5 ᠳ᠋ᠤᠭᠠᠷ ᠰᠠᠷ᠎ᠠ ᠶᠢᠨ 4 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠨᠡᠮᠡᠭᠳᠡᠭᠰᠡᠨ ᠣᠷᠣᠨ ᠨᠤᠲᠤᠭ ᠤᠨ ᠡᠪᠡᠳᠴᠢᠨ ᠤ ᠵᠢᠱᠢᠶ᠎ᠡ ᠠᠴᠠ 4 ᠬᠥᠮᠥᠨ ︵ᠪᠤᠭᠤᠲᠤ | ᠬᠤᠲᠠ ᠳᠤ 3᠂ ᠬᠥᠯᠥᠨ ᠪᠣᠶᠢᠷ ᠬᠤᠲᠠ ᠳᠤ 1︶ ᠢᠯᠠᠷᠢᠰᠢᠵᠦ ᠡᠮᠨᠡᠯᠭᠡ ᠠᠴᠠ ᠭᠠᠷᠪᠠ᠃ | 5 ᠳ᠋ᠤᠭᠠᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 46 ᠪᠠᠶᠢᠵᠤ᠂ ᠡᠭᠦᠨ ᠳᠤ ᠬᠥᠯᠥᠨ ᠪᠣᠶᠢᠷ ᠬᠤᠲᠠ ᠳᠤ 45᠂ ᠤᠯᠠᠭᠠᠨᠬᠠᠳᠠ ᠬᠤᠲᠠ ᠳᠤ 1 ᠪᠣᠶ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |