ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠴᠢᠳᠤᠭᠠᠷ ᠪᠦᠯᠦᠭ ᠤᠨ 15 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/5/5
      ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 33 ᠪᠦᠯᠦᠭ ᠤᠨ ᠨᠡᠶᠢᠲᠡ 442 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 235 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 207 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 24 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠭᠤᠴᠢᠳᠤᠭᠠᠷ ᠪᠦᠯᠦᠭ ᠤᠨ 15 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 6 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠭᠤᠴᠢᠳᠤᠭᠠᠷ ᠪᠦᠯᠦᠭ ᠤᠨ 15 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 10 ᠬᠡᠷᠡᠭ  ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 5 ᠬᠡᠷᠡᠭ ᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠪᠠ᠃      5 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 30 ᠳ᠋ᠤᠭᠠᠷ ᠪᠦᠯᠦᠭ ᠤᠨ ᠨᠡᠶᠢᠲᠡ 418 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 218 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 126 ᠬᠤᠪᠢ ᠶᠢ  ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 74 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 35 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 12 ᠢ ᠨᠢ ᠬᠡᠷᠡᠭ ᠪᠣᠯᠭᠠᠨ ᠳᠡᠩᠰᠡᠯᠡᠨ ᠰᠢᠢᠳᠭᠡᠵᠦ᠂ 50.348786 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠪᠠ᠃ 13 ᠶᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 11 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 2 ᠨᠢᠭᠡᠴᠡ᠂ 14 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ᠢ ᠬᠡᠷᠡᠭ ᠢᠶᠠᠷ ᠳᠠᠩᠰᠠᠯᠠᠨ ᠬᠢᠨᠠᠨ ᠪᠠᠶᠢᠴᠠᠭᠠᠵᠤ᠂ 1 ᠬᠥᠮᠥᠨ ᠢ ᠵᠠᠰᠠᠭ ᠵᠠᠬᠢᠷᠭᠠᠨ ᠤ ᠬᠡᠷᠡᠭ ᠢᠶᠠᠷ ᠲᠦᠷ ᠬᠤᠷᠢᠪᠠ᠃      ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ