ᠵᠣᠴᠢᠨ᠄ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ | ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠡᠵᠡᠩᠨᠡᠯᠲᠡ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ | ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ᠂ ᠦᠨ᠎ᠡ | ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭᠠᠨ ᠤ ᠯᠢ ᠵᠧ | 1.ᠬᠠᠮᠢᠶᠠᠷᠤᠭᠴᠢ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ | ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | 2. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ | ᠦ᠋ ᠶᠦᠩ ᠾᠧᠦ | ᠬᠥᠲᠥᠯᠥᠭᠴᠢ ᠰᠠᠶᠢᠨ ᠪᠠᠶᠢᠨ᠎ᠠ ᠤᠤ︕ ᠰᠣᠨᠣᠰᠤᠭᠴᠢᠳ᠂ ᠰᠦᠯᠵᠢᠶᠡᠨ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠷᠭᠡᠨ ᠣᠯᠠᠨ ᠰᠦᠯᠵᠢᠶᠡᠨ | ᠨᠠᠶᠢᠵᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠰᠦᠯᠵᠢᠶᠡᠨ ᠨᠠᠶᠢᠵᠠ ᠨᠠᠷ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠢᠮᠠᠭᠲᠠ ᠠᠩᠬᠠᠷᠤᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠲᠠᠨᠠᠷ ᠤᠨ ᠮᠠᠨ ᠤ ᠠᠵᠢᠯ ᠳᠤ | ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ | 3. ᠬᠥᠲᠥᠯᠥᠭᠴᠢ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠣᠯ ᠥᠨᠢᠳᠡ ᠶᠢᠨ ᠶᠠᠷᠢᠶᠠᠨ ᠤ ᠰᠡᠳᠦᠪ ᠮᠥᠨ᠂ ᠬᠡᠷᠡᠭᠯᠡᠭᠡᠨ ᠤ ᠰᠠᠨᠠᠭ᠎ᠠ ᠠᠮᠤᠷ ᠣᠷᠴᠢᠨ | ᠨᠥᠬᠦᠴᠡᠯ ᠢ ᠪᠤᠶ ᠪᠣᠯᠭᠠᠬᠤ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠷᠮᠠᠶᠢᠬᠤ ᠴᠢᠭᠯᠡᠯ ᠪᠣᠯᠣᠭᠰᠠᠭᠠᠷ ᠢᠷᠡᠭᠰᠡᠨ ᠶᠤᠮ᠃ | ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠡᠨᠡ ᠵᠢᠯ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠣᠨ ᠤ ᠭᠤᠣᠯ ᠰᠡᠳᠦᠪ ᠢ ︽ᠬᠡᠷᠡᠭᠯᠡᠭᠡ | ᠶᠢᠨ ᠭᠤᠣᠯᠴᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾ ᠭᠡᠵᠦ ᠲᠣᠭᠲᠠᠭᠠᠵᠠᠢ᠃ ᠡᠨᠡ ᠬᠦ ᠭᠤᠣᠯ ᠰᠡᠳᠦᠪ ᠨᠢ ᠶᠠᠮᠠᠷ ᠤᠳᠬ᠎ᠠ ᠠᠭᠤᠯᠭ᠎ᠠ ᠲᠠᠢ ᠪᠤᠢ︖ | 4. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ | ᠶᠦᠩ ᠾᠧᠦ | ᠡᠨᠡ ᠵᠢᠯ ᠤᠨ ᠭᠤᠣᠯ ᠰᠡᠳᠦᠪ ᠪᠣᠯ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾᠂ ᠡᠭᠦᠨ ᠳᠤ ᠳᠣᠣᠷᠠᠬᠢ ᠳᠥᠷᠪᠡᠨ ᠲᠠᠯ᠎ᠠ | ᠶᠢᠨ ᠤᠳᠬ᠎ᠠ ᠠᠭᠤᠯᠭ᠎ᠠ ᠲᠠᠢ᠄ ᠨᠢᠭᠡ ᠳᠤ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠭᠤᠣᠯᠴᠢ ᠪᠠᠶᠢᠬᠤ ᠶᠢ | ᠨᠡᠩ ᠢᠯᠡᠬᠦᠦ ᠪᠠᠲᠤᠯᠠᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠰᠢ ᠣᠯᠠᠨ ᠬᠡᠷᠡᠭᠯᠡᠭᠡᠨ ᠤ ᠬᠦᠷᠢᠶᠡᠨ ᠳᠤ ᠠᠳᠠᠯᠢ ᠪᠤᠰᠤ ᠬᠡᠮᠵᠢᠶ᠎ᠡ ᠪᠠᠷ ᠮᠥᠨ ᠬᠦ ᠭᠤᠣᠯᠴᠢ | ᠪᠤᠰᠤ ᠦᠵᠡᠭᠳᠡᠯ ᠣᠷᠣᠰᠢᠭᠰᠠᠭᠠᠷ ᠪᠠᠶᠢᠨ᠎ᠠ᠂ ᠥᠩᠭᠡᠷᠡᠭᠰᠡᠨ ᠤ ︽ᠵᠢᠩ ᠯᠠᠩ ᠳᠤᠲᠠᠭᠤᠳᠠᠵᠤ︾ ᠪᠠᠶᠢᠭᠰᠠᠨ ᠠᠴᠠ ᠪᠠᠨ ᠥᠨᠥᠳᠥᠷ ᠤᠨ ᠲᠣᠮᠣ ᠳ᠋ᠠᠶᠢᠲ᠋ᠠ ᠶᠢᠨ | ︽ ᠲᠠᠨᠢᠯ ᠬᠦᠮᠦᠨ ᠢ ᠪᠠᠨ ᠮᠡᠬᠡᠯᠡᠵᠦ ᠬᠢᠬᠠᠬᠤ︾ ᠬᠦᠷᠲᠡᠯ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠲᠥᠷᠥ ᠶᠢᠨ | ᠪᠣᠳᠣᠯᠭ᠎ᠠ ᠢᠯᠡᠷᠡᠬᠦ ᠶᠢ ᠳᠠᠭᠠᠯᠳᠤᠨ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠪᠠᠶᠢᠳᠠᠯ ᠳᠤ ᠲᠠᠰᠤᠷᠠᠯᠲᠠ ᠦᠭᠡᠢ ᠰᠢᠨ᠎ᠡ ᠬᠤᠪᠢᠷᠠᠯᠲᠠ ᠭᠠᠷᠤᠭᠰᠠᠨ ᠪᠦᠭᠡᠳ | ᠮᠦᠨ ᠰᠢᠨ᠎ᠡ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ | ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠲᠠᠯ᠎ᠠ ᠪᠠᠷ᠂ ᠬᠡᠷᠡᠭᠯᠡᠭᠡ ᠶᠢᠨ ᠵᠢᠭᠤᠷᠠᠯᠳᠤᠭᠠᠨ ᠢ | ᠰᠢᠢᠳᠪᠦᠷᠢᠯᠡᠬᠦ ᠡᠳᠡᠭᠡᠷ ᠪᠠᠶᠢᠩᠭᠤ ᠶᠢᠨ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠬᠡᠷᠡᠭᠯᠡᠭᠡ ᠶᠢᠨ ᠲᠥᠪ ᠭᠤᠣᠯᠴᠢ ᠪᠠᠶᠢᠬᠤ ᠶᠢ ᠠᠬᠢᠭᠤᠯᠬᠤ | ᠬᠡᠷᠡᠭᠲᠡᠢ ᠮᠥᠷᠲᠡᠭᠡᠨ ᠪᠠᠰᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠠᠴᠠ ᠡᠭᠦᠰᠴᠦ᠂ ᠨᠡᠶᠢᠭᠡᠮ ᠤᠨ | ᠡᠯ᠎ᠡ ᠲᠠᠯ᠎ᠠ ᠶᠢᠨ ᠬᠦᠴᠦᠨ ᠲᠠᠢ ᠢᠳᠡᠪᠬᠢᠲᠡᠢ ᠬᠤᠯᠪᠤᠭᠠᠯᠠᠨ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠬᠦ ᠶᠢ ᠲᠦᠯᠬᠢᠨ | ᠠᠬᠢᠭᠤᠯᠵᠤ᠂ ᠬᠡᠷᠡᠭᠯᠡᠭᠡ ᠶᠢᠨ ᠲᠥᠪ ᠭᠤᠣᠯᠴᠢ ᠶᠢ ᠬᠠᠮᠳᠤᠪᠡᠷ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠤᠨ ᠬᠠᠤᠯᠢ ᠪᠠᠷ ᠵᠠᠰᠠᠬᠤ ᠪᠠᠲᠤᠯᠠᠭ᠎ᠠ ᠶᠢᠨ | ᠰᠠᠭᠤᠷᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠢ᠃ ᠬᠤᠶᠠᠷ ᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ ᠶᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ᠂ ᠬᠡᠷᠡᠭᠯᠡᠭᠡᠨ ᠤ ᠨᠡᠩ ᠭᠦᠨ ᠳᠡᠰ ᠳᠠᠪᠬᠤᠷᠭ᠎ᠠ ᠶᠢᠨ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠠᠵᠤ ᠠᠬᠤᠢ ᠶᠢᠨ ᠬᠥᠭᠵᠢᠯᠲᠡ᠂ | ᠲᠧᠭᠨᠢᠭ ᠮᠡᠷᠭᠡᠵᠢᠯ ᠤᠨ ᠲᠠᠪᠰᠢᠯᠳᠠ ᠵᠢᠴᠢ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠲᠡᠰ ᠲᠡᠪᠰᠢᠯᠳᠡ ᠨᠢ ᠬᠡᠷᠡᠭᠯᠡᠭᠴᠢᠳ ᠤᠨ | ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢ ᠠᠳᠠᠯᠢ ᠪᠤᠰᠤ ᠬᠡᠮᠵᠢᠶ᠎ᠡ ᠪᠠᠷ ᠬᠠᠩᠭᠠᠭᠰᠠᠨ ᠪᠠᠶᠢᠨ᠎ᠠ᠃ ᠭᠡᠪᠡᠴᠦ | ᠬᠥᠷᠥᠩᠭᠡ ᠶᠢᠨ ︽ ᠵᠡᠷᠯᠢᠭ ᠥᠰᠦᠯᠲᠡ︾ ᠪᠣᠯᠣᠨ ︽ᠡᠮᠬᠢ ᠵᠢᠷᠤᠮ ᠦᠭᠡᠢ ᠥᠷᠭᠡᠳᠬᠡᠯ︾ ᠨᠢ ᠵᠠᠷᠢᠮ ᠲᠠᠪᠴᠠᠩ ᠪᠣᠯᠣᠨ ᠡᠵᠡᠩᠨᠡᠭᠴᠢᠳ ᠢ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ ︾ ᠡᠰᠢ ᠶᠣᠰᠣᠨ ᠤ ᠥᠷᠲᠡᠭ ᠤᠨ ᠬᠥᠭᠡᠭᠡᠴᠡᠯᠳᠦᠯ ᠠᠴᠠ ᠵᠥᠷᠢᠴᠡᠭᠦᠯᠵᠦ᠂ ᠬᠡᠷᠡᠭᠯᠡᠭᠴᠢᠳ ᠤᠨ | ᠬᠡᠷᠡᠭᠯᠡᠭᠡᠨ ᠤ ᠮᠡᠳᠡᠭᠡ ᠵᠠᠩᠭᠢ᠂ ᠬᠡᠷᠡᠭᠯᠡᠭᠡᠨ ᠤ ᠰᠡᠳᠬᠢᠴᠡ᠂ ᠬᠡᠷᠡᠭᠯᠡᠭᠡᠨ ᠤ ᠠᠵᠢᠯᠯᠠᠭ᠎ᠠ᠂ ᠬᠡᠷᠡᠭᠯᠡᠭᠡᠨ ᠤ ᠴᠢᠳᠠᠪᠤᠷᠢ ᠵᠡᠷᠭᠡ ᠶᠢ ᠵᠦᠢ ᠵᠣᠬᠢᠰ ᠦᠭᠡᠢ ᠪᠠᠷ | ᠴᠤᠭᠯᠠᠭᠤᠯᠵᠤ᠂ ᠰᠢᠯᠢᠨ ᠰᠣᠩᠭᠤᠵᠤ᠂ ᠬᠡᠷᠡᠭᠯᠡᠵᠦ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠪᠠᠶᠢᠬᠤ ᠵᠠᠬ᠎ᠠ ᠳᠡᠯᠭᠡᠭᠦᠷ ᠤᠨ ᠡᠮᠬᠢ | ᠵᠢᠷᠤᠮ ᠪᠣᠯᠣᠨ ᠠᠮᠤᠷ ᠲᠦᠪᠰᠢᠨ ᠳᠥᠭᠦᠮ ᠳᠥᠲᠡ᠂ ᠰᠠᠨᠠᠭ᠎ᠠ ᠠᠮᠤᠷ ᠲᠠᠭᠠᠯᠠᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠃ | ᠬᠡᠷᠡᠭᠯᠡᠭᠡᠨ ᠤ ᠭᠤᠣᠯᠴᠢ ᠪᠠᠶᠢᠬᠤ ᠶᠢ ᠬᠠᠮᠳᠤᠪᠡᠷ ᠠᠬᠢᠭᠤᠯᠬᠤ ᠪᠣᠯ ᠳᠠᠷᠤᠢ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠬᠢᠨᠠᠯᠲᠠ ᠲᠠᠯᠪᠢᠬᠤ | ᠳᠦᠷᠢᠮ ᠢ ᠴᠢᠩᠭᠠᠳᠬᠠᠵᠤ᠂ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ | ᠦᠷᠳᠡᠭ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠯ᠎ᠡ ᠲᠦᠷᠦᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠡᠪ ᠵᠠᠭᠪᠤᠷ ᠤᠨ | ᠵᠢᠷᠤᠮᠵᠢᠯ ᠲᠠᠢ ᠬᠥᠭᠵᠢᠯᠲᠡ ᠶᠢ ᠠᠬᠢᠭᠤᠯᠵᠤ᠂ ᠪᠦᠬᠦ ᠬᠡᠷᠡᠭᠯᠡᠭᠴᠢᠳ ᠤᠨ ᠠᠳᠠᠯᠢ ᠲᠡᠭᠰᠢ ᠬᠡᠷᠡᠭᠯᠡᠭᠡᠨ ᠤ ᠡᠷᠬᠡ ᠡᠳ᠋ᠯᠡᠬᠦ ᠶᠢ ᠪᠠᠲᠤᠯᠠᠵᠤ᠂ ᠬᠡᠳᠦ | ᠵᠦᠷᠢᠶᠡᠴᠢᠯᠡᠭᠰᠡᠨ ᠪᠠ ᠭᠠᠳᠠᠭᠤᠷᠴᠢᠯᠠᠭᠰᠠᠨ ᠵᠡᠷᠭᠡ ᠠᠴᠠ ᠪᠣᠯᠤᠭᠰᠠᠨ ᠬᠡᠷᠡᠭᠯᠡᠭᠡᠨ ᠤ ᠭᠤᠣᠯᠴᠢ ᠪᠤᠰᠤ ᠠᠴᠠ ᠠᠩᠭᠢᠵᠢᠷᠠᠭᠤᠯᠵᠤ᠂ ᠨᠡᠩ ᠭᠦᠨ ᠳᠠᠪᠬᠤᠷᠭ᠎ᠠ ᠶᠢᠨ | ᠬᠡᠷᠡᠭᠯᠡᠭᠡᠨ ᠤ ᠭᠤᠣᠯᠴᠢ ᠪᠠᠶᠢᠬᠤ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠭᠤᠷᠪᠠ ᠳᠤ᠂ ᠣᠨᠴᠠᠭᠠᠢ ᠨᠢᠭᠡ ᠪᠦᠯᠦᠭ ᠬᠦᠮᠦᠰ ᠤᠨ ᠬᠠᠮᠠᠭᠠᠯᠠᠯᠲᠠ ᠶᠢ | ᠴᠢᠩᠭᠠᠳᠬᠠᠵᠤ᠂ ᠨᠡᠩ ᠶᠡᠭᠡ ᠬᠡᠪᠴᠢᠶᠡᠨ ᠤ ᠬᠡᠷᠡᠭᠯᠡᠭᠡ ᠶᠢᠨ ᠡᠷᠬᠡ ᠲᠡᠭᠰᠢ ᠪᠠᠶᠢᠬᠤ ᠶᠢ ᠪᠡᠶᠡᠯᠡᠭᠦᠯᠦᠨ᠎ᠡ᠃ ᠬᠡᠷᠡᠭᠯᠡᠭᠡᠨ ᠤ ᠡᠷᠬᠡ ᠲᠡᠭᠰᠢ ᠶᠢ ᠬᠠᠮᠳᠤᠪᠡᠷ | ᠠᠬᠢᠭᠤᠯᠬᠤ ᠪᠣᠯ ᠪᠦᠬᠦ ᠬᠡᠷᠡᠭᠯᠡᠭᠴᠢᠳ ᠤᠨ ᠬᠡᠷᠡᠭᠯᠡᠭᠡᠨ ᠤ ᠡᠷᠬᠡ ᠲᠡᠭᠰᠢ ᠶᠢ ᠠᠬᠢᠭᠤᠯᠬᠤ ᠶᠠᠪᠤᠳᠠᠯ ᠮᠥᠨ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠶᠢ ᠲᠦᠯᠬᠢᠨ ᠠᠬᠢᠭᠤᠯᠵᠤ᠂ ᠪᠠᠰᠠ | ᠨᠠᠰᠤᠨ ᠳᠤ ᠥᠯᠥ ᠬᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠣᠷᠣᠯᠭ᠎ᠠ ᠳᠣᠣᠷ᠎ᠠ ᠬᠥᠮᠥᠰ ᠵᠡᠷᠭᠡ ᠣᠨᠴᠠᠭᠠᠶ ᠨᠢᠭᠡ ᠪᠦᠯᠦᠭ ᠬᠡᠷᠡᠭᠯᠡᠭᠴᠢᠳ ᠢ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ᠂ ᠰᠢᠶᠠᠩ ᠪᠠᠯᠭᠠᠰᠤ ᠪᠠ ᠰᠢᠶᠠᠨ ᠤ | ᠬᠡᠪᠴᠢᠶᠡᠨ ᠤ ᠭᠠᠵᠠᠷ ᠣᠷᠣᠨ ᠤ ᠬᠡᠷᠡᠭᠯᠡᠭᠡᠨ ᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠲᠡᠳᠡᠨ ᠳᠤ | ᠠᠳᠠᠯᠢ ᠲᠡᠭᠰᠢ ᠠᠵᠠ ᠲᠣᠬᠢᠶᠠᠯ ᠪᠠ ᠡᠷᠬᠡ ᠲᠡᠭᠰᠢ ᠪᠡᠶ᠎ᠡ ᠬᠡᠮ ᠢ ᠡᠳ᠋ᠯᠡᠭᠦᠯᠦᠨ ᠬᠡᠷᠡᠭᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠭᠰᠠᠨ ᠰᠠᠭᠤᠷᠢᠨ ᠳᠡᠭᠡᠷ᠎ᠡ᠂ ᠴᠠᠭ ᠦᠶ᠎ᠡ ᠶᠢᠨ ᠬᠡᠷᠡᠭᠯᠡᠭᠡᠨ ᠤ | ᠠᠯᠬᠤᠴᠠ ᠶᠢ ᠳᠠᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠤᠪᠡᠷ ᠡᠳ᠋ᠯᠡᠵᠦ᠂ ᠨᠡᠩ ᠶᠡᠭᠡ ᠬᠡᠪᠴᠢᠶᠡᠨ ᠤ ᠬᠡᠷᠡᠭᠯᠡᠭᠡᠨ ᠤ ᠭᠤᠣᠯᠴᠢ | ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ ᠦᠢᠯᠡᠳᠦᠯᠭᠡᠵᠢᠭᠦᠯᠵᠦ᠂ ᠨᠡᠩ | ᠥᠷᠬᠦᠯᠵᠢᠯᠡᠬᠦᠶᠢᠴᠡ ᠬᠡᠷᠡᠭᠯᠡᠭᠡ ᠶᠢᠨ ᠡᠷᠬᠡ ᠲᠡᠭᠰᠢ ᠶᠢ ᠪᠡᠶᠡᠯᠡᠭᠦᠯᠦᠨ᠎ᠡ᠃ 2021 ᠣᠨ ᠤ ᠡᠴᠦᠰ ᠤᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠠᠴᠠ᠂ ᠬᠡᠷᠡᠭᠯᠡᠭᠡᠨ ᠤ ᠬᠦᠷᠢᠶᠡᠨ ᠳᠤ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠢ᠂ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ ᠭᠡᠵᠦ ᠳᠤᠷᠠᠳᠴᠠᠢ᠃ ᠬᠡᠷᠡᠭᠯᠡᠭᠡᠨ ᠤ | ᠭᠤᠣᠯᠴᠢ ᠪᠠᠶᠢᠬᠤ ᠶᠢ ᠬᠠᠮᠳᠤᠪᠡᠷ ᠠᠬᠢᠭᠤᠯᠬᠤ ᠪᠣᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ | ᠪᠣᠳᠠᠲᠠᠢ ᠠᠷᠭ᠎ᠠ ᠬᠡᠮᠵᠢᠶ᠎ᠡ ᠮᠥᠨ᠂ ᠬᠡᠷᠡᠭᠯᠡᠭᠴᠢᠳ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠪᠠ | ᠦᠷᠭᠦᠯᠵᠢᠯᠡᠬᠦᠶᠢᠴᠡ ᠬᠡᠷᠡᠭᠯᠡᠭᠡᠨ ᠤ ᠠᠷᠭ᠎ᠠ ᠮᠠᠶ᠋ᠢᠭ ᠢ ᠢᠳᠡᠪᠬᠢᠲᠡᠢ ᠦᠢᠯᠡᠳᠦᠯᠭᠡᠵᠢᠭᠦᠯᠬᠦ ᠶᠢ ᠰᠠᠨᠠᠭᠠᠴᠢᠯᠠᠬᠤ ᠨᠢ᠂ ᠪᠢᠳᠡᠨ ᠤ ᠣᠳᠣᠬᠠᠨ ᠤ ᠬᠡᠷᠡᠭᠯᠡᠭᠡ ᠨᠢ | ᠦᠷ᠎ᠡ ᠬᠤᠶᠢᠴᠢᠰ ᠤᠨ ᠢᠶᠠᠨ ᠦᠷᠭᠦᠯᠵᠢᠯᠡᠬᠦᠶᠢᠴᠡ ᠬᠡᠷᠡᠭᠯᠡᠭᠡ ᠳᠤ ᠬᠠᠷᠢᠭᠤᠴᠠᠵᠤ᠂ ᠲᠡᠳᠡᠨ ᠤ ᠬᠡᠷᠡᠭᠯᠡᠭᠡ ᠶᠢᠨ ᠭᠤᠣᠯᠴᠢ ᠪᠠᠶᠢᠬᠤ ᠬᠦᠰᠡᠯ ᠱᠠᠭᠠᠷᠳᠠᠯᠭ᠎ᠠ ᠶᠢ | ᠨᠡᠩ ᠢᠯᠡᠭᠦᠦ ᠠᠩᠬᠠᠷᠴᠤ᠂ ᠲᠡᠳᠡᠨ ᠳᠤ ᠨᠡᠩ ᠤᠯᠠᠨ ᠳᠡᠯᠡᠬᠡᠢ ᠶᠢᠨ ᠪᠥᠮᠪᠥᠷᠴᠡᠭ ᠤᠨ ᠡᠬᠢ ᠪᠠᠶᠠᠯᠢᠭ ᠢ ᠦᠯᠡᠳᠡᠭᠡᠨ ᠥᠭᠴᠦ᠂ ᠦᠷ᠎ᠡ ᠬᠤᠶᠢᠴᠢᠰ ᠲᠠᠭᠠᠨ | ᠪᠢᠳᠡᠨ ᠲᠠᠢ ᠠᠳᠠᠯᠢ ᠪᠠᠷ ᠬᠡᠷᠡᠭᠯᠡᠭᠡᠨ ᠤ ᠡᠷᠬᠡ ᠶᠢ ᠡᠷᠬᠡ ᠲᠡᠭᠰᠢ ᠪᠠᠷ ᠡᠳ᠋ᠯᠡᠭᠦᠯᠵᠦ᠂ ᠨᠡᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠳᠡᠭ ᠢ | ᠬᠠᠷᠠᠭᠤᠯᠵᠤ ᠪᠠᠶᠢᠨ᠎ᠠ᠃ | 5. ᠬᠥᠲᠥᠯᠥᠭᠴᠢ | ᠲᠠ ᠰᠠᠶ᠋ᠢᠬᠠᠨ ᠡᠨᠡ ᠵᠢᠯ ᠤᠨ 315 ᠤ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠳᠤᠪᠡᠷ ᠠᠬᠢᠭᠤᠯᠤᠶ᠎ᠠ︾ ᠭᠡᠬᠦ ᠭᠤᠣᠯ ᠰᠡᠳᠦᠪ ᠢ ᠳᠤᠷᠠᠳᠤᠭᠰᠠᠨ | ᠪᠠᠶᠢᠨ᠎ᠠ᠃ ᠪᠢᠳᠡᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠲᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠳᠡᠭᠡᠭᠰᠢᠯᠡᠬᠦ ᠶᠢ ᠳᠠᠭᠠᠯᠳᠤᠨ᠂ | ᠬᠡᠷᠡᠭᠯᠡᠭᠡᠨ ᠤ ᠵᠢᠭᠤᠷᠠᠯᠳᠤᠭᠠᠨ ᠳᠤ ᠤᠴᠠᠷᠠᠬᠤ ᠦᠶ᠎ᠡ ᠳᠤ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠠᠯᠠᠮᠵᠢ | ᠭᠤᠶᠤᠴᠢᠯᠠᠳᠠᠭ᠂ ᠲᠡᠭᠡᠪᠡᠯ ᠪᠢᠳᠠ ᠬᠡᠷᠡᠭᠯᠡᠭᠡᠨ ᠤ ᠲᠠᠯ᠎ᠠ ᠶᠢᠨ ᠵᠢᠭᠤᠷᠠᠯᠳᠤᠭᠠᠨ ᠳᠤ ᠲᠤᠯᠭᠠᠷᠠᠪᠠᠯ ᠶᠠᠮᠠᠷ ᠠᠷᠭ᠎ᠠ ᠮᠠᠶ᠋ᠢᠭ ᠢᠶᠠᠷ ᠭᠤᠮᠣᠳᠠᠯ ᠲᠣᠭᠠᠴᠢᠬᠤ | ᠴᠢᠬᠤᠯᠠᠲᠠᠢ ᠪᠤᠢ︖ | 6. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ | ᠪᠢᠳᠡ ᠣᠳᠣᠬᠠᠨ ᠳᠤ ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠯᠡᠭᠡᠨ ᠤ ᠵᠠᠭᠠᠯᠳᠤᠯᠭ᠎ᠠ ᠪᠠ ᠢᠯᠡᠴᠢᠯᠡᠨ | ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠵᠦ ᠪᠠᠶᠢᠨ᠎ᠠ᠄ ᠨᠢᠭᠡ ᠳᠤ 12315 ᠲᠠᠪᠴᠠᠩ᠂ ᠭᠤᠣᠯᠳᠠᠭᠤ ᠤᠳᠠᠰᠤ ᠲᠤᠰᠴᠤ ᠭᠥᠯᠢᠶᠡᠨ ᠠᠪᠤᠨ᠎ᠠ᠂ | ᠡᠨᠡ ᠨᠢ ᠣᠳᠣᠬᠠᠨ ᠳᠤ 76.93% ᠶᠢ ᠡᠵᠡᠯᠡᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠷᠭ᠎ᠠ ᠵᠠᠮ ᠤᠨ ᠲᠣᠳᠤᠷ᠎ᠠ ᠨᠡᠯᠢᠶᠡᠳ ᠶᠡᠭᠡ ᠶᠢ ᠡᠵᠡᠯᠡᠵᠦ | ᠪᠠᠶᠢᠨ᠎ᠠ︔ ᠬᠤᠶᠠᠷ ᠲᠤ ᠢᠨᠲ᠋ᠧᠷ ᠰᠦᠯᠵᠢᠶᠡᠨ ᠤ ᠠᠷᠭ᠎ᠠ ᠵᠠᠮ᠂ ᠡᠭᠦᠨ ᠳᠤ PC ᠦᠵᠦᠭᠦᠷ᠂ APP᠂ ᠸᠢᠴᠠᠲ ᠤᠨ ᠵᠢᠵᠢᠭ ᠫᠷᠣᠭ᠍ᠷᠠᠮ ᠪᠠ ᠸᠢᠴᠠᠲ ᠤᠨ | ᠨᠡᠶᠢᠲᠡ ᠶᠢᠨ ᠳ᠋ᠤᠭᠠᠷ᠂ ᡁᠢ ᠹᠦ᠋ ᠪᠣᠣ ᠤᠨ ᠵᠢᠵᠢᠭ ᠫᠷᠣᠭ᠍ᠷᠠᠮ ᠪᠠ ᠬᠤᠲᠠ ᠶᠢᠨ ᠦᠢᠯᠡᠴᠢᠯᠡᠭᠡ ᠵᠡᠷᠭᠡ ᠪᠠᠭᠲᠠᠨ᠎ᠠ᠂ ᠡᠨᠡ ᠨᠢ 20.72% ᠢ ᠡᠵᠡᠯᠡᠵᠦ ᠪᠠᠶᠢᠨ᠎ᠠ︔ | ᠭᠤᠷᠪᠠ ᠳᠤ ᠰᠢᠤᠳᠠᠨ ᠤ ᠬᠠᠶᠢᠷᠴᠠᠭ᠂ ᠵᠠᠬᠢᠳᠠᠯ᠂ ᠪᠤᠰᠤᠳ ᠰᠠᠯᠠᠭ᠎ᠠ ᠮᠥᠴᠢᠷ ᠰᠢᠯᠵᠢᠭᠦᠯᠦᠨ ᠰᠢᠢᠳᠪᠦᠷᠢᠯᠡᠭᠦᠯᠬᠦ ᠵᠡᠷᠭᠡ ᠪᠣᠯᠣᠨ᠎ᠠ᠂ ᠡᠨᠡ ᠨᠢ 2.35% ᠶᠢ | ᠡᠵᠡᠯᠡᠵᠦ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠰᠠᠨᠠᠯ ᠳᠤᠷᠠᠳᠤᠯᠭ᠎ᠠ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ᠂ ᠶᠠᠷᠢᠶ᠎ᠠ ᠬᠡᠯᠡᠯᠴᠡᠭᠡ ᠶᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠵᠠᠮ ᠪᠣᠢ | ᠃ | 7. ᠬᠥᠲᠥᠯᠥᠭᠴᠢ | ᠮᠠᠨ ᠤ ᠠᠷᠠᠳ ᠣᠯᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠦᠷᠭᠦᠯᠵᠢ ︽ᠬᠡᠷᠡᠭᠯᠡᠭᠡᠨ ᠤ ᠵᠢᠭᠤᠷᠠᠯᠳᠤᠭᠠᠨ ᠲᠣᠬᠢᠶᠠᠯᠳᠤᠪᠠᠯ᠂ ᠤᠷᠢᠳ ᠢᠶᠠᠷ | 12315 ᠶᠢ ᠡᠷᠢᠨ᠎ᠡ︾ ᠭᠡᠵᠦ ᠶᠠᠷᠢᠳᠠᠭ᠃ ᠡᠨᠡ ᠨᠢ 12315 ᠲᠠᠪᠴᠠᠩ ᠤᠨ ᠠᠷᠠᠳ ᠣᠯᠠᠨ ᠤ ᠰᠡᠳᠬᠢᠯ ᠳᠠᠬᠢ ᠴᠢᠬᠤᠯᠠ ᠴᠢᠨᠠᠷ ᠢ ᠬᠠᠷᠠᠭᠤᠯᠵᠤ | ᠪᠠᠶᠢᠭ᠎ᠠ ᠶᠤᠮ᠃ ᠨᠢᠳᠤᠨᠤᠨ ᠤ 12315 ᠶᠢᠨ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠢ ᠲᠠ ᠪᠢᠳᠡᠨ ᠳᠤ ᠲᠠᠨᠢᠯᠴᠠᠭᠤᠯᠤᠭᠠᠳ ᠦᠭᠭᠦᠨ᠎ᠡ ᠤᠤ︖ | 8. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ | 2021ᠣᠨ ᠳᠤ ᠬᠥᠬᠡᠬᠤᠲᠠ ᠶᠢᠨ ᠪᠥᠬᠦ ᠤᠯᠤᠰ ᠤᠨ 12315 ᠲᠠᠪᠴᠠᠩ ᠡᠯ᠎ᠡ ᠲᠥᠷᠥᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ | ᠯᠠᠪᠯᠠᠯᠭ᠎ᠠ ᠶᠢ ᠨᠡᠶᠢᠲᠡ 4.28 ᠲᠦᠮᠡᠨ ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 145.32% ᠨᠡᠮᠡᠭᠳᠡᠪᠡ ︵2020 ᠣᠨ ᠳᠤ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠨᠡᠶᠢᠲᠡ 1.75 ᠲᠦᠮᠡᠨ ᠬᠤᠪᠢ ᠭᠥᠯᠢᠶᠡᠨ ᠠᠪᠤᠪᠠ᠂ ᠡᠭᠦᠨ ᠳᠤ ᠵᠠᠭᠠᠯᠳᠤᠯᠭ᠎ᠠ13518 ᠬᠤᠪᠢ᠂ | ᠢᠯᠡᠴᠢᠯᠡᠨ ᠮᠡᠳᠡᠭᠦᠯᠦᠯᠲᠡ3922 ᠬᠤᠪᠢ︶᠃ ᠡᠭᠦᠨ ᠳᠤ ᠵᠠᠭᠠᠯᠳᠤᠯᠭ᠎ᠠ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ | ᠨᠢ ᠭᠤᠣᠯᠳᠠᠭᠤ᠄ ᠭᠡᠷ᠎ᠡ᠂ ᠢᠳᠡᠭᠡᠨ ᠤ ᠠᠮᠤᠷ ᠲᠦᠪᠰᠢᠨ᠂ ᠶᠠᠰᠤ ᠴᠢᠨᠠᠷ᠂ ᠪᠤᠰᠤᠳ ᠵᠦᠢᠯ ᠵᠡᠷᠭᠡ ᠪᠣᠯᠣᠨ᠎ᠠ᠃ ᠵᠠᠭᠠᠯᠳᠤᠯᠭ᠎ᠠ ᠭᠥᠯᠢᠶᠡᠨ ᠠᠪᠴᠤ | ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠬᠤᠪᠴᠠᠰᠤ ᠬᠤᠨᠠᠷ᠂ ᠱᠠᠬᠠᠢ ᠮᠠᠯᠠᠭᠠᠢ᠂ ᠪᠤᠰᠤᠳ ᠲᠠᠸᠠᠷ᠂ | ᠵᠠᠮ ᠬᠠᠷᠢᠯᠴᠠᠭᠠᠨ ᠤ ᠪᠠᠭᠠᠵᠢ ᠵᠡᠷᠭᠡ ᠪᠤᠶ᠃ ᠵᠠᠭᠠᠯᠳᠤᠯᠭ᠎ᠠ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ | ᠭᠤᠣᠯᠳᠠᠭᠤ᠄ ᠪᠣᠷᠤᠯᠠᠭᠤᠯᠭ᠎ᠠ ᠶᠢᠨ ᠦᠢᠯᠡᠴᠢᠯᠡᠭᠡ᠂ ᠬᠤᠭᠤᠯᠠ ᠤᠮᠳᠠ ᠪᠠ ᠬᠤᠨᠤᠭ ᠪᠠᠭᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ᠂ ᠪᠣᠯᠪᠠᠰᠤᠷᠠᠯ ᠤᠨ | ᠦᠢᠯᠡᠴᠢᠯᠡᠭᠡ᠂ ᠪᠤᠰᠤᠳ ᠦᠢᠯᠡᠴᠢᠯᠡᠭᠡ ᠵᠡᠷᠭᠡ ᠪᠤᠶ᠃ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠭᠤᠣᠯᠳᠠᠭᠤ᠄ ᠢᠳᠡᠭᠡᠨ ᠤ | ᠠᠰᠠᠭᠤᠳᠠᠯ᠂ ᠵᠠᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠪᠣᠯᠣᠨ᠎ᠠ᠃ ᠢᠯᠡᠴᠢᠯᠡᠨ | ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠲᠠᠮᠠᠬᠢ᠂ ᠠᠷᠢᠬᠢ ᠪᠣᠯᠣᠨ ᠤᠮᠳᠠᠭᠠᠨ᠂ ᠭᠡᠷ ᠤᠨ ᠡᠳ᠋ᠯᠡᠯ | ᠬᠡᠷᠡᠭᠰᠡᠯ᠂ ᠪᠤᠰᠤᠳ ᠲᠠᠸᠠᠷ ᠵᠡᠷᠭᠡ︔ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ ᠭᠤᠣᠯᠳᠠᠭᠤ᠄ ᠬᠤᠭᠤᠯᠠ ᠤᠮᠳᠠ ᠪᠠ | ᠬᠤᠨᠤᠭ ᠪᠠᠭᠤᠳᠠᠯ ᠤᠨ ᠦᠢᠯᠡᠴᠢᠯᠡᠭᠡ᠂ ᠪᠣᠷᠤᠯᠠᠭᠤᠯᠭ᠎ᠠ ᠶᠢᠨ ᠦᠢᠯᠡᠴᠢᠯᠡᠭᠡ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠦᠢᠯᠡᠴᠢᠯᠡᠭᠡ᠂ ᠪᠤᠰᠤᠳ | ᠦᠢᠯᠡᠴᠢᠯᠡᠭᠡ ᠵᠡᠷᠭᠡ ᠪᠣᠶ᠃12315 ᠲᠠᠪᠴᠠᠩ ᠢᠶᠠᠷ ᠳᠠᠮᠵᠢᠭᠤᠯᠤᠨ᠂ 2021 ᠣᠨ ᠳᠤ ᠪᠢᠳᠡ ᠬᠡᠷᠡᠭᠯᠡᠭᠴᠢᠳ ᠲᠤ ᠨᠡᠶᠢᠳᠡ 2088.98 ᠲᠦᠮᠡᠨ | ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ | ᠡᠭᠦᠨ ᠳᠤ᠂ ᠣᠨᠴᠠᠭᠠᠶᠢᠯᠠᠨ ᠳᠤᠷᠠᠳᠤᠭᠤᠰᠢᠲᠠᠢ ᠨᠢ᠂ ᠮᠠᠨ ᠤ ᠬᠤᠲᠠ ᠶᠢᠨ ᠲᠣᠰ ᠤᠳᠠᠭᠠᠨ ᠤ ᠬᠢᠵᠢᠭ ᠤᠨ ᠪᠠᠶᠢᠳᠠᠯ᠂ ᠥᠭᠡᠷ᠎ᠡ ᠪᠠᠷ ᠬᠡᠯᠡᠪᠡᠯ 2 | ᠳ᠋ᠤᠭᠠᠷ ᠰᠠᠷ᠎ᠠ ᠶᠢᠨ 16 ᠤ ᠡᠳᠦᠷ ᠠᠴᠠ ᠣᠲᠣ ᠪᠣᠯᠲᠠᠯ᠎ᠠ᠂ 12315 ᠳᠠᠪᠴᠠᠩ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠶᠢ ᠨᠡᠶᠢᠲᠡ 194 ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 138 ᠬᠤᠪᠢ ᠵᠠᠭᠠᠯᠳᠤᠯᠭ᠎ᠠ᠂ 56 ᠬᠤᠪᠢ ᠢᠯᠡᠴᠢᠯᠡᠨ | ᠮᠡᠳᠡᠭᠦᠯᠦᠯᠲᠡ ᠶᠢ ᠭᠥᠯᠢᠶᠡᠨ ᠠᠪᠤᠭᠰᠠᠨ ᠪᠠᠶᠢᠨ᠎ᠠ᠃ ᠵᠠᠭᠠᠯᠳᠤᠯᠭ᠎ᠠ ᠶᠢᠨ ᠪᠠᠶᠢᠳᠠᠯ ᠤᠨ ᠵᠠᠳᠠᠯᠤᠯᠲᠠ ᠠᠴᠠ ᠦᠵᠡᠪᠡᠯ᠂ ᠭᠤᠣᠯᠳᠠᠭᠤ ᠢᠳᠡᠰᠢᠨ ᠨᠣᠭᠤᠭ᠎ᠠ᠂ | ᠮᠢᠬ᠎ᠠ ᠵᠢᠴᠢ ᠮᠢᠬᠠᠨ ᠢᠳᠡᠭᠡᠨ᠂ ᠵᠢᠮᠢᠰ᠂ ᠡᠮ ᠤᠨ ᠵᠦᠢᠯ᠂ ᠲᠤᠲᠤᠷᠭ᠎ᠠ ᠵᠡᠷᠭᠡ ᠠᠮᠢᠳᠤᠷᠠᠯ ᠤᠨ ᠡᠳ᠋ ᠪᠣᠳᠠᠰ ᠤᠨ ᠦᠨ᠎ᠡ ᠬᠡᠲᠦ ᠥᠨᠳᠥᠷ ᠪᠤᠶᠤ ᠦᠨ᠎ᠡ | ᠬᠠᠩᠰᠢ ᠶᠢ ᠢᠯᠡ ᠲᠡᠮᠳᠡᠭᠯᠡᠭᠰᠡᠨ ᠦᠭᠡᠢ ᠵᠡᠷᠭᠡ ᠲᠠᠯ᠎ᠠ ᠶᠢᠨ ᠵᠠᠭᠠᠯᠳᠤᠯᠭ᠎ᠠ ᠨᠡᠶᠢᠲᠡ 143 ᠬᠤᠪᠢ ᠪᠠᠶᠢᠨ᠎ᠠ᠂ ᠡᠭᠦᠨ ᠳᠤ ᠬᠤᠯᠪᠣᠭᠳᠠᠬᠤ ᠭᠤᠣᠯ ᠴᠣᠭᠴᠠ ᠨᠢ | ᠭᠤᠣᠯᠳᠠᠭᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠪᠣᠯᠣᠨ᠎ᠠ︔ ᠳᠠᠷᠠᠭᠠᠯᠠᠪᠠᠯ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠵᠣᠬᠢᠰ ᠦᠭᠡᠢ ︵ᠠᠮᠠᠪᠴᠢ ᠵᠡᠭᠦᠬᠦ ᠦᠭᠡᠢ᠂ ᠡᠷᠡᠭᠦᠯ ᠮᠡᠨᠳᠦ ᠶᠢᠨ ᠺᠣᠳ᠋ ᠢ ᠦᠵᠡᠬᠦ ᠦᠭᠡᠢ᠂ ᠬᠥᠮᠥᠨ ᠬᠠᠷ᠎ᠠ | ᠴᠤᠭᠯᠠᠷᠠᠬᠤ᠂ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠵᠡᠷᠭᠡ︶ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠨᠡᠶᠢᠲᠡ 22 ᠬᠤᠪᠢ ᠪᠣᠶ᠂ ᠡᠭᠦᠨ ᠳᠤ ᠬᠤᠯᠪᠣᠭᠳᠠᠭᠰᠠᠨ ᠭᠤᠣᠯ ᠴᠣᠭᠴᠠ ᠨᠢ ᠭᠤᠣᠯᠳᠠᠭᠤ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ | ᠬᠡᠲᠦ ᠳᠡᠯᠭᠡᠭᠦᠷ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠡᠮ ᠤᠨ ᠳᠡᠯᠭᠡᠭᠦᠷ ᠵᠡᠷᠭᠡ ᠪᠣᠯᠣᠨ᠎ᠠ︔ ᠰᠦᠢᠳᠬᠡᠯ ᠪᠤᠴᠠᠭᠠᠬᠤ ᠠᠰᠠᠭᠤᠳᠠᠯ ᠳᠤ ᠬᠤᠯᠪᠣᠭᠳᠠᠭᠰᠠᠨ | ᠨᠢ ᠨᠡᠶᠢᠲᠡ 24 ᠬᠤᠪᠢ ᠪᠠᠶᠢᠵᠤ᠂ ᠬᠤᠯᠪᠤᠭᠳᠠᠭᠰᠠᠨ ᠭᠤᠣᠯ ᠴᠤᠭᠴᠠ ᠨᠢ ᠵᠣᠴᠢᠳ ᠤᠨ ᠪᠠᠭᠤᠳᠠᠯ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠡᠲᠦ | ᠳᠡᠯᠭᠡᠭᠦᠷ ᠵᠡᠷᠭᠡ ᠪᠣᠯᠤᠨ᠎ᠠ᠂ ᠪᠤᠰᠤᠳ ᠲᠠᠯ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠨᠡᠶᠢᠲᠡ 5 ᠬᠤᠪᠢ ᠪᠣᠢ ᠃ | 9. ᠬᠥᠲᠥᠯᠥᠭᠴᠢ | ᠪᠢᠳᠡ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠴᠠ ᠦᠵᠡᠪᠡᠯ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠨᠢ ᠠᠯᠢ ᠱᠠᠲᠤ ᠦᠶ᠎ᠡ ᠳᠤ ᠴᠤ | ᠭᠡᠳ ᠴᠥᠮ ᠠᠷᠠᠳ ᠣᠯᠠᠨ ᠤ ᠠᠩᠬᠠᠷᠤᠯ ᠢ ᠬᠠᠮᠤᠭ ᠠᠴᠠ ᠢᠯᠡᠭᠦᠦ ᠲᠠᠲᠠᠵᠤ ᠪᠠᠶᠢᠨ᠎ᠠ᠃ ᠲᠠ ᠰᠠᠶ᠋ᠢᠬᠠᠨ ᠪᠠᠰᠠ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠲᠤᠷᠠᠳᠤᠯ᠎ᠠ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠨᠢ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠯ᠎ᠡ ᠲᠠᠯ᠎ᠠ ᠶᠢᠨ ᠬᠢᠨ ᠤ ᠠᠩᠬᠠᠷᠤᠯ ᠢ ᠬᠠᠮᠤᠭ ᠠᠴᠠ ᠢᠯᠡᠭᠦᠦ ᠲᠠᠲᠠᠳᠠᠭ᠂ ᠲᠡᠭᠡᠪᠡᠯ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠯ︖ ᠡᠨᠡ ᠨᠢ ᠮᠥᠨ ᠴᠦ ᠰᠦᠯᠵᠢᠶᠡᠨ ᠠᠨᠳᠠ ᠨᠠᠷ ᠤᠨ ᠠᠩᠬᠠᠷᠤᠯ | ᠲᠠᠯᠪᠢᠵᠤ ᠪᠠᠶᠢᠭ᠎ᠠ ᠵᠦᠢᠯ ᠪᠣᠯᠣᠨ᠎ᠠ᠃ | 10. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠬᠢᠵᠢᠭ ᠤᠨ ᠪᠠᠶᠢᠳᠠᠯ ᠤᠨ ᠵᠢᠯᠤᠭᠤᠳᠬᠤ ᠭᠠᠵᠠᠷ | ᠵᠢᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠥᠪᠥᠷ | ᠮᠣᠩᠭᠤᠯ ᠤᠨ ᠬᠦᠢᠲᠡᠨ ᠬᠡᠯᠬᠢᠶ᠎ᠡ︾ ᠮᠦᠷᠳᠡᠬᠦ ᠰᠢᠰᠲ᠋ᠧᠮ ᠢ ᠬᠡᠷᠡᠭᠯᠡᠵᠦ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠪᠠ ᠭᠠᠳᠠᠭᠠᠳᠤ | ᠠᠴᠠ ᠣᠷᠣᠭᠤᠯᠤᠭᠰᠠᠨ ᠠᠯᠢᠮ᠎ᠠ ᠵᠢᠮᠢᠰ ᠲᠤ ᠬᠢᠨᠠᠯᠲᠠ ᠬᠠᠮᠢᠶᠠᠷᠤᠯᠲᠠ ᠶᠢᠨ ᠠᠵᠢᠯ ᠬᠢᠵᠦ᠂ 2020 ᠣᠨ ᠤ 12 ᠳ᠋ᠤᠭᠠᠷ ᠰᠠᠷ᠎ᠠ ᠶᠢᠨ 28 ᠤ ᠡᠳᠦᠷ ᠠᠴᠠ | ᠡᠬᠢᠯᠡᠵᠦ ᠠᠵᠢᠯᠯᠠᠭᠤᠯᠤᠭᠰᠠᠨ ᠠᠴᠠ ᠨᠠᠰᠢ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ | 2022 ᠣᠨ ᠤ 1 ᠳ᠋ᠤᠭᠡᠷ ᠰᠠᠷ᠎ᠠ ᠶᠢᠨ 28 ᠤ ᠡᠳᠦᠷ ᠠᠴᠠ ᠡᠬᠢᠯᠡᠨ ᠭᠠᠳᠠᠭᠠᠳᠤ ᠠᠴᠠ ᠣᠷᠣᠭᠤᠯᠤᠭᠰᠠᠨ ᠠᠯᠢᠮ᠎ᠠ ᠵᠢᠮᠢᠰ ᠢ ᠴᠦ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠪᠠ᠃ | ᠮᠠᠨ ᠤ ᠲᠣᠪᠴᠢᠶ᠎ᠠ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠰᠢᠰᠲ᠋ᠧᠮ ᠢ ᠳᠡᠯᠭᠡᠷᠡᠭᠦᠯᠦᠨ ᠠᠵᠢᠯᠯᠠᠭᠤᠯᠬᠤ ᠶᠢ ᠢᠳᠡᠪᠬᠢᠲᠡᠢ ᠥᠷᠨᠢᠭᠦᠯᠵᠦ᠂ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶ᠎ᠡ ᠶᠢᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠵᠢᠴᠢ ᠭᠠᠳᠠᠭᠠᠳᠤ ᠠᠴᠠ | ᠣᠷᠣᠭᠤᠯᠤᠭᠰᠠᠨ ᠠᠯᠢᠮ᠎ᠠ ᠵᠢᠮᠢᠰ ᠡᠵᠡᠩᠨᠡᠭᠴᠢ ᠶᠢᠨ ᠪᠣᠷᠣᠯᠠᠭᠤᠯᠬᠤ᠂ ᠦᠢᠯᠡᠳᠪᠦᠷᠢᠯᠡᠬᠦ᠂ ᠬᠠᠳᠠᠭᠠᠯᠠᠬᠤ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ | ᠬᠠᠮᠢᠶ᠎ᠠ ᠪᠦᠬᠦᠢ ᠵᠠᠩᠭᠢᠯᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢ ᠪᠠᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠬᠤ ᠶᠢ ᠰᠢᠮᠳᠠᠭᠤᠯᠪᠠ᠃ ᠡᠭᠦᠨ ᠤ ᠬᠠᠮᠲᠤ | ᠮᠠᠨ ᠤ ᠲᠣᠪᠴᠢᠶ᠎ᠠ ︽ᠰᠦᠯᠵᠢᠶᠡᠨ ᠳᠡᠭᠡᠷᠡᠬᠢ᠂ ᠰᠦᠯᠵᠢᠶᠡᠨ ᠠᠴᠠ ᠭᠠᠳᠠᠭᠤᠷᠬᠢ︾ ᠣᠯᠠᠨ ᠵᠦᠢᠯ ᠤᠨ ᠠᠷᠭ᠎ᠠ ᠮᠠᠶ᠋ᠢᠭ ᠢᠶᠠᠷ ︽ ᠥᠪᠥᠷ ᠮᠣᠩᠭᠤᠯ ᠤᠨ | ᠬᠦᠢᠲᠡᠨ ᠬᠡᠯᠬᠢᠶ᠎ᠡ︾ ᠶᠢ ᠠᠵᠢᠯᠯᠠᠭᠤᠯᠬᠤ ᠶᠢ ᠲᠦᠭᠡᠮᠡᠯᠵᠢᠬᠦᠯᠬᠦ ᠪᠣᠯᠪᠠᠰᠤᠷᠠᠭᠤᠯᠤᠯ ᠬᠢᠪᠡ᠃ ᠣᠷᠣᠨ ᠤ ᠭᠠᠳᠠᠨ᠎ᠠ ᠠᠴᠠ ᠭᠠᠳᠠᠭᠠᠳᠤ ᠠᠴᠠ ᠣᠷᠣᠭᠤᠯᠤᠭᠰᠠᠨ | ᠵᠢᠴᠢ ᠥᠨᠳᠥᠷ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠵᠢᠴᠢ | ᠠᠯᠢᠮ᠎ᠠ ᠵᠢᠮᠢᠰ ᠢ ᠣᠷᠣᠭᠤᠯᠬᠤ ᠨᠢᠭᠡᠴᠡ ᠪᠣᠯᠣᠨ ᠬᠤᠪᠢ ᠬᠥᠮᠥᠨ ᠡᠷᠬᠡᠪᠰᠢ ᠢᠳᠡᠭᠡᠨ ᠤ ᠵᠦᠢᠯ ᠬᠦᠷᠴᠦ ᠢᠷᠡᠬᠦ ᠠᠴᠠ 24 ᠴᠠᠭ ᠤᠨ ᠡᠮᠦᠨ᠎ᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠮᠦᠷᠳᠡᠬᠦ ᠰᠢᠰᠲ᠋ᠧᠮ ︵ᠸᠢᠴᠠᠲ ᠤᠨ | ᠵᠢᠵᠢᠭ ᠫᠷᠣᠭ᠍ᠷᠠᠮ ︽ ᠥᠪᠥᠷ ᠮᠣᠩᠭᠤᠯ ᠤᠨ ᠬᠦᠢᠲᠡᠨ ᠬᠡᠯᠬᠢᠶ᠎ᠡ︾︶ ᠳᠤ ᠣᠷᠣᠵᠤ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠵᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠬᠦ ᠶᠢᠨ ᠬᠠᠮᠲᠤ ︽ᠥᠪᠥᠷ ᠮᠣᠩᠭᠤᠯ ᠤᠨ ᠬᠦᠢᠲᠡᠨ | ᠬᠡᠯᠬᠢᠶ᠎ᠡ︾ ᠶᠢᠨ ᠡᠯᠧᠺᠲᠷᠣᠨ ᠮᠦᠷᠳᠡᠬᠦ ᠺᠣᠳ᠋ ᠢ ᠣᠯᠭᠤᠪᠠᠯ ᠰᠠᠶ᠋ᠢ ᠪᠣᠷᠣᠯᠠᠭᠤᠯᠵᠤ ᠪᠣᠯᠣᠨ᠎ᠠ᠂ ᠬᠤᠯᠪᠤᠭᠳᠠᠯ ᠪᠦᠬᠦᠢ ᠠᠵᠢᠯᠲᠠᠳ ᠡᠷᠬᠡᠪᠰᠢ ᠱᠠᠭᠠᠷᠳᠠᠯᠭ᠎ᠠ | ᠶᠣᠰᠣᠭᠠᠷ ᠭᠠᠷᠠᠭ ᠪᠦᠷᠢ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃ | ᠡᠭᠦᠨ ᠠᠴᠠ ᠭᠠᠳᠠᠨ᠎ᠠ᠂ ᠪᠠᠰᠠ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠬᠥᠬᠡᠬᠤᠲᠠ ᠶᠢᠨ ᠬᠦᠢᠲᠡᠨ ᠬᠡᠯᠬᠢᠶᠡᠨ ᠤ ᠢᠳᠡᠭᠡᠨ ᠤ ᠵᠦᠢᠯ ᠤᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠶᠢ ᠪᠠᠶᠢᠭᠤᠯᠪᠠ᠃ ᠡᠯ᠎ᠡ ᠭᠡᠰᠢᠭᠦᠨ | ᠨᠢᠭᠡᠴᠡ ᠨᠦᠭᠦᠳ ︽ᠠᠵᠢᠯ ᠤᠨ ᠲᠥᠰᠥᠯ︾ ᠳᠤ ᠲᠣᠭᠲᠠᠭᠠᠭᠰᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠦᠢᠲᠡᠨ ᠬᠡᠯᠬᠢᠶᠡᠨ ᠤ | ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠲᠤᠰᠬᠠᠢ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ︽ᠬᠥᠮᠥᠨ᠂ ᠪᠣᠳᠠᠰ᠂ ᠣᠷᠴᠢᠨ ᠲᠣᠭᠤᠷᠢᠨ︾ ᠳᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠ | ᠵᠢᠷᠤᠮᠵᠢᠯ ᠲᠠᠢ ᠠᠷᠢᠭᠤᠳᠬᠠᠬᠤ᠂ ᠬᠦᠢᠲᠡᠨ ᠬᠡᠯᠬᠢᠶᠡᠨ ᠤ ᠢᠳᠡᠭᠡᠨ ᠢ ᠬᠠᠮᠵᠢᠨ ᠪᠠᠶᠢᠴᠠᠭᠠᠬᠤ ᠠᠵᠢᠯ ᠢ ᠰᠠᠶᠢᠲᠤᠷ ᠬᠢᠪᠡ᠃ ᠬᠤᠶᠠᠷ ᠲᠤ᠂ ᠬᠦᠢᠲᠡᠨ | ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠦᠢᠲᠡᠨ ᠬᠡᠯᠬᠢᠶᠡᠨ ᠤ ᠢᠳᠡᠭᠡᠨ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠪᠡ᠃2020 ᠣᠨ ᠤ 12 ᠳ᠋ᠤᠭᠠᠷ ᠰᠠᠷ᠎ᠠ ᠠᠴᠠ ᠡᠬᠢᠯᠡᠨ᠂ ᠬᠦᠢᠲᠡᠨ ᠬᠡᠯᠬᠢᠶᠡᠨ ᠤ | ᠢᠳᠡᠭᠡᠨ ᠲᠠᠢ ᠬᠤᠯᠪᠣᠭᠳᠠᠬᠤ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠠᠵᠢᠯ ᠢ | ᠥᠷᠨᠢᠭᠦᠯᠵᠦ᠂ ᠭᠠᠳᠠᠭᠠᠲᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠬᠤᠯᠪᠤᠭᠳᠠᠯ ᠪᠦᠬᠦᠢ ᠠᠵᠢᠯᠲᠠᠨ᠂ ᠭᠠᠳᠠᠭᠠᠳᠤ ᠠᠴᠠ | ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠵᠢᠴᠢ ᠬᠤᠯᠪᠤᠭᠳᠠᠯ ᠪᠦᠬᠦᠢ ᠣᠷᠴᠢᠨ ᠲᠣᠭᠤᠷᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ | ᠪᠠᠶᠢᠴᠠᠭᠠᠪᠠ᠃ ᠭᠤᠷᠪᠠ ᠳᠤ᠂ ᠬᠦᠢᠲᠡᠨ ᠬᠡᠯᠬᠢᠶᠡᠨ ᠤ ᠢᠳᠡᠭᠡᠨ ᠢ ᠵᠢᠵᠢᠭᠯᠡᠨ ᠬᠤᠳᠠᠯᠳᠤᠬᠤ ᠦᠵᠦᠭᠦᠷ ᠢ ᠴᠢᠩᠭ᠎ᠠ ᠠᠩᠬᠠᠷᠴᠤ᠂ ᠳᠡᠭᠡᠳᠦ ᠤᠷᠤᠰᠬᠠᠯ ᠤᠨ | ᠬᠠᠩᠭᠠᠯᠭ᠎ᠠ ᠶᠢᠨ ᠬᠤᠳᠠᠯᠳᠤᠭᠠᠴᠢᠨ ᠢ ᠴᠢᠩᠭ᠎ᠠ ᠪᠠᠶᠢᠴᠠᠭᠠᠪᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠢ ᠬᠢᠨᠠᠨ ᠬᠠᠮᠢᠶᠠᠷᠬᠤ ᠶᠢᠨ ᠬᠠᠮᠲᠤ᠂ | ᠬᠢᠨᠠᠯᠲᠠ ᠬᠠᠮᠢᠶᠠᠷᠤᠯᠲᠠ ᠶᠢ ᠤᠷᠤᠭᠰᠢ ᠰᠢᠯᠵᠢᠭᠦᠯᠵᠦ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠵᠢᠵᠢᠭᠯᠡᠨ ᠬᠤᠳᠠᠯᠳᠤᠬᠤ | ᠦᠵᠦᠭᠦᠷ ᠤᠨ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ᠂ ᠮᠠᠨ ᠤ ᠬᠤᠲᠠ ᠶᠢᠨ ᠬᠡᠪᠴᠢᠶᠡᠨ ᠳᠠᠬᠢ ᠳᠡᠭᠡᠳᠦ ᠤᠷᠤᠰᠬᠠᠯ ᠤᠨ ᠬᠠᠩᠭᠠᠯᠭ᠎ᠠ ᠶᠢᠨ | ᠬᠤᠳᠠᠯᠳᠤᠭᠠᠴᠢᠨ ᠢ ᠪᠠᠶᠢᠴᠠᠭᠠᠪᠠ᠃ ᠳᠥᠷᠪᠡ ᠳᠤ᠂ ᠰᠤᠷᠭᠠᠭᠤᠯᠢ ᠶᠢᠨ ᠬᠦᠷᠢᠶᠡᠨ ᠤ ᠬᠦᠢᠲᠡᠨ ᠬᠡᠯᠬᠢᠶᠡᠨ ᠤ ᠢᠳᠡᠭᠡᠨ ᠤ ᠪᠠᠶᠢᠴᠠᠭᠠᠯᠲᠠ ᠶᠢ ᠪᠦᠬᠦ ᠲᠠᠯ᠎ᠠ ᠪᠠᠷ | ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠡᠵᠡᠮᠳᠡᠪᠡ᠃ | 11. ᠬᠥᠲᠥᠯᠥᠭᠴᠢ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠬᠢᠨᠠᠨ ᠬᠠᠮᠢᠶᠠᠷᠬᠤ ᠠᠴᠠ ᠭᠠᠳᠠᠨ᠎ᠠ᠂ ᠣᠨᠴᠠᠭᠠᠶ ᠴᠠᠭ ᠦᠶ᠎ᠡ ᠳᠤ᠂ ᠮᠠᠨ ᠤ | ᠬᠢᠨᠠᠨ ᠬᠠᠮᠢᠶᠠᠷᠬᠤ ᠰᠠᠯᠠᠭ᠎ᠠ ᠮᠥᠴᠢᠷ ᠶᠢᠨ ᠬᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ | ᠶᠠᠮᠠᠷ ᠶᠠᠮᠠᠷ ᠠᠵᠢᠯ ᠬᠢᠭᠰᠡᠨ ᠪᠣᠶ︖ | 12. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ | ᠮᠠᠨ ᠤ ᠲᠣᠪᠴᠢᠶ᠎ᠠ ᠬᠠᠷᠢᠶ᠎ᠠ ᠭᠠᠵᠠᠷ ᠤᠨ ᠲᠣᠪᠴᠢᠶ᠎ᠠ ᠵᠢᠴᠢ ᠪᠥᠬᠦ ᠬᠤᠲᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠢᠮᠠᠭᠲᠠ ᠴᠢᠩᠭ᠎ᠠ ᠱᠠᠭᠠᠷᠳᠠᠭᠰᠠᠭᠠᠷ ᠢᠷᠡᠵᠡᠶ᠂ ᠨᠢᠭᠡ ᠲᠠᠯ᠎ᠠ ᠪᠠᠷ | ᠲᠠᠯᠠᠪᠤᠷ ᠭᠠᠵᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠥᠨ ᠬᠠᠷ᠎ᠠ ᠴᠤᠭᠯᠠᠷᠠᠬᠤ ᠶᠢ ᠰᠡᠷᠭᠡᠶᠢᠯᠡᠨ᠂ ᠣᠷᠣᠬᠤ ᠡᠭᠦᠳᠡᠨ ᠳᠡᠭᠡᠷ᠎ᠡ ᠪᠡᠶ᠎ᠡ ᠶᠢᠨ | ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠬᠤ | ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠢ | ᠰᠠᠶᠢᠲᠤᠷ ᠬᠢᠪᠡ᠃ 2022 ᠣᠨ ᠤ 2 ᠳ᠋ᠤᠭᠠᠷ ᠰᠠᠷ᠎ᠠ ᠶᠢᠨ 17 ᠤ ᠡᠳᠦᠷ ᠮᠠᠨ ᠤ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠲᠤ ︽ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠲᠤᠬᠠᠢ ᠮᠡᠳᠡᠭᠳᠡᠯ︾ ᠪᠠᠭᠤᠯᠭᠠᠭᠰᠠᠨ ᠤ ᠬᠠᠮᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠢᠳᠡᠭᠡᠨ ᠤᠮᠳᠠᠭᠠᠨ ᠤ ᠳᠤᠭᠤᠶᠢᠯᠠᠩ ᠪᠠᠶᠢᠭᠤᠯᠵᠤ᠂ ᠪᠥᠬᠦ ᠬᠤᠲᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠢᠨᠠᠨ ᠵᠢᠯᠤᠭᠤᠳᠴᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠨᠢ ︽ᠬᠥᠬᠡᠬᠤᠲᠠ ᠶᠢᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ | ᠭᠠᠵᠠᠷ ᠤᠨ ᠠᠯᠪᠠᠨ ᠵᠠᠷᠯᠠᠯ ︵2022 ᠣᠨ ᠤ 8 ᠳ᠋ᠤᠭᠠᠷ ᠲᠣᠭᠠᠲᠤ︶︾ ᠤᠨ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠶᠢ ᠨᠢ ᠰᠢᠮᠳᠠᠭᠤᠯᠪᠠ᠃ | ᠢᠳᠡᠭᠡᠨ ᠤᠮᠳᠠᠭᠠᠨ ᠤ ᠲᠠᠯ᠎ᠠ ᠳᠤ᠂ ᠪᠢ ᠥᠭᠡᠷ᠎ᠡ ᠪᠠᠰᠠ ᠬᠡᠳᠦᠨ ᠦᠭᠡ ᠬᠡᠯᠡᠶ᠎ᠡ᠂ 2021 ᠣᠨ ᠠᠴᠠ ᠨᠠᠰᠢ᠂ ᠮᠠᠨ ᠤ ᠲᠥᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠥᠬᠦ ᠬᠤᠲᠠ ᠶᠢᠨ ᠬᠡᠪᠴᠢᠶᠡᠨ ᠳᠤ ︽ᠪᠣᠯᠪᠠᠰᠤᠨ ᠬᠤᠭᠤᠯᠠᠨ ᠰᠢᠷᠡᠭᠡ︾ ᠶᠢᠨ ᠠᠵᠢᠯᠯᠠᠭ᠎ᠠ | ᠥᠷᠨᠢᠭᠦᠯᠵᠦ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ︽ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ᠂ | ᠢᠳᠡᠭᠡᠨ ᠢ ᠦᠯᠦ ᠪᠦᠷᠢᠯᠭᠡᠬᠦ︾ ᠤᠬᠠᠭᠤᠯᠭ᠎ᠠ ᠶᠢ ᠴᠢᠩᠭᠠᠳᠬᠠᠪᠠ᠂ ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠳᠤ ᠢᠳᠡᠭᠡᠨ ᠢ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠠᠷᠯᠠᠯ 2000 ᠬᠤᠪᠢ ᠲᠠᠷᠬᠠᠭᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠠ ᠨᠡᠶᠢᠲᠡ ᠶᠢᠨ | ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ ᠶᠢᠨ ᠰᠠᠶᠢᠨ ᠲᠠᠯ᠎ᠠ ᠶᠢ ᠢᠳᠡᠪᠬᠢᠲᠡᠢ ᠤᠬᠠᠭᠤᠯᠪᠠ︔ ᠬᠤᠶᠠᠷ ᠲᠤ᠂ ᠮᠠᠨ ᠤ ᠲᠣᠪᠴᠢᠶ᠎ᠠ ᠶᠢᠨ ᠸᠢᠴᠠᠲ ᠤᠨ | ᠨᠡᠶᠢᠲᠡ ᠶᠢᠨ ᠳ᠋ᠤᠭᠠᠷ ᠤᠨ ᠲᠠᠪᠴᠠᠩ ᠢ ᠠᠰᠢᠭᠯᠠᠨ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ᠂ ᠥᠷᠭᠡᠨ ᠣᠯᠠᠨ | ᠬᠡᠷᠡᠭᠯᠡᠭᠴᠢᠳ ᠲᠤ ᠰᠠᠨᠠᠭᠠᠴᠢᠯᠠᠭ᠎ᠠ ᠳᠤᠷᠠᠳᠴᠤ᠂ ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠶᠢ ᠢᠳᠡᠪᠬᠢᠲᠡᠢ ᠬᠡᠷᠡᠭᠯᠡᠨ᠂ ᠡᠪᠡᠳᠴᠢᠨ ᠤ ᠪᠠᠺᠲ᠋ᠧᠷᠢ | ᠬᠠᠯᠳᠠᠪᠤᠷᠢᠯᠠᠬᠤ ᠲᠣᠬᠢᠶᠠᠯᠳᠤᠮᠵᠢ ᠶᠢ ᠪᠠᠭᠤᠷᠠᠭᠤᠯᠬᠤ ᠶᠢ ᠰᠠᠨᠠᠭᠠᠴᠢᠯᠠᠪᠠ︔ ᠭᠤᠷᠪᠠ ᠳᠤ ︽︿ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ﹀ | ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠷᠢᠶ᠎ᠠ ᠭᠠᠵᠠᠷ ᠤᠨ ᠲᠣᠪᠴᠢᠶ᠎ᠠ ᠶᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠶᠢ ᠰᠢᠮᠳᠠᠭᠤᠯᠤᠨ᠂ ᠨᠠᠷᠢᠯᠢᠭ ᠲᠣᠬᠢᠷᠠᠭᠤᠯᠤᠨ ᠪᠠᠶᠢᠷᠢᠯᠠᠭᠤᠯᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠠᠵᠢᠯ ᠢ ᠡᠳᠦᠷ | ᠲᠤᠲᠤᠮ ᠤᠨ ᠠᠵᠢᠯ ᠳᠠᠭᠠᠨ ᠣᠷᠣᠭᠤᠯᠤᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠡᠵᠡᠩᠨᠡᠯᠲᠡ ᠶᠢ ᠨᠢ | ᠵᠢᠷᠤᠮᠵᠢᠭᠤᠯᠤᠨ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠪᠠ︔ ᠳᠥᠷᠪᠡ ᠳᠤ᠂ ᠢᠳᠡᠭᠡᠨ ᠤᠮᠳᠠᠭᠠᠨ ᠤ ᠠᠵᠢᠯ ᠲᠦᠷᠦᠯ ᠤᠨ ᠥᠪᠡᠷ ᠢ ᠪᠠᠨ | ᠱᠠᠭᠠᠷᠳᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠷᠠᠯ ᠢ ᠬᠤᠷᠠᠯᠳᠤᠭᠤᠯᠵᠤ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠶᠢᠨ ᠰᠡᠷᠡᠮᠵᠢᠯᠡᠭᠦᠯᠬᠦ ᠪᠢᠴᠢᠭ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠢᠳᠡᠭᠡᠨ ᠤᠮᠳᠠᠭᠠᠨ ᠤ ᠨᠢᠭᠡᠴᠡ ᠰᠠᠨᠠᠭ᠎ᠠ | ᠠᠮᠤᠷ ᠬᠤᠭᠤᠯᠠᠨ ᠲᠢᠩᠭᠢᠮ ︵ᠬᠤᠭᠤᠯᠠᠨ ᠭᠡᠷ︶ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠲᠠᠪᠤ ᠳᠤ ︽ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠢᠳᠡ ᠨᠠᠮ ᠢᠶᠠᠨ ᠲᠠᠭᠠᠨ᠎ᠠ · ᠬᠠᠮᠳᠤᠪᠡᠷ ᠪᠣᠯᠪᠠᠰᠤᠨ ᠢ ᠡᠷᠬᠢᠮᠯᠡᠶ᠎ᠡ ︾ ᠭᠡᠬᠦ ᠵᠠᠭᠤᠨ | ᠡᠳᠦᠷ ᠤᠨ︱︽ᠪᠣᠯᠪᠠᠰᠤᠨ ᠬᠤᠭᠤᠯᠠᠨ ᠰᠢᠷᠡᠭᠡ· ᠪᠦᠷᠢᠯᠭᠡᠨ ᠰᠦᠢᠳᠬᠡᠬᠦ ᠶᠢ ᠲᠡᠪᠴᠢᠬᠦ ᠳᠤ ᠪᠢᠳᠡ ᠬᠠᠮᠳᠤᠪᠡᠷ ᠣᠷᠤᠯᠴᠠᠶ᠎ᠠ﹀ᠠᠵᠢᠯᠯᠠᠭ᠎ᠠ ᠶᠢᠨ ᠲᠥᠰᠥᠯ︾ | ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ | ᠪᠠᠶᠢᠭᠤᠯᠬᠤ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠠᠵᠢᠯ ᠤᠨ ᠲᠥᠰᠥᠯ︾ ᠪᠣᠯᠪᠠᠰᠤᠨ ᠬᠤᠭᠤᠯᠠᠨ ᠰᠢᠷᠡᠭᠡ·ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠬᠤᠯᠪᠤᠭᠳᠠᠯ ᠪᠦᠬᠦᠢ ᠤᠬᠠᠭᠤᠯᠭ᠎ᠠ ᠶᠢᠨ ᠠᠵᠢᠯ ᠤᠨ ᠲᠥᠰᠥᠯ ᠢ ᠲᠣᠭᠲᠠᠭᠠᠪᠠ᠃ ᠳᠡᠭᠡᠷᠡᠬᠢ ᠵᠦᠢᠯ ᠤᠳ ᠨᠢ ᠬᠤᠲᠠ ᠶᠢᠨ ᠠᠷᠠᠳ ᠤᠨ | ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ᠂ ᠢᠳᠡᠭᠡᠨ ᠤᠮᠳᠠᠭᠠᠨ ᠤ ᠪᠦᠷᠢᠯᠭᠡᠬᠦ ᠶᠢ ᠡᠰᠡᠷᠭᠦᠴᠡᠬᠦ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ | ᠶᠤᠮ᠂ ᠡᠶᠢᠮᠦ ᠠᠴᠠ ᠥᠨᠥᠳᠥᠷ ᠡᠨᠡᠬᠦ ᠲᠠᠪᠴᠠᠩ ᠳᠡᠭᠡᠷ᠎ᠡ ᠮᠦᠨ ᠥᠷᠭᠡᠨ ᠣᠯᠠᠨ ᠬᠤᠲᠠ ᠶᠢᠨ ᠠᠷᠠᠳ᠂ ᠰᠣᠨᠣᠰᠤᠭᠴᠢ ᠨᠠᠶᠢᠵᠠ ᠨᠠᠷ ᠲᠤ ᠥᠪᠡᠷ ᠤᠨ ᠢᠶᠠᠨ | ᠲᠥᠯᠥᠭᠡ᠂ ᠪᠤᠰᠤᠳ ᠤᠨ ᠲᠥᠯᠥᠭᠡ᠂ ᠬᠤᠭᠤᠯᠠᠨ ᠰᠢᠷᠡᠭᠡᠨ ᠤ ᠶᠣᠰᠣᠯᠠᠯ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠬᠤᠰᠢᠭᠤᠴᠢ ᠪᠣᠯᠵᠤ᠂ ᠨᠡᠶᠢᠲᠡ | ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠵᠦ᠂ ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠰᠦᠭᠡᠢ ᠭᠡᠵᠦ ᠤᠷᠢᠶᠠᠯᠠᠵᠤ ᠪᠠᠶᠢᠨ᠎ᠠ᠃ | 13. ᠬᠥᠲᠥᠯᠥᠭᠴᠢ | ᠶᠦᠨ ᠰᠠᠯᠠᠭᠠᠨ ᠳᠠᠷᠤᠭ᠎ᠠ ᠶᠢᠨ ᠲᠦᠭᠡᠮᠡᠯᠵᠢᠭᠦᠯᠦᠯᠲᠡ ᠳᠤ ᠲᠠᠯᠠᠷᠬᠠᠵᠤ ᠪᠠᠶᠢᠨ᠎ᠠ᠃ ᠪᠢᠳᠡᠨ ᠤ ᠮᠡᠳᠡᠭᠡᠵᠢ ᠪᠠᠷ᠂ ᠢᠳᠡᠭᠡᠨ ᠤ ᠠᠮᠤᠷ ᠲᠦᠪᠰᠢᠨ ᠢ | ᠴᠢᠩᠭ᠎ᠠ ᠠᠳᠬᠤᠬᠤ ᠲᠠᠯ᠎ᠠ ᠪᠠᠷ᠂ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠡᠭᠡᠷᠡᠬᠢ ᠠᠵᠢᠯ ᠤᠳ ᠢ | ᠬᠢᠭᠰᠡᠨ ᠠᠴᠠ ᠭᠠᠳᠠᠨ᠎ᠠ᠂ ᠪᠠᠰᠠ ᠪᠤᠰᠤᠳ ᠲᠠᠯ᠎ᠠ ᠶᠢᠨ ᠮᠠᠰᠢ ᠣᠯᠠᠨ ᠴᠢᠷᠮᠠᠶᠢᠯᠭ᠎ᠠ ᠭᠠᠷᠭᠠᠵᠠᠢ᠂ ᠢᠯᠠᠩᠭᠤᠶ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠠᠯ᠎ᠠ ᠪᠠᠷ᠂ ᠣᠶᠢᠷ᠎ᠠ ᠶᠢᠨ ᠵᠢᠯ ᠤᠳ ᠲᠤ᠂ ᠲᠥᠪ ᠬᠤᠲᠠ ᠨᠢ ᠡᠮᠦᠨ᠎ᠡ ᠡᠩᠨᠡᠭᠡᠨ ᠳᠤ ᠶᠠᠪᠤᠭᠰᠠᠭᠠᠷ | ᠢᠷᠡᠭᠰᠡᠨ ᠶᠤᠮ᠂ ᠣᠳᠣᠬᠠᠨ ᠳᠤ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠨᠡ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭᠯᠡᠭᠡᠨ ᠤ ᠡᠷᠬᠡ ᠲᠡᠭᠰᠢ ᠶᠢ ᠠᠬᠢᠭᠤᠯᠤᠭᠰᠠᠨ ᠪᠣᠶ︖ | ᠡᠭᠦᠨ ᠤ ᠬᠠᠮᠲᠤ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠪᠤᠢ︖ | 14. ᠪᠠᠴᠢᠮ ᠪᠠᠶᠢᠳᠠᠯ ᠢ ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ | ᠪᠦᠬᠦ ᠲᠠᠯ᠎ᠠ ᠶᠢᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠬᠥᠬᠡᠬᠤᠲᠠ ᠶᠢᠨ ︽ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠵᠦᠭᠯᠡᠭᠦᠷ︾ ︽ᠣᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠡᠯᠡᠳᠬᠡᠮᠵᠢ ᠲᠥᠬᠦᠭᠡᠷᠦᠮᠵᠢ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠮᠳᠠᠭᠤᠯᠬᠤ ᠪᠠ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠣᠷᠴᠢᠨ ᠲᠣᠭᠤᠷᠢᠨ᠂ ᠬᠠᠮᠢᠶᠠᠷᠤᠯᠲᠠ ᠶᠢᠨ ᠬᠢᠷᠢ ᠲᠦᠪᠰᠢᠨ᠂ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠢᠯᠡᠳᠲᠡ | ᠦᠷ᠎ᠡ ᠪᠦᠲᠦᠮᠵᠢ ᠣᠯᠣᠭᠰᠠᠨ ᠪᠠᠶᠢᠨ᠎ᠠ᠃ ᠹᠦ᠋ ᠬᠠᠢ ᠰᠢᠩ᠂ ᠸᠠᠨ ᠬᠤᠶ᠂ ᠮᠧᠶ ᠲᠦᠩ᠂ ᠪᠦᠦ ᠴᠢᠤᠸᠠᠨ ᠵᠤᠸᠠᠩ ᠵᠡᠷᠭᠡ 4 ᠵᠢᠱᠢᠶ᠎ᠡ ᠦᠵᠡᠭᠦᠯᠬᠦ ᠴᠢᠨᠠᠷᠲᠠᠢ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠮᠡᠳᠡᠭᠡ ᠵᠠᠩᠬᠢᠵᠢᠭᠰᠠᠨ ᠬᠠᠮᠢᠶᠠᠷᠤᠯᠲᠠ᠂ ᠬᠠᠲᠠᠭᠤ ᠲᠣᠨᠤᠭᠯᠠᠯ ᠤᠨ ᠥᠭᠡᠷᠡᠴᠢᠯᠡᠯᠲᠡ᠂ ᠢᠳᠡᠭᠡᠨ ᠢ | ᠲᠦᠷᠭᠡᠨ ᠪᠠᠶᠢᠴᠠᠭᠠᠬᠤ ᠲᠠᠰᠤᠭ᠂ ᠠᠷᠢᠭᠤᠨ ᠴᠡᠪᠡᠷ ᠤᠨ ᠴᠡᠭᠴᠡᠯᠡᠨ ᠵᠠᠰᠠᠯᠲᠠ᠂ ᠳᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠤᠶᠤᠨᠲᠤ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠣᠶᠤᠨᠲᠤ ᠡᠯᠧᠺᠲᠷᠣᠨ ᠵᠢᠩᠯᠡᠭᠦᠷ᠂ ᠬᠤᠳᠠᠯᠳᠤᠭᠠᠨ ᠤ | ᠡᠷᠦᠬᠡ ᠶᠢᠨ ᠳᠡᠯᠭᠡᠴᠡ᠂ ᠬᠡᠷᠡᠮ ᠳᠡᠭᠡᠷ᠎ᠡ ᠡᠯᠬᠦᠬᠦ ᠲᠣᠮᠣ ᠬᠡᠯᠪᠡᠷᠢ ᠶᠢᠨ ᠳᠡᠯᠭᠡᠴᠡ ᠶᠢ ᠨᠡᠮᠡᠵᠦ ᠲᠣᠬᠢᠷᠠᠭᠤᠯᠤᠨ᠂ ᠬᠤᠳᠠᠯᠳᠤᠭᠠᠨ ᠤ ᠡᠷᠦᠬᠡ ᠵᠢᠴᠢ ᠢᠳᠡᠭᠡᠨ ᠤ | ᠮᠡᠳᠡᠭᠡ ᠵᠠᠩᠭᠢ ᠶᠢ ᠢᠯᠡ ᠨᠡᠶᠢᠲᠡᠯᠡᠪᠡ᠂ ᠺᠣᠳ᠋ ᠰᠢᠷᠪᠢᠬᠦ ᠪᠠᠷ ᠳᠠᠮᠵᠢᠭᠤᠯᠤᠨ ᠢᠳᠡᠭᠡᠨ ᠤ ᠢᠷᠡᠯᠲᠡ ᠶᠢᠨ ᠮᠡᠳᠡᠭᠡ ᠵᠠᠩᠭᠢ ᠶᠢ ᠦᠵᠡᠵᠦ ᠪᠣᠯᠬᠤ ᠪᠣᠯᠭᠠᠵᠤ᠂ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠦᠲᠦᠮᠵᠢᠲᠡᠶ ᠪᠡᠶᠡᠯᠡᠭᠦᠯᠪᠡ᠃ ᠣᠳᠣᠬᠠᠨ ᠳᠤ ᠵᠢᠯ ᠭᠠᠷᠤᠢ ᠶᠢᠨ ᠴᠢᠷᠮᠠᠶᠢᠯᠭ᠎ᠠ ᠪᠠᠷ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠤᠨ | ᠬᠠᠮᠲᠤ ᠶᠢᠨ ᠰᠢᠯᠭᠠᠨ ᠬᠤᠷᠢᠶᠠᠬᠤ ᠪᠠᠷ ᠳᠠᠮᠵᠢᠭᠤᠯᠤᠨ᠂ 2021 ᠣᠨ ᠤ ᠡᠴᠦᠰ ᠪᠣᠯᠬᠤ ᠳᠤ ᠪᠥᠬᠦ ᠬᠤᠲᠠ ᠶᠢᠨ 48 ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠶᠢᠨ 14 ᠨᠢ ᠨᠢᠭᠡᠨᠲᠡ ᠪᠠᠷᠢᠮᠵᠢᠶ᠎ᠠ ᠳᠤ ᠨᠡᠶᠢᠴᠡᠵᠦ᠂ ᠡᠨᠡ ᠵᠢᠯ ᠡᠯ᠎ᠡ ᠲᠣᠭᠤᠷᠢᠭ ᠤᠨ ᠲᠠᠨᠢᠯᠴᠠᠭᠤᠯᠭ᠎ᠠ ᠪᠠᠷ ᠪᠤᠰᠤᠳ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠵᠠᠯᠭᠠᠪᠡᠷ ᠪᠡᠶᠡᠯᠡᠭᠦᠯᠵᠦ᠂ ᠵᠢᠷᠤᠮᠵᠢᠭᠰᠠᠨ ᠤᠶᠤᠨᠲᠤ ᠵᠠᠬ᠎ᠠ ᠳᠡᠯᠭᠡᠭᠦᠷ | ᠳᠠᠰᠢ ᠤᠷᠤᠭᠰᠢᠯᠠᠬᠤ ᠪᠣᠯᠣᠨ᠎ᠠ᠃ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ | ᠳᠣᠲᠣᠭᠠᠳᠤ ᠶᠢᠨ ᠪᠡᠯᠡᠳᠬᠡᠮᠵᠢ ᠲᠥᠬᠦᠭᠡᠷᠦᠮᠵᠢ ᠶᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠲᠠᠸᠠᠷ ᠤᠨ ᠳᠡᠯᠭᠡᠯᠲᠡ ᠲᠡᠷᠢ ᠲᠡᠭᠰᠢ ᠪᠠᠶᠢᠵᠤ᠂ ᠦᠨ᠎ᠡ | ᠬᠠᠩᠰᠢ ᠶᠢ ᠢᠯᠡ ᠲᠡᠮᠳᠡᠭᠯᠡᠵᠦ᠂ ᠬᠤᠳᠠᠯᠳᠤᠭᠠᠨ ᠤ ᠡᠷᠦᠬᠡ ᠪᠣᠯᠪᠠᠰᠤᠨ ᠬᠡᠯᠡᠯᠭᠡ ᠬᠡᠷᠡᠭᠯᠡᠵᠦ᠂ ᠡᠮᠦᠰᠬᠡᠯ ᠵᠠᠰᠠᠯ ᠵᠢᠷᠤᠮᠵᠢᠯ ᠲᠠᠢ ᠪᠠᠶᠢᠵᠤ᠂ ᠵᠠᠬ᠎ᠠ ᠳᠡᠯᠭᠡᠭᠦᠷ | ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ︽ᠪᠤᠵᠠᠷ᠂ ᠡᠷᠦᠢ ᠬᠤᠷᠤᠢ ᠦᠭᠡᠢ᠂ ᠮᠠᠭᠤ︾ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ | ᠠᠷᠠᠳ ᠤᠯᠠᠨ ᠤ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠶᠢ ᠡᠳᠦᠷ ᠢᠷᠡᠬᠦᠶ᠎ᠡ ᠬᠠᠩᠭᠠᠵᠤ ᠪᠠᠶᠢᠨ᠎ᠠ᠃ | 15. ᠬᠥᠲᠥᠯᠥᠭᠴᠢ | ᠰᠠᠶ᠋ᠢᠬᠠᠨ ᠹᠧᠩ ᠰᠦ᠋ ᠵᠧᠨ ᠡᠷᠬᠢᠯᠡᠭᠴᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠤᠬᠠᠢ ᠶᠠᠷᠢᠯ᠎ᠠ᠂ ᠪᠢ ᠣᠨᠴᠠᠭᠠᠶᠢᠯᠠᠨ ᠠᠩᠬᠠᠷᠤᠭᠰᠠᠨ ᠨᠢ | ᠦᠨ᠎ᠡ ᠶᠢ ᠢᠯᠡ ᠬᠠᠳᠠᠬᠤ ᠨᠢ ᠴᠦ ᠮᠠᠨ ᠤ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠨᠡᠯᠢᠶᠡᠳ ᠠᠩᠬᠠᠷᠴᠤ ᠪᠠᠶᠢᠭ᠎ᠠ ᠵᠦᠢᠯ ᠶᠤᠮ | ᠪᠠᠶᠢᠨ᠎ᠠ᠂ ᠲᠡᠭᠡᠪᠡᠯ ᠵᠠᠯᠭᠠᠭᠠᠳ ᠦᠨ᠎ᠡ ᠬᠠᠩᠰᠢ ᠶᠢ ᠢᠯᠡ ᠬᠠᠳᠠᠬᠤ ᠲᠤᠬᠠᠢ ᠠᠭᠤᠯᠭ᠎ᠠ ᠶᠢ ᠪᠣᠳᠠᠲᠠᠢ ᠲᠠᠶᠢᠯᠪᠤᠷᠢᠯᠠᠭᠠᠳ ᠥᠭᠭᠦᠨ᠎ᠡ ᠤᠤ︖ | 16. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ | ᠦᠨ᠎ᠡ ᠬᠠᠩᠰᠢ ᠶᠢ ᠢᠯᠡ ᠬᠠᠳᠠᠬᠤ ᠶᠢᠨ ᠪᠣᠳᠠᠲᠠᠢ ᠠᠭᠤᠯᠭ᠎ᠠ ᠭᠡᠪᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 2000 | ᠣᠨ ᠤ 10 ᠳ᠋ᠤᠭᠠᠷ ᠰᠠᠷ᠎ᠠ ᠶᠢᠨ 31 ᠤ ᠡᠳᠦᠷ ᠨᠡᠶᠢᠲᠡᠯᠡᠨ ᠬᠡᠷᠡᠭᠵᠢᠭᠦᠯᠦᠭᠰᠡᠨ ︽ᠲᠠᠸᠠᠷ ᠪᠠ ᠦᠢᠯᠡᠴᠢᠯᠡᠭᠡ ᠳᠤ ᠦᠨ᠎ᠡ ᠬᠠᠩᠰᠢ ᠶᠢ ᠢᠯᠡ ᠬᠠᠳᠠᠬᠤ ᠶᠢ | ᠬᠡᠷᠡᠭᠵᠢᠭᠦᠯᠬᠦ ᠲᠤᠬᠠᠢ ᠲᠣᠭᠲᠠᠭᠠᠯ︾ ᠢ ᠦᠨᠳᠦᠰᠦᠯᠡᠨ ᠲᠣᠭᠲᠠᠭᠠᠭᠰᠠᠨ ᠶᠤᠮ᠃ ᠡᠭᠦᠨ ᠳᠤ ᠡᠯ᠎ᠡ ᠵᠦᠢᠯ ᠤᠨ ᠲᠠᠸᠠᠷ ᠦᠢᠯᠡᠴᠢᠯᠡᠭᠡᠨ ᠳᠤ ᠦᠨ᠎ᠡ ᠬᠠᠳᠠᠬᠤ | ᠳᠦᠷᠢᠮᠵᠢᠯ ᠢ ᠲᠣᠭᠲᠠᠭᠠᠵᠠᠢ᠂ ᠣᠳᠣ ᠪᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠡᠷᠡᠭᠯᠡᠭᠴᠢᠳ ᠲᠤ ᠲᠣᠬᠢᠶᠠᠯᠳᠤᠬᠤ ᠪᠠᠶᠢᠳᠠᠯ ᠢ ᠲᠠᠨᠢᠯᠴᠠᠭᠤᠯᠤᠶ᠎ᠠ᠂ | ᠲᠤᠭᠲᠠᠭᠠᠯ ᠳᠤ ᠦᠨ᠎ᠡ ᠬᠠᠩᠰᠢ ᠶᠢ ᠢᠯᠡ ᠬᠠᠳᠠᠬᠤ ᠳᠤ ᠦᠨ᠎ᠡ ᠶᠢᠨ ᠲᠡᠮᠳᠡᠭ ᠪᠠ ᠦᠨ᠎ᠡ ᠶᠢᠨ ᠭᠠᠷᠴᠠᠭ ᠨᠢ ᠪᠦᠷᠢᠨ ᠭᠦᠢᠴᠡᠳ᠂ ᠦᠨ᠎ᠡ ᠬᠠᠳᠠᠭᠰᠠᠨ | ᠠᠭᠤᠯᠭ᠎ᠠ ᠨᠢ ᠦᠨᠡᠨ ᠲᠣᠳᠣᠷᠬᠠᠢ᠂ ᠦᠰᠦᠭ ᠤᠨ ᠲᠢᠭ ᠲᠣᠳᠣᠷᠬᠠᠢ᠂ ᠪᠠᠷᠠᠭᠠᠨ ᠤ ᠲᠡᠮᠳᠡᠭ ᠨᠢ ᠪᠠᠷᠠᠭ᠎ᠠ ᠶᠢᠨ ᠣᠷᠣᠨ ᠪᠠᠶᠢᠷᠢ ᠲᠠᠢ ᠲᠣᠬᠢᠷᠠᠯᠴᠠᠵᠤ᠂ | ᠢᠯᠡᠳᠬᠡᠭᠰᠡᠨ ᠨᠢ ᠢᠯᠡᠬᠡᠨ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃ ᠦᠨ᠎ᠡ ᠬᠠᠩᠰᠢ ᠬᠤᠪᠢᠷᠠᠬᠤ ᠦᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ | ᠬᠡᠷᠡᠭᠲᠡᠢ᠃ ᠵᠢᠵᠢᠭᠯᠡᠨ ᠪᠣᠷᠤᠯᠠᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ᠂ ᠲᠠᠸᠠᠷ ᠤᠨ ᠦᠨ᠎ᠡ ᠶᠢᠨ ᠱᠣᠰᠢᠭ᠎ᠠ ᠳᠤ ᠲᠠᠸᠠᠷ ᠤᠨ ᠨᠡᠷ᠎ᠡ | ᠂ ᠦᠢᠯᠡᠳᠪᠦᠷᠢᠯᠡᠭᠰᠡᠨ ᠭᠠᠵᠠᠷ᠂ ᠦᠨ᠎ᠡ ᠪᠤᠳᠤᠬᠤ ᠨᠢᠭᠡᠴᠢ᠂ ᠵᠢᠵᠢᠭᠯᠡᠨ ᠬᠤᠳᠠᠯᠳᠤᠬᠤ ᠦᠨ᠎ᠡ ᠵᠡᠷᠭᠡ ᠭᠤᠣᠯ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠂ | ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ ᠳᠤ ᠱᠠᠭᠠᠷᠳᠠᠯᠭ᠎ᠠ ᠲᠠᠢ ᠪᠠᠶᠢᠪᠠᠯ᠂ ᠪᠠᠰᠠ ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ | ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠃ ᠵᠠᠳᠠᠭᠠᠢ ᠯᠠᠩᠭᠦᠢ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ᠂ ᠥᠪᠡᠰᠦᠪᠡᠨ ᠰᠣᠩᠭᠤᠬᠤ ᠵᠠᠬ᠎ᠠ ᠳᠡᠯᠭᠡᠭᠦᠷ ᠵᠡᠷᠭᠡ | ᠥᠪᠡᠰᠦᠪᠡᠨ ᠰᠣᠩᠭᠤᠬᠤ ᠠᠷᠭ᠎ᠠ ᠮᠠᠶ᠋ᠢᠭ ᠢᠶᠠᠷ ᠪᠠᠷᠠᠭ᠎ᠠ ᠬᠤᠳᠠᠯᠳᠤᠬᠤ ᠳᠤ᠂ ᠡᠵᠡᠩᠨᠡᠭᠴᠢ ᠳ᠋ᠤᠭᠠᠷᠯᠠᠬᠤ ᠮᠠᠰᠢᠨ ᠢᠶᠠᠷ ᠲᠠᠸᠠᠷ ᠪᠤᠶᠤ ᠪᠣᠭᠤᠳᠠᠯ ᠳᠡᠭᠡᠷ᠎ᠡ ᠨᠢ | ᠦᠨ᠎ᠡ ᠬᠠᠩᠰᠢ ᠶᠢᠨ ᠱᠣᠰᠢᠭ᠎ᠠ ᠨᠠᠭᠠᠬᠤ ᠶᠢᠨ ᠬᠠᠮᠲᠤ ᠲᠥᠷᠥᠯ ᠵᠦᠢᠯ ᠬᠤᠪᠢᠶᠠᠨ ᠲᠠᠸᠠᠷ ᠤᠨ ᠬᠤᠷᠭᠤ ︵ᠲᠠᠯᠪᠢᠭᠤᠷ︶ ᠳᠡᠭᠡᠷ᠎ᠡ ᠳᠡᠭᠡᠷ᠎ᠡ ᠳᠤᠷᠠᠳᠤᠭᠰᠠᠨ | ᠲᠣᠭᠲᠠᠭᠠᠯ ᠢᠶᠠᠷ ᠦᠨ᠎ᠡ ᠬᠠᠩᠰᠢ ᠶᠢ ᠨᠢ ᠢᠯᠡ ᠬᠠᠳᠠᠬᠤ ᠬᠡᠷᠡᠭᠲᠡᠢ᠃ ᠦᠢᠯᠡᠴᠢᠯᠡᠭᠡ ᠬᠠᠩᠭᠠᠬᠤ ᠡᠵᠡᠩᠨᠡᠭᠴᠢ ᠡᠵᠡᠩᠨᠡᠯᠲᠡ ᠶᠢᠨ ᠲᠠᠯᠠᠪᠤᠷ ᠭᠠᠵᠠᠷ ᠪᠤᠶᠤ | ᠳᠠᠩᠰᠠ ᠪᠤᠳᠤᠬᠤ ᠭᠠᠵᠠᠷ ᠤᠨ ᠢᠯᠡ ᠭᠠᠵᠠᠷ ᠲᠤ ᠦᠢᠯᠡᠴᠢᠯᠡᠭᠡᠨ ᠤ ᠵᠦᠢᠯᠡᠰ᠂ ᠦᠢᠯᠡᠴᠢᠯᠡᠭᠡᠨ ᠤ ᠠᠭᠤᠯᠭ᠎ᠠ᠂ ᠵᠡᠷᠭᠡ ᠳᠡᠰ ᠪᠤᠶᠤ ᠬᠡᠪ ᠪᠠᠷᠢᠮᠵᠢᠶ᠎ᠠ᠂ | ᠦᠢᠯᠡᠴᠢᠯᠡᠭᠡᠨ ᠤ ᠦᠨ᠎ᠡ ᠵᠡᠷᠭᠡ ᠶᠢ ᠨᠡᠶᠢᠲᠡᠯᠡᠬᠦ ᠬᠡᠷᠡᠭᠲᠡᠢ᠃ ᠡᠵᠡᠩᠨᠡᠭᠴᠢ ᠦᠨ᠎ᠡ ᠨᠤᠭᠤᠯᠬᠤ᠂ ᠦᠨ᠎ᠡ ᠪᠠᠭᠤᠷᠠᠭᠤᠯᠬᠤ ᠳᠠᠭᠠᠨ ᠲᠡᠮᠳᠡᠭ ᠬᠠᠳᠠᠬᠤ ᠪᠣᠶᠣ | ᠬᠡᠷᠡᠭᠯᠡᠭᠴᠢᠳ ᠤᠨ ᠲᠠᠨᠢᠨ ᠮᠡᠳᠡᠬᠦ ᠳᠤ ᠳᠥᠭᠦᠮ ᠪᠤᠰᠤᠳ ᠠᠷᠭ᠎ᠠ ᠬᠡᠯᠪᠡᠷᠢ ᠪᠠᠷ ᠦᠨ᠎ᠡ ᠨᠤᠭᠤᠯᠬᠤ᠂ ᠦᠨ᠎ᠡ ᠪᠠᠭᠤᠷᠠᠭᠤᠯᠬᠤ ᠶᠢᠨ ᠰᠠᠭᠤᠷᠢ ᠪᠠᠷᠢᠮᠵᠢᠶ᠎ᠠ ᠶᠢ | ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠦᠨ᠎ᠡ ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠤ ᠨᠡᠮᠡᠯᠲᠡ ᠨᠥᠬᠦᠴᠡᠯ ᠲᠠᠢ | ᠪᠠᠶᠢᠪᠠᠯ᠂ ᠨᠥᠬᠦᠴᠡᠯ ᠢ ᠨᠢ ᠢᠯᠡᠳᠲᠡ ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠬᠤᠭᠤᠴᠠᠭ᠎ᠠ ᠬᠢᠵᠠᠭᠠᠷᠯᠠᠨ ᠦᠨ᠎ᠡ ᠪᠠᠭᠤᠷᠠᠭᠤᠯᠬᠤ᠂ ᠦᠨ᠎ᠡ ᠨᠤᠭᠤᠯᠤᠨ | ᠪᠤᠳᠤᠬᠤ ᠵᠡᠷᠭᠡ ᠦᠨ᠎ᠡ ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠡᠭᠡᠨ ᠬᠤᠭᠤᠴᠠᠭ᠎ᠠ ᠶᠢ ᠨᠢ ᠢᠯᠡᠬᠡᠨ ᠲᠣᠳᠣᠷᠬᠠᠶᠢᠯᠠᠬᠤ | ᠬᠡᠷᠡᠭᠲᠡᠢ᠃ ᠬᠡᠷᠪᠡ ᠡᠵᠡᠩᠨᠡᠭᠴᠢ ᠤᠤᠯ ᠦᠨ᠎ᠡ ᠶᠢ ᠬᠠᠭᠤᠷᠮᠠᠭ ᠢᠶᠠᠷ ᠲᠡᠮᠳᠡᠭᠯᠡᠪᠡᠯ ᠦᠨ᠎ᠡ ᠬᠠᠩᠰᠢ ᠶᠢᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ | ᠪᠣᠯᠣᠨ᠎ᠠ᠃ ᠪᠢ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠳᠤ ᠦᠨ᠎ᠡ ᠬᠠᠲᠠᠬᠤ ᠪᠠᠷ ᠵᠢᠱᠢᠶ᠎ᠡ ᠲᠠᠲᠠᠶ᠎ᠠ᠂ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠠᠸᠠᠷ ᠤᠨ ᠭᠡᠷ ᠪᠠᠶᠢᠰᠢᠩ ᠡᠵᠡᠩᠨᠡᠭᠴᠢ | ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ᠂ ᠦᠨ᠎ᠡ ᠬᠠᠩᠰᠢ ᠶᠢᠨ ᠬᠦᠰᠦᠨᠦᠭᠲᠦ ᠪᠤᠶᠤ | ᠦᠨ᠎ᠡ ᠬᠠᠩᠰᠢ ᠶᠢᠨ ᠭᠠᠷ ᠳᠡᠪᠲᠡᠷ ᠲᠠᠯᠪᠢᠬᠤ ᠬᠡᠷᠡᠭᠲᠡᠢ᠂ ᠡᠭᠦᠨ ᠤ ᠵᠡᠷᠭᠡᠪᠡᠷ ᠢᠨᠲ᠋ᠧᠷ ᠰᠦᠯᠵᠢᠶ᠎ᠡ ᠪᠠᠷ ᠯᠠᠪᠯᠠᠬᠤ᠂ ᠣᠯᠠᠨ ᠵᠠᠭᠤᠴᠢᠯᠠᠭᠤᠷ ᠤᠨ | ᠦᠵᠦᠭᠦᠷ ᠢᠶᠠᠷ ᠯᠠᠪᠯᠠᠬᠤ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ ᠦᠨ᠎ᠡ ᠶᠢ ᠢᠯᠡ ᠬᠠᠳᠠᠵᠤ ᠪᠣᠯᠣᠨ᠎ᠠ᠃ ᠳᠡᠭᠡᠷ᠎ᠡ | ᠳᠤᠷᠠᠳᠤᠭᠰᠠᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ ᠬᠠᠳᠠᠬᠤ ᠳᠤ ᠦᠨ᠎ᠡ ᠶᠢᠨ ᠠᠭᠤᠯᠭ᠎ᠠ ᠨᠢ ᠨᠢᠭᠡᠳᠦᠯᠲᠡᠢ ᠪᠠᠶᠢᠵᠤ᠂ ᠦᠨ᠎ᠡ | ᠬᠠᠩᠰᠢ ᠨᠢ ᠪᠦᠷᠢᠨ ᠭᠦᠢᠴᠡᠳ᠂ ᠬᠠᠲᠠᠭᠰᠠᠨ ᠠᠭᠤᠯᠭ᠎ᠠ ᠨᠢ ᠦᠨᠡᠨ ᠪᠣᠳᠠᠲᠠᠢ ᠪᠥᠭᠡᠳ ᠲᠣᠳᠣᠷᠬᠠᠢ᠂ ᠦᠰᠦᠭ ᠤᠨ ᠲᠢᠭ ᠨᠢ ᠲᠣᠳᠣᠷᠬᠠᠢ᠂ ᠢᠯᠡ ᠲᠣᠳᠣ | ᠢᠯᠡᠳᠬᠡᠬᠦ ᠬᠡᠷᠡᠭᠲᠡᠢ᠃ | ᠡᠵᠡᠩᠨᠡᠭᠴᠢ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ ᠡᠯᠭᠦᠵᠦ᠂ ᠲᠠᠸᠠᠷ ᠤᠨ ᠭᠡᠷ ᠪᠠᠶᠢᠰᠢᠩ ᠤᠨ ᠦᠨ᠎ᠡ ᠬᠠᠩᠰᠢ | ᠯᠤᠭ᠎ᠠ ᠬᠤᠯᠪᠣᠭᠳᠠᠬᠤ ᠳᠣᠣᠷᠠᠬᠢ ᠠᠭᠤᠯᠭ᠎ᠠ ᠶᠢ ᠲᠣᠳᠣᠷᠬᠠᠢ ᠢᠯᠡᠳᠬᠡᠬᠦ ᠬᠡᠷᠡᠭᠲᠡᠢ᠄ ︵ᠨᠢᠭᠡ︶ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠡᠷᠡᠶᠢᠳᠦᠯ᠂ | ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠣᠢ ᠶᠢᠨ ᠰᠢᠨᠵᠢ ᠴᠢᠨᠠᠷ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠡᠬᠢᠯᠡᠵᠦ ᠳᠠᠭᠤᠰᠬᠤ | ᠵᠢᠯ ᠬᠤᠭᠤᠴᠠᠭ᠎ᠠ᠂ ᠠᠰᠠᠷ ᠤᠨ ᠨᠡᠷᠡᠶᠢᠳᠦᠯ᠂ ᠣᠷᠣᠨ ᠪᠠᠶᠢᠷᠢ ᠂ ᠪᠠᠭᠲᠠᠭᠠᠮᠵᠢ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠨᠣᠷᠮ᠎ᠠ᠂ ᠲᠡᠷᠭᠡᠨ ᠵᠣᠭᠰᠣᠭᠠᠯ ᠤᠨ | ᠲᠣᠬᠢᠷᠠᠭᠤᠯᠤᠯᠲᠠ ᠶᠢᠨ ᠨᠤᠷᠮ᠎ᠠ᠃ ︵ᠬᠤᠶᠠᠷ︶ ᠠᠰᠠᠷ ᠤᠨ ᠪᠠᠷᠢᠯᠭ᠎ᠠ ᠶᠢᠨ ᠪᠦᠲᠦᠴᠡ᠂ ᠵᠠᠰᠠᠵᠤ ᠴᠢᠮᠡᠭᠯᠡᠭᠰᠡᠨ ᠪᠠᠶᠢᠳᠠᠯ ᠵᠢᠴᠢ ᠤᠰᠤ᠂ ᠴᠠᠬᠢᠯᠭᠠᠨ᠂ | ᠰᠢᠲᠠᠮᠠᠬᠠᠢ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ᠃ ︵ᠭᠤᠷᠪᠠ︶ ᠲᠤᠰ | ᠬᠤᠭᠤᠴᠠᠭᠠᠨ ᠳᠤ ᠪᠣᠷᠣᠯᠠᠭᠤᠯᠬᠤ ᠭᠡᠷ ᠪᠠᠶᠢᠰᠢᠩ ᠤᠨ ᠪᠠᠶᠢᠳᠠᠯ ᠵᠢᠴᠢ ᠭᠡᠷ ᠪᠠᠶᠢᠰᠢᠩ ᠨᠢᠭᠡᠪᠦᠷᠢ ᠶᠢᠨ ᠪᠣᠷᠣᠯᠠᠭᠤᠯᠤᠭᠰᠠᠨ ᠪᠠᠶᠢᠳᠠᠯ᠂ ᠭᠡᠷ ᠤᠨ ᠨᠣᠮᠧᠷ᠂ | ᠳᠠᠪᠬᠤᠷᠭ᠎ᠠ᠂ ᠭᠡᠷ ᠤᠨ ᠬᠡᠯᠪᠡᠷᠢ᠂ ᠳᠠᠪᠬᠤᠷᠭ᠎ᠠ ᠶᠢᠨ ᠥᠨᠳᠥᠷ᠂ ᠪᠠᠷᠢᠯᠭ᠎ᠠ ᠶᠢᠨ ᠲᠠᠯᠠᠪᠠᠢ᠂ ᠭᠡᠷ ᠤᠨ ᠳᠣᠲᠣᠷᠠᠬᠢ ᠪᠠᠷᠢᠯᠭ᠎ᠠ ᠶᠢᠨ ᠲᠠᠯᠠᠪᠠᠢ ᠪᠣᠯᠣᠨ ᠬᠤᠪᠢᠶᠠᠨ | ᠳᠠᠭᠠᠭᠠᠬᠤ ᠬᠠᠮᠲᠤ ᠶᠢᠨ ᠪᠠᠷᠢᠯᠭ᠎ᠠ ᠶᠢᠨ ᠲᠠᠯᠠᠪᠠᠢ᠂ ᠲᠡᠭᠰᠢ ᠳᠥᠷᠪᠡᠯᠵᠢᠨ ᠮᠧᠲᠷ ᠪᠦᠷᠢ ᠶᠢᠨ ᠨᠢᠭᠡᠴᠢ ᠦᠨ᠎ᠡ᠂ ᠢᠵᠢ ᠪᠦᠷᠢ ᠶᠢᠨ ᠪᠣᠷᠤᠯᠠᠭᠤᠯᠤᠯᠲᠠ ᠶᠢᠨ | ᠶᠡᠷᠦᠩᠬᠡᠢ ᠦᠨ᠎ᠡ᠃ ︵ᠳᠥᠷᠪᠡ︶ ᠲᠠᠸᠠᠷ ᠤᠨ ᠭᠡᠷ ᠪᠠᠶᠢᠰᠢᠩ ᠬᠢᠮᠳᠠᠷᠠᠯ ᠲᠠᠢ ᠪᠣᠯ ᠬᠢᠮᠳᠠᠷᠠᠯ ᠤᠨ ᠬᠡᠮᠵᠢᠶ᠎ᠡ ᠪᠠ ᠬᠢᠮᠳᠠᠷᠠᠯ ᠢ ᠬᠦᠷᠳᠡᠬᠦ ᠨᠥᠬᠦᠴᠡᠯ ᠢ | ᠢᠯᠡᠷᠬᠡᠶᠢᠯᠡᠬᠦ ᠬᠡᠷᠡᠭᠲᠡᠢ᠃ ︵ᠲᠠᠪᠤ︶ ᠭᠠᠵᠠᠷ ᠳᠣᠣᠷᠠᠬᠢ ᠲᠡᠷᠭᠡᠨ ᠵᠣᠭᠰᠤᠭᠠᠯ ᠪᠣᠷᠤᠯᠠᠭᠤᠯᠬᠤ ᠳᠤ ᠲᠡᠷᠭᠡᠨ ᠵᠣᠭᠰᠤᠭᠠᠯ ᠤᠨ ᠪᠠᠶᠢᠷᠢ ᠪᠤᠶᠤ ᠲᠡᠷᠭᠡᠨ | ᠬᠥᠮᠥᠷᠭᠡ ᠶᠢᠨ ᠲᠠᠯᠠᠪᠠᠢ ᠪᠣᠯᠣᠨ ᠪᠣᠷᠤᠯᠠᠭᠤᠯᠤᠯᠲᠠ ᠶᠢᠨ ᠶᠡᠷᠦᠩᠬᠡᠢ ᠦᠨ᠎ᠡ ᠶᠢ ᠲᠣᠳᠣᠷᠬᠠᠶᠢᠯᠠᠬᠤ ᠬᠡᠷᠡᠭᠲᠡᠢ᠃ | ᠲᠠᠸᠠᠷ ᠤᠨ ᠭᠡᠷ ᠪᠠᠶᠢᠰᠢᠩ ᠡᠵᠡᠩᠨᠡᠭᠴᠢ ᠭᠠᠷ ᠳᠡᠪᠲᠡᠷ ᠤᠨ ᠬᠡᠯᠪᠡᠷᠢ ᠪᠠᠷ ᠳᠣᠣᠷᠠᠬᠢ ᠠᠭᠤᠯᠭ᠎ᠠ ᠶᠢ ᠲᠣᠳᠣᠷᠬᠠᠢ ᠢᠯᠡᠷᠬᠡᠶᠢᠯᠡᠬᠦ ᠬᠡᠷᠡᠭᠲᠡᠢ᠃ ︵ᠨᠢᠭᠡ︶ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠭᠠᠵᠠᠷ ᠬᠡᠷᠡᠭᠯᠡᠬᠦ᠂ ᠲᠦᠯᠦᠪᠵᠢᠬᠦᠯᠬᠦ᠂ ᠭᠠᠵᠠᠷ ᠰᠢᠷᠣᠢ ᠬᠡᠷᠡᠭᠯᠡᠬᠦ᠂ ᠪᠠᠷᠢᠯᠭ᠎ᠠ | ᠪᠠᠷᠢᠬᠤ᠂ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠵᠡᠷᠭᠡ ᠶᠢ ᠵᠦᠪᠰᠢᠶᠡᠷᠡᠭᠰᠡᠨ ᠵᠥᠪᠰᠢᠶᠡᠷᠡᠯ ᠤᠨ ᠪᠢᠴᠢᠭ ᠤᠨ ᠳ᠋ᠤᠭᠠᠷ ᠪᠠ ᠵᠥᠪᠰᠢᠶᠡᠷᠡᠭᠰᠡᠨ ᠡᠳᠦᠷ | ᠬᠤᠭᠤᠴᠠᠭ᠎ᠠ᠃ ︵ᠬᠤᠶᠠᠷ︶ ᠲᠠᠸᠠᠷ ᠤᠨ ᠭᠡᠷ ᠪᠠᠶᠢᠰᠢᠩ ᠤᠨ ᠠᠷᠠᠯᠵᠢᠶ᠎ᠠ ᠵᠢᠴᠢ ᠥᠮᠴᠢᠯᠡᠬᠦ ᠡᠷᠬᠡ ᠶᠢ ᠰᠢᠯᠵᠢᠭᠦᠯᠬᠦ ᠵᠡᠷᠭᠡ ᠣᠷᠣᠯᠠᠨ ᠬᠤᠷᠢᠶᠠᠵᠤ ᠣᠷᠣᠯᠠᠨ | ᠭᠦᠢᠴᠡᠳᠬᠡᠬᠦ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠃ ᠣᠷᠣᠯᠠᠨ ᠬᠤᠷᠢᠶᠠᠬᠤ ᠣᠷᠣᠯᠠᠨ ᠭᠦᠢᠴᠡᠳᠬᠡᠬᠦ ᠰᠦᠢᠳᠬᠡᠯ | ᠬᠤᠷᠢᠶᠠᠬᠤ ᠳᠠᠭᠠᠨ ᠬᠡᠷᠡᠭᠯᠡᠭᠴᠢᠳ ᠰᠠᠶᠢᠨ ᠳᠤᠷ᠎ᠠ ᠠᠴᠠ ᠪᠠᠨ ᠰᠣᠩᠭᠤᠨ᠎ᠠ ᠭᠡᠵᠦ ᠲᠣᠳᠣᠷᠬᠠᠶᠢᠯᠠᠬᠤ ᠬᠡᠷᠡᠭᠲᠡᠢ᠃ ︵ᠭᠤᠷᠪᠠ︶ ᠲᠠᠸᠠᠷ ᠤᠨ ᠭᠡᠷ ᠪᠠᠶᠢᠰᠢᠩ ᠢ | ᠪᠣᠷᠣᠯᠠᠭᠤᠯᠬᠤ ᠦᠶ᠎ᠡ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠰᠣᠩᠭᠤᠨ ᠤᠷᠢᠭᠰᠠᠨ ᠪᠠᠶᠢᠪᠠᠯ᠂ ᠲᠠᠸᠠᠷ ᠤᠨ ᠭᠡᠷ ᠪᠠᠶᠢᠰᠢᠩ ᠤᠨ | ᠡᠵᠡᠩᠨᠡᠭᠴᠢ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠨᠡᠷᠡᠶᠢᠳᠦᠯ᠂ ᠠᠳᠠᠯ ᠠᠬᠤᠢ ᠶᠢᠨ ᠦᠢᠯᠡᠴᠢᠯᠡᠭᠡᠨ ᠤ | ᠠᠭᠤᠯᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠠᠮᠲᠤ ᠳᠤᠨᠢ ᠵᠠᠷᠯᠠᠨ ᠨᠡᠶᠢᠲᠡᠯᠡᠬᠦ ᠬᠡᠷᠡᠭᠲᠡᠢ᠃ ︵ᠳᠥᠷᠪᠡ︶ | ᠮᠠᠰᠢᠨ ᠬᠦᠳᠡᠯᠭᠡᠭᠦᠷᠲᠦ ᠲᠡᠷᠭᠡ ᠵᠣᠭᠰᠤᠭᠠᠬᠤ ᠬᠠᠮᠢᠶᠠᠷᠤᠯᠲᠠ ᠶᠢᠨ ᠠᠷᠭ᠎ᠠ ᠪᠣᠯᠣᠨ ᠰᠦᠢᠳᠬᠡᠯ ᠬᠤᠷᠢᠶᠠᠬᠤ ᠪᠠᠷᠢᠮᠵᠢᠶ᠎ᠠ᠃ | ᠬᠡᠷᠡᠭᠯᠡᠭᠴᠢᠳ ᠭᠡᠷ ᠬᠤᠳᠠᠯᠳᠤᠨ ᠠᠪᠬᠤ ᠳᠠᠭᠠᠨ ᠳᠣᠣᠷᠠᠬᠢ ᠬᠡᠳᠦᠨ ᠠᠰᠠᠭᠤᠳᠠᠯ ᠢ ᠠᠩᠬᠠᠷᠪᠠᠯ ᠵᠣᠬᠢᠨ᠎ᠠ᠄ ᠨᠢᠭᠡ ᠳᠤ ᠪᠣᠷᠣᠯᠠᠭᠤᠯᠤᠭᠴᠢ ᠶᠢᠨ | ᠪᠡᠶ᠎ᠡ ᠶᠢᠨ ᠭᠠᠷᠤᠯ ᠢ ᠲᠣᠳᠣᠷᠬᠠᠢ ᠲᠠᠨᠢᠬᠤ ᠬᠡᠷᠡᠭᠲᠡᠢ᠂ ᠪᠢᠳᠡ ᠮᠠᠰᠢ ᠣᠯᠠᠨ ᠠᠳᠠᠯᠢᠪᠲᠤᠷ ᠵᠠᠭᠠᠯᠳᠤᠯᠭ᠎ᠠ ᠶᠢ ᠭᠥᠯᠢᠶᠡᠨ ᠠᠪᠴᠣ ᠥᠩᠭᠡᠷᠡᠪᠡ᠂ ᠬᠡᠷᠡᠭᠯᠡᠭᠴᠢᠳ | ᠭᠡᠷ ᠬᠤᠳᠠᠯᠳᠤᠨ ᠠᠪᠬᠤ ᠳᠠᠭᠠᠨ ᠭᠡᠷ ᠬᠤᠳᠠᠯᠳᠤᠨ ᠠᠪᠬᠤ ᠵᠣᠭᠤᠰ ᠠᠴᠠ ᠭᠠᠳᠠᠨ᠎ᠠ ᠪᠠᠰᠠ ᠵᠠᠭᠤᠴᠢ ᠶᠢᠨ ᠦᠢᠯᠡᠴᠢᠯᠡᠭᠡᠨ ᠤ ᠰᠦᠢᠳᠬᠡᠯ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠰᠦᠢᠳᠬᠡᠯ ᠵᠡᠷᠭᠡ ᠶᠢ ᠢᠯᠡᠭᠦᠦ ᠬᠤᠷᠢᠶᠠᠵᠠᠢ᠃ ᠡᠨᠡ ᠪᠣᠯ ᠬᠡᠰᠡᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠨᠢ ᠪᠣᠷᠣᠯᠠᠭᠤᠯᠬᠤ ᠶᠠᠪᠤᠴᠠ ᠳᠠᠭᠠᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠵᠠᠭᠤᠴᠢ ᠪᠠᠶᠢᠭᠤᠯᠤᠮᠵᠢ ᠣᠷᠣᠯᠠᠨ | ᠪᠣᠷᠣᠯᠠᠭᠤᠯᠤᠭᠰᠠᠨ ᠠᠴᠠ ᠪᠣᠯᠤᠭᠰᠠᠨ ᠶᠤᠮ᠂ ᠵᠠᠭᠤᠴᠢ ᠪᠠᠶᠢᠭᠤᠯᠤᠮᠵᠢ ᠠᠴᠠ ᠭᠡᠷ ᠪᠠᠶᠢᠰᠢᠩ ᠬᠤᠳᠠᠯᠳᠤᠨ ᠠᠪᠤᠭᠴᠢ ᠳᠤ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠬᠤᠭᠤᠷᠣᠨᠳᠤ ᠶᠢᠨ ᠦᠢᠯᠡᠴᠢᠯᠡᠭᠡ᠂ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠳᠤ ᠬᠥᠯᠥᠰᠦᠨ ᠮᠥᠩᠭᠦ ᠠᠪᠴᠤ ᠪᠣᠯᠣᠨ᠎ᠠ᠂ | ᠭᠡᠪᠡᠴᠦ ᠵᠠᠭᠤᠴᠢ ᠪᠠᠶᠢᠭᠤᠯᠤᠮᠵᠢ ᠶᠢᠨ ᠠᠵᠢᠯᠲᠠᠨ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠳᠬᠡᠬᠦ ᠦᠭᠡᠢ ᠤᠴᠢᠷ ᠠᠴᠠ ᠭᠡᠷ ᠪᠠᠶᠢᠰᠢᠩ | ᠬᠤᠳᠠᠯᠳᠤᠨ ᠠᠪᠤᠭᠴᠢ ᠨᠢ ᠭᠡᠷ ᠪᠠᠶᠢᠰᠢᠩ ᠬᠤᠳᠠᠯᠳᠤᠨ ᠠᠪᠬᠤ ᠳᠠᠭᠠᠨ ᠪᠣᠷᠣᠯᠠᠭᠤᠯᠤᠭᠴᠢ ᠨᠢ ᠵᠠᠭᠤᠴᠢ ᠪᠠᠶᠢᠭᠤᠯᠤᠮᠵᠢ ᠶᠢᠨ ᠠᠵᠢᠯᠲᠠᠨ ᠪᠣᠯᠬᠤ ᠶᠢ | ᠲᠣᠳᠣᠷᠬᠠᠢ ᠮᠡᠳᠡᠬᠦ ᠦᠭᠡᠢ ᠪᠠᠶᠢᠵᠤ᠂ ᠬᠠᠮᠤᠭ ᠰᠡᠭᠦᠯ ᠳᠤ ᠭᠡᠷ ᠪᠠᠶᠢᠰᠢᠩ ᠤᠨ ᠵᠣᠭᠤᠰ ᠢᠶᠠᠨ ᠲᠤᠰᠢᠶᠠᠬᠤ ᠦᠶ᠎ᠡ ᠳᠤ ᠰᠠᠶ᠋ᠢ ᠵᠠᠭᠤᠴᠢ ᠪᠠᠶᠢᠭᠤᠯᠤᠮᠵᠢ ᠠᠴᠠ | ᠦᠢᠯᠡᠴᠢᠯᠡᠭᠡᠨ ᠤ ᠰᠦᠢᠳᠬᠡᠯ ᠬᠤᠷᠢᠶᠠᠭᠰᠠᠨ ᠢ ᠣᠯᠵᠤ ᠮᠡᠳᠡᠳᠡᠭ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠺᠣᠮᠫᠠᠨᠢ ᠶᠢᠨ ᠪᠣᠷᠣᠯᠠᠭᠤᠯᠤᠭᠴᠢ | ᠶᠤᠮ ᠤᠤ ᠵᠠᠭᠤᠴᠢ ᠪᠠᠶᠢᠭᠤᠯᠤᠮᠵᠢ ᠶᠢᠨ ᠪᠣᠷᠣᠯᠠᠭᠤᠯᠤᠭᠴᠢ ᠶᠤᠮ ᠤᠤ᠂ ᠵᠠᠭᠤᠴᠢ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠬᠡᠳᠦᠢ ᠪᠤᠶ | ᠭᠡᠳᠡᠭ ᠢ ᠵᠠᠪᠠᠯ ᠲᠣᠳᠣᠷᠬᠠᠢ ᠠᠰᠠᠭᠤᠬᠤ ᠶᠢ ᠠᠳᠡ ᠪᠢᠳᠡ ᠬᠡᠷᠡᠭᠯᠡᠭᠴᠢᠳ ᠲᠤ ᠰᠠᠨᠠᠭᠤᠯᠵᠤ ᠪᠠᠶᠢᠨ᠎ᠠ᠃ ᠬᠤᠶᠠᠷ ᠲᠤ ᠭᠡᠷ᠎ᠡ ᠶᠢᠨ ᠠᠭᠤᠯᠭ᠎ᠠ ᠶᠢ ᠨᠠᠷᠢᠨ | ᠬᠢᠨᠠᠮᠠᠭᠠᠢ ᠦᠵᠡᠵᠦ᠂ ᠶᠠᠭᠤᠨ ᠤ ᠡᠮᠦᠨ᠎ᠡ ᠬᠢᠮᠳᠠᠷᠠᠭᠤᠯᠬᠤ᠂ ᠪᠡᠯᠡᠨ ᠵᠣᠭᠤᠰ ᠢ ᠣᠷᠤᠯᠠᠭᠤᠯᠬᠤ ᠵᠡᠷᠭᠡ ᠦᠨ᠎ᠡ ᠬᠠᠩᠰᠢ ᠶᠢᠨ ᠲᠠᠯ᠎ᠠ ᠪᠠᠷ ᠬᠢ ᠠᠭᠤᠯᠭ᠎ᠠ ᠨᠢ | ᠤᠬᠠᠭᠤᠯᠭ᠎ᠠ ᠶᠢᠨ ᠠᠭᠤᠯᠭ᠎ᠠ ᠲᠠᠢ ᠨᠢᠭᠡᠳᠦᠯᠲᠡᠢ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠂ ᠬᠡᠷᠪᠡ ᠨᠢᠭᠡᠳᠦᠯ ᠦᠭᠡᠢ ᠪᠣᠯ ᠬᠤᠳᠠᠯ ᠬᠠᠭᠤᠷᠮᠠᠭ | ᠤᠬᠠᠭᠤᠯᠭ᠎ᠠ ᠳᠤ ᠲᠣᠭᠠᠴᠠᠭᠳᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠳᠤ ᠲᠣᠭᠠᠴᠠᠭᠳᠠᠬᠤ ᠦᠭᠡᠢ︔ ᠳᠠᠷᠠᠭ᠎ᠠ ᠳᠤᠨᠢ ᠠᠯᠪᠠᠳᠠᠯᠭ᠎ᠠ ᠪᠠᠷ | ᠠᠷᠠᠯᠵᠢᠶᠠᠯᠠᠭᠰᠠᠨ ᠠᠭᠤᠯᠭ᠎ᠠ ᠪᠠᠶᠢᠬᠤ ᠡᠰᠡᠬᠦ ᠶᠢ ᠦᠵᠡᠬᠦ ᠲᠤᠬᠠᠢ ᠠᠭᠤᠯᠭ᠎ᠠ ᠪᠣᠯᠣᠨ᠎ᠠ᠂ ᠵᠢᠱᠢᠶᠡᠯᠡᠪᠡᠯ ᠭᠡᠷ ᠪᠠᠶᠢᠰᠢᠩ ᠬᠤᠳᠠᠯᠳᠤᠨ ᠠᠪᠬᠤ ᠳᠤ ᠡᠷᠬᠡᠪᠰᠢ | ᠲᠡᠷᠭᠡᠨ ᠵᠣᠭᠰᠤᠭᠠᠯ ᠬᠤᠳᠠᠯᠳᠤᠨ ᠠᠪᠬᠤ ᠬᠡᠷᠡᠭᠲᠡᠢ ᠭᠡᠬᠦ ᠵᠡᠷᠭᠡ ᠨᠢ ᠠᠯᠪᠠᠳᠠᠯᠭ᠎ᠠ ᠪᠠᠷ ᠠᠷᠠᠯᠵᠢᠶᠠᠯᠠᠭᠰᠠᠨ ᠳᠤ ᠲᠣᠭᠠᠴᠠᠭᠳᠠᠨ᠎ᠠ᠂ ᠳᠤᠷ᠎ᠠ ᠪᠠᠷ ᠢᠶᠠᠨ ᠰᠦᠢᠳᠬᠡᠯ | ᠬᠤᠷᠢᠶᠠᠭᠰᠠᠨ ᠠᠰᠠᠭᠤᠳᠠᠯ ᠳᠤ ᠲᠣᠭᠠᠴᠠᠭᠳᠠᠬᠤ ᠦᠭᠡᠢ᠃ | 17. ᠬᠥᠲᠥᠯᠥᠭᠴᠢ | ᠦᠨ᠎ᠡ ᠬᠠᠩᠰᠢ ᠶᠢᠨ ᠲᠠᠯ᠎ᠠ ᠪᠠᠷ ᠬᠡᠷᠡᠭᠯᠡᠭᠴᠢᠳ ᠤᠨ ᠡᠮᠦᠨ᠎ᠡ ᠠᠴᠠ ᠲᠠᠨ ᠠᠴᠠ ᠠᠰᠠᠭᠤᠬᠤ ᠪᠠᠰᠠ ᠨᠢᠭᠡ ᠠᠰᠠᠭᠤᠯᠲᠠ ᠪᠠᠶᠢᠨ᠎ᠠ᠂ ᠳᠠᠷᠤᠢ ᠪᠠᠷᠠᠭᠠᠨ ᠤ | ᠦᠨ᠎ᠡ ᠶᠢ ᠳᠦᠷᠬᠢᠯᠳᠦᠨ ᠥᠰᠬᠡᠬᠦ ᠲᠠᠯ᠎ᠠ ᠪᠠᠷ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠨᠡᠬᠦ ᠠᠰᠠᠭᠤᠳᠠᠯ ᠤᠨ | ᠲᠤᠬᠠᠢ ᠶᠠᠮᠠᠷ ᠪᠣᠳᠠᠲᠠᠢ ᠲᠣᠭᠲᠠᠭᠠᠯ ᠭᠠᠷᠭᠠᠭᠰᠠᠨ ᠪᠤᠶ︖ ᠬᠡᠷᠡᠭᠯᠡᠭᠴᠢᠳ ᠬᠡᠷᠬᠢᠨ ᠢᠯᠭᠠᠨ ᠲᠠᠨᠢᠬᠤ ᠪᠤᠶ︖ | 18. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ | ᠡᠨᠡ ᠰᠠᠶᠢᠨ ᠠᠰᠠᠭᠤᠯᠲᠠ ᠪᠠᠶᠢᠨ᠎ᠠ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠠᠰᠠᠭᠤᠳᠠᠯ ᠢ ᠠᠷᠠᠳ ᠤᠯᠠᠨ ᠢᠶᠠᠷ ᠢᠶᠠᠨ ᠶᠡᠷᠦᠨᠢ | ᠠᠩᠬᠠᠷᠤᠭᠰᠠᠭᠠᠷ ᠢᠷᠡᠪᠡ᠂ ᠡᠨᠡ ᠨᠢ ᠮᠥᠨ ᠴᠦ ᠪᠢᠳᠡᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠪᠣᠯᠤᠭᠰᠠᠭᠠᠷ ᠢᠷᠡᠭᠰᠡᠨ ᠶᠤᠮ᠃ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠢᠳᠡᠰᠢᠨ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢ ᠳᠦᠷᠭᠢᠯᠳᠦᠨ ᠥᠰᠬᠡᠬᠦ ᠲᠤᠬᠠᠢ | ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠣᠯᠠᠰᠢᠷᠠᠵᠤ᠂ ︽ᠦᠨ᠎ᠡ ᠬᠠᠩᠰᠢ ᠶᠢᠨ ᠬᠠᠤᠯᠢ︾᠂ ︽ᠵᠠᠰᠠᠭ ᠵᠠᠬᠢᠷᠭᠠᠨ ᠤ ᠦᠨ᠎ᠡ ᠬᠠᠩᠰᠢ ᠶᠢᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭᠲᠠᠭᠠᠭᠰᠠᠨ ᠢ | ᠦᠨᠳᠦᠰᠦᠯᠡᠪᠡᠯ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠶᠢᠨ ᠭᠤᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠳᠣᠣᠷᠠᠬᠢ ᠮᠡᠲᠦ ᠬᠡᠳᠦᠨ ᠲᠠᠯ᠎ᠠ | ᠪᠠᠶᠢᠳᠠᠭ᠄ ᠨᠢᠭᠡ ᠳᠤ ᠦᠨ᠎ᠡ ᠬᠠᠩᠰᠢ ᠦᠰᠦᠭᠰᠡᠨ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠵᠤ᠂ ᠲᠠᠷᠬᠠᠭᠠᠵᠤ ᠦᠨ᠎ᠡ ᠬᠠᠩᠰᠢ ᠶᠢ ᠶᠡᠬᠡᠪᠡᠷ ᠦᠰᠭᠡᠬᠦ᠂ | ᠬᠤᠶᠠᠷ ᠲᠤ ᠦᠢᠯᠡᠳᠪᠦᠷᠢᠯᠡᠯ ᠤᠨ ᠥᠪᠡᠷ ᠤᠨ ᠦᠷᠳᠡᠭ ᠪᠤᠶᠤ ᠪᠠᠷᠠᠭ᠎ᠠ ᠣᠷᠣᠭᠤᠯᠬᠤ ᠥᠪᠡᠷ ᠤᠨ ᠦᠷᠳᠡᠭ ᠲᠤ ᠢᠯᠡᠳᠲᠡ ᠬᠤᠪᠢᠷᠠᠯᠲᠠ ᠭᠠᠷᠤᠭᠰᠠᠨ ᠦᠭᠡᠢ | ᠪᠠᠶᠢᠳᠠᠯ ᠳᠤ ᠭᠡᠳᠤ ᠠᠰᠢᠭ ᠣᠯᠬᠤ ᠪᠠᠷ ᠵᠣᠷᠢᠯᠭ᠎ᠠ ᠪᠣᠯᠭᠠᠵᠤ᠂ ᠦᠨ᠎ᠡ ᠬᠠᠩᠰᠢ ᠶᠢ ᠶᠡᠬᠡᠪᠡᠷ ᠥᠰᠬᠡᠬᠦ᠃ ᠭᠤᠷᠪᠠ ᠳᠤ ᠵᠠᠷᠢᠮ ᠭᠠᠵᠠᠷ ᠣᠷᠣᠨ ᠪᠤᠶᠤ ᠠᠵᠢᠯ | ᠲᠦᠷᠦᠯ ᠳᠤ ᠦᠨ᠎ᠡ ᠬᠠᠩᠰᠢ ᠶᠢ ᠲᠦᠷᠦᠭᠦᠯᠡᠨ ᠦᠰᠭᠡᠬᠦ᠃ ᠦᠨ᠎ᠡ ᠬᠠᠩᠰᠢ ᠶᠢ ᠲᠦᠷᠦᠭᠦᠯᠡᠨ ᠶᠡᠬᠡᠪᠡᠷ ᠥᠰᠬᠡᠬᠦ ᠶᠢᠨ ᠣᠨᠴᠠᠯᠢᠭ ᠭᠡᠪᠡᠯ᠂ ᠲᠠᠸᠠᠷ ᠪᠠ | ᠦᠢᠯᠡᠴᠢᠯᠡᠭᠡᠨ ᠤ ᠦᠨ᠎ᠡ ᠬᠠᠩᠰᠢ ᠶᠢᠨ ᠭᠡᠳᠤ ᠥᠰᠦᠯᠲᠡ ᠶᠢ ᠲᠦᠷᠦᠭᠦᠯᠡᠨ ᠠᠬᠢᠭᠤᠯᠵᠤ᠂ ᠪᠤᠰᠤᠳ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢᠨ | ᠲᠠᠭᠠᠯᠳᠤᠨ ᠥᠰᠬᠦ ᠶᠢ ᠬᠥᠲᠥᠯᠥᠨ᠂ ᠦᠨ᠎ᠡ ᠬᠠᠩᠰᠢ ᠶᠡᠬᠡᠪᠡᠷ ᠥᠰᠬᠦ ᠳᠤ ᠬᠦᠷᠦᠭᠦᠯᠦᠨ᠎ᠡ᠃ ᠳᠥᠷᠪᠡ ᠳᠤ ᠪᠠᠷᠠᠭ᠎ᠠ ᠶᠢ ᠶᠡᠬᠡᠪᠡᠷ ᠨᠦᠭᠡᠴᠡᠯᠡᠨ ᠳᠠᠷᠤᠬᠤ ᠠᠴᠠ | ᠪᠣᠯᠵᠤ ᠲᠠᠸᠠᠷ ᠤᠨ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠤᠭᠠᠳ ᠦᠨ᠎ᠡ ᠬᠠᠩᠰᠢ ᠨᠢ ᠶᠡᠬᠡᠪᠡᠷ ᠦᠰᠬᠦ᠃ ᠦᠨ᠎ᠡ ᠬᠠᠩᠰᠢ ᠶᠢ ᠳᠦᠷᠭᠢᠯᠳᠦᠨ | ᠥᠰᠬᠡᠬᠦ ᠠᠵᠢᠯᠯᠠᠭ᠎ᠠ ᠪᠣᠯᠬᠤ ᠪᠣᠳᠠᠲᠠᠢ ᠦᠨ᠎ᠡ ᠥᠰᠬᠡᠬᠦ ᠪᠤᠶᠤ ᠦᠨ᠎ᠡ ᠥᠰᠬᠦ ᠳᠤ ᠬᠦᠷᠦᠭᠰᠡᠨ ᠬᠡᠮᠵᠢᠶ᠎ᠡ ᠶᠢ ᠮᠤᠵᠢ ᠶᠢᠨ ᠱᠠᠲᠤᠨ ᠤ ᠦᠨ᠎ᠡ ᠬᠠᠩᠰᠢ ᠶᠢ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠳᠤᠷᠠᠳᠤᠨ ᠭᠠᠷᠭᠠᠬᠤ ᠶᠢᠨ ᠬᠠᠮᠲᠤ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ ᠲᠤᠭᠲᠠᠭᠠᠨ᠎ᠠ᠃ ᠡᠨᠡ ᠵᠢᠯ ᠤᠨ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠨ᠎ᠡ ᠬᠠᠩᠰᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠨᠡᠶᠢᠲᠡᠯᠡᠵᠦ ᠦᠨ᠎ᠡ ᠥᠰᠬᠡᠬᠦ | ᠨᠣᠷᠮ᠎ᠠ ᠲᠣᠭᠲᠠᠭᠠᠭᠰᠠᠨ ᠦᠭᠡᠢ ᠪᠣᠯᠬᠤᠷ᠂ ᠬᠠᠤᠯᠢ ᠴᠠᠭᠠᠵᠠ ᠶᠢᠨ ᠲᠣᠭᠲᠠᠭᠠᠯ ᠠᠴᠠ ᠦᠵᠡᠪᠡᠯ᠂ ᠶᠠᠮᠠᠷ ᠠᠷᠭ᠎ᠠ ᠬᠡᠷᠡᠭᠯᠡᠭᠰᠡᠨ ᠴᠦ ᠴᠥᠮ ᠡᠷᠬᠡᠪᠰᠢ | ᠲᠠᠸᠠᠷ ᠤᠨ ᠦᠨ᠎ᠡ ᠬᠠᠩᠰᠢ ᠶᠢ ᠬᠡᠲᠦ ᠲᠦᠷᠭᠡᠨ᠂ ᠬᠡᠲᠦ ᠥᠨᠳᠥᠷ ᠥᠰᠬᠡᠬᠦ ᠶᠢ ᠠᠬᠢᠭᠤᠯᠤᠭᠰᠠᠨ ᠪᠣᠯ ᠰᠠᠶ᠋ᠢ ᠪᠠᠷᠠᠭᠠᠨ ᠤ ᠦᠨ᠎ᠡ ᠶᠢ ᠳᠦᠷᠬᠢᠯᠳᠦᠨ | ᠦᠰᠭᠡᠭᠰᠡᠨ ᠠᠵᠢᠯᠯᠠᠭ᠎ᠠ ᠪᠣᠯᠤᠨ᠎ᠠ᠂ ᠡᠶᠢᠮᠦ ᠠᠴᠠ ᠰᠢᠨᠵᠢ ᠴᠢᠨᠠᠷ ᠢ ᠲᠣᠭᠲᠠᠭᠠᠬᠤ ᠳᠤ ᠨᠡᠯᠢᠶᠡᠳ ᠬᠦᠴᠢᠷᠲᠡᠢ ᠶᠤᠮ᠃ ᠬᠡᠷᠡᠭᠯᠡᠭᠴᠢᠳ ᠲᠠᠸᠠᠷ ᠬᠤᠳᠠᠯᠳᠤᠨ | ᠠᠪᠬᠤ ᠳᠠᠭᠠᠨ ᠵᠠᠷᠢᠮ ᠲᠠᠸᠠᠷ ᠤᠨ ᠦᠨ᠎ᠡ ᠨᠢ ᠣᠬᠤᠷᠬᠠᠨ ᠬᠤᠭᠤᠴᠠᠭᠠᠨ ᠳᠤ ᠶᠡᠬᠡᠪᠡᠷ ᠥᠰᠦᠭᠰᠡᠨ ᠢ ᠣᠯᠵᠤ ᠮᠡᠳᠡᠪᠡᠯ᠂ ᠮᠠᠨ ᠤ ᠵᠠᠭᠠᠯᠳᠤᠯᠭ᠎ᠠ ᠶᠢᠨ | ᠤᠲᠠᠰᠤ 12315 ᠳᠤ ᠤᠲᠠᠰᠤᠳᠠᠵᠤ ᠪᠣᠯᠣᠨ᠎ᠠ᠂ ᠪᠢᠳᠡ ᠬᠡᠷᠡᠭᠯᠡᠭᠴᠢᠳ ᠤᠨ ᠬᠠᠩᠭᠠᠭᠰᠠᠨ ᠰᠦᠪᠡᠭᠴᠢ ᠶᠢ ᠦᠨᠳᠦᠰᠦᠯᠡᠨ ᠪᠠᠶᠢᠴᠠᠭᠠᠵᠤ ᠬᠢᠨᠠᠨ | ᠬᠠᠷᠭᠤᠭᠤᠯᠬᠤ ᠪᠣᠯᠣᠨ᠎ᠠ᠃ | 19. ᠬᠥᠲᠥᠯᠥᠭᠴᠢ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠣᠯᠠᠨ ᠤ ᠣᠨᠴᠠ ᠠᠩᠬᠠᠷᠴᠤ ᠪᠠᠶᠢᠭ᠎ᠠ ᠡᠮᠴᠢᠯᠡᠭᠡᠨ ᠤ ᠪᠠᠭᠠᠵᠢ ᠬᠡᠷᠡᠭᠰᠡᠯ ᠤᠨ ᠲᠠᠯ᠎ᠠ ᠪᠠᠷ ᠬᠢ | ᠠᠭᠤᠯᠭ᠎ᠠ ᠠᠴᠠ ᠶᠠᠷᠢᠪᠠᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠲᠠᠯ᠎ᠠ ᠳᠤ ᠶᠠᠮᠠᠷ ᠶᠠᠮᠠᠷ | ᠠᠵᠢᠯ ᠬᠢᠭᠰᠡᠨ ᠲᠤᠬᠠᠢ ᠰᠦᠯᠵᠢᠶᠡᠨ ᠠᠨᠳᠠ ᠨᠠᠷ ᠠᠩᠬᠠᠷᠴᠤ ᠪᠠᠶᠢᠨ᠎ᠠ᠃ | 20. ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ | ᠬᠢᠵᠢᠭ ᠤᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ | ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ | ᠶᠤᠰᠤᠭᠠᠷ᠂ ᠮᠠᠨ ᠤ ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠣᠮᠢᠯᠠᠭᠰᠠᠨ | ᠬᠤᠪᠢᠶᠠᠷᠢ ᠲᠣᠪᠴᠢᠶ᠎ᠠ ᠶᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ | ᠴᠢᠨᠠᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠤᠷᠪᠠᠯᠵᠢ᠂ | ᠡᠮᠨᠡᠯᠭᠡ ᠳᠤ ᠬᠡᠷᠡᠭᠯᠡᠬᠦ ᠠᠮᠠᠪᠴᠢ᠂ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ᠂ ᠬᠡᠲᠦ ᠤᠯᠠᠭᠠᠨ ᠤ ᠪᠡᠶ᠎ᠡ ᠶᠢᠨ ᠳᠤᠯᠠᠭᠠᠨ ᠤ ᠬᠡᠮᠵᠢᠭᠦᠷ ᠪᠠ | ᠠᠮᠢᠰᠬᠤᠯ ᠤᠨ ᠮᠠᠰᠢᠨ︾ ᠵᠡᠷᠭᠡ ᠲᠠᠪᠤᠨ ᠶᠡᠭᠡ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠴᠤ ᠰᠢᠯᠭᠠᠨ ᠠᠪᠬᠤ᠂ ᠬᠠᠳᠠᠭᠠᠯᠠᠬᠤ | ᠪᠣᠷᠣᠯᠠᠭᠤᠯᠬᠤ ᠲᠡᠭᠡᠭᠡᠪᠦᠷᠢᠯᠡᠬᠦ ᠪᠠ ᠵᠠᠮ ᠵᠠᠭᠤᠷ᠎ᠠ ᠶᠢᠨ ᠳᠤᠯᠠᠭᠠᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠵᠡᠷᠭᠡ ᠭᠤᠭᠴᠤᠭ᠎ᠠ ᠳᠤ | ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠳᠤ ᠲᠡᠭᠡᠭᠡᠪᠦᠷᠢ ᠶᠢᠨ ᠲᠡᠮᠳᠡᠭᠯᠡᠯ ᠪᠦᠷᠢᠨ ᠪᠤᠰᠤ᠂ ᠬᠦᠢᠲᠡᠨ ᠬᠡᠯᠬᠢᠶᠡᠲᠦ | ᠲᠡᠭᠡᠭᠡᠪᠦᠷᠢ ᠶᠢᠨ ᠲᠤᠰᠢᠶᠠᠬᠤ ᠪᠠ ᠭᠥᠯᠢᠶᠡᠨ ᠠᠪᠬᠤ ᠬᠠᠭᠤᠳᠠᠰᠤ ᠶᠢᠨ ᠠᠭᠤᠯᠭ᠎ᠠ ᠪᠦᠷᠢᠨ ᠪᠤᠰᠤ᠂ ᠶᠠᠰᠤ ᠴᠢᠨᠠᠷ ᠤᠨ ᠪᠠᠲᠤᠯᠠᠭ᠎ᠠ ᠶᠢᠨ ᠵᠥᠪᠯᠡᠯᠴᠡᠭᠡᠷ | ᠲᠣᠭᠲᠠᠭᠰᠠᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ ᠢᠯᠡᠷᠡᠭᠦᠯᠦᠭᠰᠡᠨ ᠳᠤ᠂ ᠲᠤᠬᠠᠢ ᠶᠢᠨ ᠲᠠᠯᠠᠪᠤᠷ ᠲᠤᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ | ᠴᠡᠭᠴᠡᠯᠡᠨ ᠰᠠᠶᠢᠵᠢᠷᠠᠭᠤᠯᠪᠠ᠃ ᠣᠲᠣ ᠪᠣᠯᠲᠠᠯ᠎ᠠ᠂ ᠪᠥᠬᠦ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ | ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢ ᠨᠡᠶᠢᠲᠡ ᠳᠥᠷᠪᠡᠨ ᠮᠢᠩᠭ᠎ᠠ ᠭᠠᠷᠤᠢ ᠤᠳᠠᠭ᠎ᠠ ᠪᠠᠶᠢᠴᠠᠭᠠᠵᠤ᠂ ᠡᠭᠦᠨ ᠳᠤ ᠪᠥᠭᠡᠮ | ᠬᠦᠴᠢᠯ ᠢ ᠰᠢᠯᠭᠠᠨ ᠪᠠᠶᠢᠴᠠᠭᠠᠬᠤ ᠤᠷᠪᠠᠯᠵᠢ ᠶᠢ ᠡᠵᠡᠩᠨᠡᠬᠦ ᠪᠠ ᠬᠡᠷᠡᠭᠯᠡᠬᠦ ᠨᠢᠭᠡᠴᠡ ᠶᠢ 51 ᠶᠢ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠰᠡᠵᠢᠭᠯᠡᠯᠲᠡᠢ 2 | ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠭᠰᠠᠨ ᠪᠠᠶᠢᠨ᠎ᠠ᠃ | 21. ᠬᠥᠲᠥᠯᠥᠭᠴᠢ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠨ ᠤ ᠣᠷᠣᠨ ᠤ ᠲᠥᠪ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠢᠳᠡᠭᠡᠨ ᠤ ᠵᠦᠢᠯ᠂ ᠡᠮ ᠤᠨ ᠵᠦᠢᠯ᠂ ᠦᠨ᠎ᠡ ᠬᠠᠩᠰᠢ ᠵᠡᠷᠭᠡ ᠲᠠᠯ᠎ᠠ ᠪᠠᠷ ᠦᠨᠡᠬᠡᠷ ᠮᠠᠰᠢ ᠣᠯᠠᠨ ᠠᠵᠢᠯ ᠬᠢᠵᠡᠢ᠂ ᠠᠳᠡ ᠪᠢ ᠪᠠᠰᠠ ᠰᠣᠨᠣᠰᠤᠭᠴᠢᠳ ᠪᠣᠯᠣᠨ | ᠥᠷᠭᠡᠨ ᠣᠯᠠᠨ ᠲᠦᠮᠡᠨ ᠤ ᠡᠮᠦᠨ᠎ᠡ ᠠᠴᠠ ᠲᠠ ᠨᠠᠷ ᠤᠨ ᠬᠠᠯᠠᠰᠢᠷᠠᠯ ᠦᠭᠡᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ᠃ ᠲᠣᠰ ᠤᠳᠠᠭᠠᠨ ᠤ ︽ | 3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠠᠭᠤᠰᠬᠤ ᠣᠶᠢᠷᠠᠲᠤᠯ᠎ᠠ᠂ | ᠤᠳᠠᠯ ᠦᠭᠡᠢ ᠳᠠᠭᠤᠰᠬᠤ ᠭᠡᠵᠦ ᠪᠠᠶᠢᠭ᠎ᠠ ᠦᠶ᠎ᠡ ᠳᠤ ᠮᠠᠨ ᠤ ᠦ᠋ ᠶᠦᠩ ᠾᠧᠦ ᠳᠠᠷᠤᠭ᠎ᠠ ᠠᠴᠠ ᠠᠴᠠ ᠲᠠᠷᠠᠭᠠᠴᠢ ᠶᠢᠨ ᠠᠯᠬᠤᠮ ᠤᠨ ᠬᠡᠷᠡᠭᠯᠡᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠲᠤᠬᠠᠢ ᠳᠠᠬᠢᠨᠲᠠ ᠲᠥᠬᠦᠮ ᠲᠠᠨᠢᠯᠴᠠᠭᠤᠯᠤᠭᠠᠳ ᠥᠭᠬᠦ ᠶᠢ ᠬᠦᠰᠡᠵᠦ ᠪᠠᠶᠢᠨ᠎ᠠ᠃ | 22. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ | ᠶᠦᠩ ᠾᠧᠦ | ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠥᠷᠭᠡᠨ ᠣᠯᠠᠨ ᠨᠠᠶᠢᠵᠠ ᠨᠠᠷ ᠤᠨ ᠬᠦᠯᠢᠴᠡᠩᠭᠦᠢ ᠰᠣᠨᠣᠰᠤᠭᠰᠠᠨ ᠳᠤ ᠲᠠᠯᠠᠷᠬᠠᠵᠤ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠤ ᠬᠡᠷᠡᠭᠯᠡᠭᠡᠨ ᠤ ᠡᠷᠬᠡ ᠠᠰᠢᠭ ᠢ | ᠬᠠᠮᠠᠭᠠᠯᠠᠬᠤ ᠣᠨ ᠤ ᠭᠤᠣᠯ ᠰᠡᠳᠦᠪ ᠢᠶᠠᠷ ᠭᠤᠣᠯ ᠱᠤᠭᠤᠮ ᠪᠣᠯᠭᠠᠵᠤ᠂ ᠬᠠᠤᠯᠢ ᠴᠠᠭᠠᠵᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ | ᠬᠡᠷᠡᠭᠯᠡᠭᠡᠨ ᠤ ᠡᠷᠬᠡ ᠶᠢ ᠬᠠᠮᠠᠭᠠᠯᠠᠬᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠡᠷᠡᠭᠯᠡᠭᠡ ᠡᠷᠬᠡ ᠲᠡᠭᠰᠢ ᠪᠠᠶᠢᠬᠤ ᠬᠠᠮᠲᠤ ᠶᠢᠨ ᠲᠠᠨᠢᠯᠲᠠ ᠶᠢ | ᠴᠢᠩᠭᠠᠳᠬᠠᠵᠤ᠂ ᠬᠡᠷᠡᠭᠯᠡᠭᠡ ᠶᠢᠨ ᠡᠷᠬᠡ ᠲᠡᠭᠰᠢ ᠶᠢᠨ ᠰᠠᠭᠤᠷᠢ ᠶᠢ ᠪᠠᠲᠤᠳᠬᠠᠵᠤ᠂ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ | ᠠᠵᠢᠯ ᠤᠨ ᠨᠡᠶᠢᠭᠡᠮ ᠤᠨ ᠣᠯᠠᠨ ᠨᠡᠶᠢᠲᠡ ᠶᠢᠨ ᠢᠳᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠠᠬᠢ | ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠳᠤ ᠬᠦᠴᠦᠨ ᠨᠡᠮᠡᠷᠢᠯᠡᠵᠦ᠂ ᠪᠦᠬᠦ ᠬᠤᠲᠠ ᠶᠢᠨ ᠠᠮᠤᠷ ᠲᠦᠪᠰᠢᠨ ᠰᠠᠨᠠᠭ᠎ᠠ ᠠᠮᠤᠷ | ᠬᠡᠷᠡᠭᠯᠡᠭᠡ ᠶᠢᠨ ᠣᠷᠴᠢᠨ ᠲᠣᠭᠤᠷᠢᠨ ᠪᠠ ᠡᠷᠬᠡ ᠲᠡᠭᠰᠢ ᠡᠮᠬᠢ ᠳᠢᠭᠯᠢᠮ ᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃ | 23.ᠬᠠᠮᠢᠶᠠᠷᠤᠭᠴᠢ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ | ᠶᠦᠩ ᠾᠧᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠵᠦᠢᠯ ᠤᠨ | ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ ᠠᠷᠭᠠᠴᠠᠵᠤ | ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ | ᠳᠠᠷᠤᠭ᠎ᠠ ᠸᠠᠩ ᠯᠢ ᠬᠤᠩ᠂ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠰᠠᠯᠠᠭᠠᠨ ᠤ ᠯᠢ ᠵᠧ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ | ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃ | | | | |