠠᠭᠴᠢᠳ ᠤᠨ ᠵᠠᠷᠤᠯᠭ᠎ᠠ ᠶᠢᠨ ᠪᠦᠲᠦᠴᠡ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ ᠵᠢᠭᠤᠯᠴᠢᠯᠠᠭᠴᠢᠳ ᠤᠨ ᠵᠠᠷᠤᠯᠭ᠎ᠠ ᠨᠢ ᠭᠤᠣᠯᠳᠠᠭᠤ ᠢᠳᠡᠭᠡᠨ ᠤᠮᠳᠠᠭᠠᠨ ᠤ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ ᠪᠠ ᠬᠤᠨᠤᠭ ᠤᠨ ᠵᠠᠷᠤᠳᠠᠯ ᠳᠡᠭᠡᠷ᠎ᠡ ᠲᠥᠪᠯᠡᠷᠡᠵᠦ ᠪᠠᠶᠢᠨ᠎ᠠ᠃ ᠵᠢᠭᠤᠯᠴᠢᠯᠠᠭᠴᠢᠳ ᠤᠨ ᠬᠦᠢᠰᠦ ᠶᠢᠨ ᠢᠯᠭᠠᠯ ᠠᠴᠠ ᠦᠵᠡᠪᠡᠯ᠂ ᠡᠮᠡᠭᠲᠡᠢ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ 61.88%᠂ ᠡᠷᠡᠭᠲᠡᠢ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ 38.12% ᠢ ᠡᠵᠡᠯᠡᠵᠡᠢ᠃ ᠨᠠᠰᠤᠨ ᠤ ᠪᠠᠶᠢᠳᠠᠯ ᠠᠴᠠ ᠠᠪᠴᠤ ᠦᠵᠡᠪᠡᠯ᠂ ᠮᠠᠨ ᠤ ᠬᠤᠲᠠ ᠶᠢᠨ ᠭᠥᠯᠢᠶᠡᠨ ᠵᠣᠴᠢᠯᠠᠭᠰᠠᠨ ᠵᠢᠭᠤᠯᠴᠢᠯᠠᠭᠴᠢᠳ ᠤᠨ ᠣᠯᠠᠩᠬᠢ ᠨᠢ 23 ︱ 45 ᠨᠠᠰᠤᠨ ᠤ ᠬᠤᠭᠤᠷᠣᠨᠳᠤ ᠲᠥᠪᠯᠡᠷᠡᠵᠦ᠂ 64.38% ᠶᠢ ᠡᠵᠡᠯᠡᠵᠡᠢ᠃ ᠵᠢᠭᠤᠯᠴᠢᠯᠠᠭᠴᠢᠳ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ ᠵᠢᠭᠤᠯᠴᠢᠯᠠᠭᠴᠢᠳ ᠭᠤᠣᠯᠳᠠᠭᠤ ᠬᠤᠪᠢ ᠬᠥᠮᠥᠨ᠂ ᠭᠡᠷ ᠪᠦᠯᠢ ᠪᠤᠶᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠴᠢᠯᠦᠭᠡᠲᠡᠢ ᠵᠤᠭᠠᠯᠠᠵᠤ᠂ 91.88% ᠶᠢ ᠡᠵᠡᠯᠡᠵᠡᠢ᠃ ᠵᠢᠭᠤᠯᠴᠢᠯᠠᠭᠴᠢᠳ ᠤᠨ ᠶᠠᠪᠤᠵᠤ ᠰᠠᠭᠤᠬᠤ ᠠᠷᠭ᠎ᠠ ᠮᠠᠶ᠋ᠢᠭ ᠠᠴᠠ ᠦᠵᠡᠪᠡᠯ᠂ ᠬᠦᠯᠢᠶᠡᠨ ᠵᠣᠴᠢᠯᠠᠭᠰᠠᠨ ᠵᠢᠭᠤᠯᠴᠢᠯᠠᠭᠴᠢᠳ  ᠭᠤᠣᠯᠳᠠᠭᠤ ᠬᠤᠪᠢ ᠶᠢᠨ ᠮᠠᠰᠢᠨ ᠲᠡᠷᠭᠡ ᠪᠠᠷ ᠶᠠᠪᠤᠵᠤ᠂ 67.50% ᠶᠢ ᠡᠵᠡᠯᠡᠵᠡᠢ᠂ ᠳᠤᠭᠤᠢ ᠤᠨᠤᠬᠤ᠂ ᠶᠠᠪᠠᠭᠠᠨ ᠶᠠᠪᠤᠬᠤ ᠵᠡᠷᠭᠡ ᠠᠷᠭ᠎ᠠ ᠮᠠᠶ᠋ᠢᠭ ᠢ ᠠᠪᠤᠭᠰᠠᠨ ᠵᠢᠭᠤᠯᠴᠢᠯᠠᠭᠴᠢᠳ ᠤᠨ ᠬᠠᠷᠢᠴᠠᠯ 60.00% ᠢ ᠡᠵᠡᠯᠡᠵᠡᠢ᠂ ᠲᠡᠷᠭᠡ ᠲᠦᠷᠢᠶᠡᠰᠦᠯᠡᠵᠦ ᠢᠷᠡᠭᠰᠡᠨ ᠵᠢᠭᠤᠯᠴᠢᠯᠠᠭᠴᠢᠳ ᠤᠨ ᠬᠠᠷᠢᠴᠠᠯ 12.50% ᠢ ᠡᠵᠡᠯᠡᠵᠡᠢ᠂ ᠨᠢᠰᠬᠡᠯ᠂ ᠭᠠᠯᠲᠤ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠢᠷᠡᠭᠰᠡᠨ ᠵᠢᠭᠤᠯᠴᠢᠯᠠᠭᠴᠢᠳ ᠤᠨ ᠬᠠᠷᠢᠴᠠᠯ 11.25% ᠶᠢ ᠡᠵᠡᠯᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ