︽ᠬᠥᠬᠡ ᠬᠤᠸᠠᠷ︾ ᠬᠥᠬᠡᠬᠤᠲᠠ ᠳᠤ ᠣᠯᠠᠨ ᠲᠠᠢ ᠵᠣᠯᠭᠠᠯ᠎ᠠ
ᠨᠡᠶᠢᠲᠡᠯᠡᠭᠰᠡᠨ ᠴᠠᠭ᠄
2022/5/5
res04_attpic_brief (3).jpg
      4 ᠳ᠋ᠦ᠋ᠭᠡᠷ ᠰᠠᠷ᠎ᠠ ᠶᠢᠨ 30 ᠤ ᠡᠳᠦᠷ ᠠᠴᠠ 5 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ︽ᠬᠥᠬᠡ ᠬᠤᠸᠠᠷ ᠢ ᠰᠣᠨᠢᠷᠬᠠᠬᠤ︾ ᠮᠦᠽᠧᠢ ᠶᠢᠨ ᠰᠣᠨᠢᠷᠬᠠᠯᠲᠤ ᠬᠥᠳᠡᠯᠭᠡᠭᠡᠨ ᠮᠠᠨ ᠤ ᠬᠤᠲᠠ ᠳᠤ ᠶᠠᠪᠤᠭᠳᠠᠪᠠ᠃      ᠬᠥᠳᠡᠯᠭᠡᠭᠡᠨ ᠤ ᠠᠬᠤᠢ ᠲᠠᠯᠠᠪᠠᠶ ᠳᠤ ᠮᠠᠨ ᠤ ᠤᠯᠤᠰ ᠤᠨ ᠱᠠᠭᠠᠵᠠᠩ ᠡᠳ᠋ᠯᠡᠯ ᠤᠨ ᠰᠣᠶᠣᠯ ᠤᠨ ᠴᠢᠬᠤᠯᠠ ᠲᠥᠯᠥᠭᠡᠯᠡᠭᠴᠢ ᠪᠣᠯᠬᠤ᡺ᠶᠤᠸᠠᠨ ᠤᠯᠤᠰ ᠤᠨ ᠬᠥᠬᠡ ᠬᠤᠸᠠᠷᠲᠤ ᠱᠠᠭᠠᠵᠠᠩ ᠢ ᠳᠡᠯᠭᠡᠨ ᠦᠵᠡᠭᠦᠯᠵᠡᠢ᠂ ᠡᠳᠡᠭᠡᠷ ᠱᠠᠭᠠᠵᠠᠩ ᠡᠳ᠋ᠯᠡᠯ ᠤᠨ ᠬᠡᠯᠪᠡᠷᠢ᠂ ᠬᠡ ᠤᠭᠠᠯᠵᠠ ᠠᠴᠠ ᠠᠪᠤᠭᠠᠳ ᠮᠠᠲ᠋ᠧᠷᠢᠶᠠᠯ ᠰᠣᠩᠭᠤᠬᠤ᠂ ᠰᠢᠲᠠᠭᠠᠨ ᠦᠢᠯᠡᠳᠬᠦ ᠵᠢᠴᠢ ᠤᠷᠠᠯᠠᠯ ᠳᠤ ᠬᠦᠷᠲᠡᠯ᠎ᠡ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ ᠪᠠᠶᠢᠵᠤ᠂ ᠳᠤᠮᠳᠠᠳᠤ ᠶᠢᠨ ᠲᠠᠪᠤᠨ ᠮᠢᠩᠭᠠᠨ ᠵᠢᠯ ᠤᠨ ᠦᠨᠳᠦᠰᠦᠲᠡᠨ ᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠪᠠᠶᠢᠨ᠎ᠠ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ