ᠬᠤᠲᠠ ᠶᠢᠨ ᠨᠠᠮ ᠤᠨ ᠬᠤᠷᠢᠶ᠎ᠠ ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠺᠠᠳ᠋ᠷᠴᠤᠳ ᠤᠨ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/6
      5 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠺᠠᠳ᠋ᠷᠴᠤᠳ ᠤᠨ ᠬᠠᠮᠲᠤ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷᠴᠤᠳ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠪᠠᠨ ᠰᠠᠶᠢᠬᠠᠨ ᠡᠬᠢᠯᠡᠯᠲᠡ ᠲᠠᠢ᠂ ᠡᠩᠨᠡᠭᠡ ᠠᠴᠠ ᠬᠤᠴᠣᠷᠬᠤ ᠦᠭᠡᠢ᠂ ᠵᠥᠪ ᠵᠠᠮᠨᠠᠵᠤ᠂ ᠵᠣᠬᠢᠶᠠᠨ ᠪᠠᠶᠢᠭᠤᠯᠤᠯᠲᠠ ᠬᠠᠨᠤᠮᠵᠢᠲᠠᠶ᠂ ᠠᠷᠠᠳ ᠲᠦᠮᠡᠨ ᠢ ᠰᠠᠨᠠᠭ᠎ᠠ ᠠᠮᠤᠷ ᠪᠠᠶᠢᠯᠭᠠᠬᠤ ᠤᠳᠤᠷᠢᠳᠬᠤ ᠺᠠᠳ᠋ᠷ ᠪᠣᠯᠬᠤ ᠶᠢ ᠰᠠᠨᠠᠭᠤᠯᠤᠨ ᠰᠢᠮᠳᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠼᠦᠢ ᠵᠧᠨ ᠦ᠋ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ ᠬᠤᠷᠠᠯ ᠢ ᠡᠷᠬᠢᠯᠡᠵᠡᠢ᠃        ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷᠴᠤᠳ ᠰᠢᠨ᠎ᠡ ᠠᠵᠢᠯ ᠤᠨ ᠪᠠᠶᠢᠷᠢᠨ ᠳᠠᠭᠠᠨ ᠨᠡᠩ ᠥᠨᠳᠥᠷ ᠵᠣᠭᠰᠣᠴᠠ ᠲᠠᠢ ᠪᠠᠶᠢᠵᠤ᠂ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠤᠮᠳᠠ ᠪᠠᠶᠢᠩᠭᠤ ᠳᠠᠪᠲᠠᠨ ᠪᠣᠯᠪᠠᠰᠤᠷᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠤᠯᠤᠰ ᠲᠦᠷᠦ ᠶᠢᠨ ᠶᠣᠰᠣ ᠳᠦᠷᠢᠮ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠳᠤᠮᠳᠠ ᠪᠠᠶᠢᠩᠭᠤ ᠤᠬᠠᠮᠰᠠᠷᠠᠵᠤ ᠪᠠᠶᠢᠩᠭᠤ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦ ᠶᠢ ᠬᠠᠳᠬᠤᠵᠤ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠴᠠᠭ ᠢᠮᠠᠭᠲᠠ ᠦᠨᠡᠨ ᠶᠣᠰᠣ ᠶᠢ ᠪᠠᠲᠤ ᠰᠠᠬᠢᠵᠤ᠂ ᠵᠥᠪ ᠵᠠᠮ ᠢ ᠪᠠᠲᠤ ᠰᠠᠬᠢᠵᠤ᠂ ᠵᠠᠷᠴᠢᠮ ᠢ ᠪᠠᠲᠤ ᠰᠠᠬᠢᠵᠤ᠂ ᠶᠣᠰᠣ ᠳᠦᠷᠢᠮ ᠢ ᠪᠠᠲᠤ ᠰᠠᠬᠢᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠶᠠᠪᠤᠴᠠ ᠳᠤ ᠦᠨᠡᠨᠴᠢ ᠢᠲᠡᠭᠡᠯ ᠲᠠᠢ ᠪᠠᠲᠤ ᠵᠢᠷᠤᠮ ᠲᠠᠢ ᠪᠠᠶᠢᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠲᠥᠪᠯᠡᠷᠡᠭᠦᠯᠦᠨ ᠵᠠᠰᠠᠵᠤ᠂ ᠨᠠᠮᠴᠢ ᠴᠢᠨᠠᠷ ᠤᠨ ᠵᠠᠷᠴᠢᠮ ᠢᠶᠠᠷ ᠥᠪᠡᠷ ᠢ ᠪᠠᠨ ᠲᠠᠰᠤᠷᠠᠯᠲᠠ ᠦᠭᠡᠢ ᠬᠢᠵᠠᠭᠠᠷᠯᠠᠵᠤ᠂ ᠥᠪᠡᠷ ᠢ ᠪᠠᠨ ᠥᠭᠡᠷᠡᠴᠢᠯᠡᠵᠦ᠂ ᠥᠪᠡᠷ ᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷᠴᠤᠳ ᠰᠢᠨ᠎ᠡ ᠠᠵᠢᠯ ᠤᠨ ᠪᠠᠶᠢᠷᠢᠨ ᠳᠠᠭᠠᠨ ᠰᠢᠨ᠎ᠡ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠡᠭᠦᠷᠭᠡ ᠬᠠᠷᠠᠯᠲᠠ ᠶᠢ ᠲᠣᠳᠣᠷᠬᠠᠶᠢᠯᠠᠪᠠ᠂ ᠤᠳᠤᠷᠢᠳᠬᠤ ᠺᠠᠳ᠋ᠷ ᠨᠢᠭᠡᠪᠦᠷᠢ ᠴᠥᠮ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠷᠡᠵᠦ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ︽ᠬᠡᠵᠢᠶ᠎ᠡ ᠴᠦ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ᠂ ︽ᠤᠴᠢᠷ ᠪᠣᠯᠭᠠᠨ ᠳᠤ ᠲᠡᠷᠢᠭᠦᠨ ᠤ ᠬᠢ ᠶᠢ ᠲᠡᠮᠡᠴᠡᠬᠦ︾ ᠢᠷᠠᠭᠤ ᠠᠯᠳᠠᠷᠲᠤ ᠰᠡᠳᠬᠢᠯᠭᠡ᠂ ︽ᠠᠵᠢᠯ ᠶᠠᠪᠤᠳᠠᠯ ᠪᠣᠯᠭᠠᠨ ᠳᠤ ᠴᠢᠩᠭ᠎ᠠ ᠠᠳᠬᠤᠵᠤ ᠲᠦᠷᠭᠡᠨ ᠠᠵᠢᠯᠯᠠᠬᠤ︾ ᠪᠠᠴᠢᠮ ᠲᠤᠯᠭᠠᠮ᠎ᠠ ᠰᠡᠳᠬᠢᠯᠭᠡ ᠲᠠᠢ ᠪᠠᠶᠢᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠣᠳᠠᠲᠠᠢ ᠠᠵᠢᠯᠯᠠᠬᠤ ︽ᠲᠡᠮᠦᠷ ᠮᠥᠷᠥ︾ ᠶᠢ ᠳᠠᠪᠲᠠᠨ ᠪᠣᠯᠪᠠᠰᠤᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠬᠦᠨᠳᠦ ᠡᠭᠦᠷᠭᠡ︾ ᠶᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ︽ᠭᠠᠪᠰᠢᠭᠠᠶᠢᠯᠠᠭᠴᠢ︾ ᠪᠣᠯᠵᠤ᠂ ᠥᠪᠡᠷ ᠥᠪᠡᠷ ᠤᠨ ᠠᠵᠢᠯ ᠲᠦᠷᠦᠯ ᠤᠨ ᠢᠶᠠᠨ ᠬᠦᠷᠢᠶᠡᠨ ᠤ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠣᠳᠣᠬᠢ ᠪᠠᠶᠢᠳᠠᠯ ᠳᠠᠭᠠᠨ ᠰᠡᠳᠬᠢᠯ ᠬᠠᠨᠤᠵᠤ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ︽ᠪᠤᠷᠬᠠᠨ ᠤ ᠤᠳᠤᠮ ᠤᠨ ᠺᠠᠳ᠋ᠷ︾ ᠪᠣᠯᠵᠤ ᠶᠠᠭᠠᠬᠢᠭᠰᠠᠨ ᠴᠤ ᠪᠣᠯᠬᠤ ᠦᠭᠡᠢ᠂ ᠶᠠᠭᠤ ᠴᠤ ᠪᠦᠲᠦᠭᠡᠵᠦ ᠴᠢᠳᠠᠬᠤ ᠦᠭᠡᠢ ᠡᠭᠡᠯ ᠶᠡᠷᠦᠮᠳᠡᠭ ︽ᠬᠡᠪᠲᠡᠭᠡ ᠺᠠᠳ᠋ᠷ︾ ᠪᠣᠯᠵᠤ ᠶᠠᠭᠠᠬᠢᠭᠰᠠᠨ ᠴᠤ ᠪᠣᠯᠬᠤ ᠦᠭᠡᠢ᠃ ᠦᠨᠡᠨ ᠴᠢᠳᠠᠪᠤᠷᠢ ᠲᠠᠢ ᠪᠠᠶᠢᠵᠤ᠂ ᠰᠤᠷᠤᠯᠴᠠᠯᠭ᠎ᠠ ᠪᠠᠷ ᠪᠡᠶ᠎ᠡ ᠪᠠᠨ ᠵᠠᠰᠠᠵᠤ᠂ ᠬᠡᠪ ᠴᠢᠨᠠᠷ ᠢᠶᠠᠷ ᠴᠢᠩᠭ᠎ᠠ ᠪᠠᠶᠢᠬᠤ ᠬᠡᠷᠡᠭᠲᠡᠢ᠃ ︽ᠡᠴᠦᠰ ᠲᠤᠨᠢ ᠲᠤᠯᠲᠠᠯ᠎ᠠ ᠰᠤᠷᠤᠯᠴᠠᠬᠤ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯᠯᠠᠬᠤ ᠳᠤᠮᠳᠠ ᠪᠠᠨ ᠰᠤᠷᠤᠯᠴᠠᠵᠤ᠂ ᠰᠤᠷᠤᠯᠴᠠᠬᠤ ᠳᠤᠮᠳᠠ ᠪᠠᠨ ᠠᠵᠢᠯᠯᠠᠵᠤ᠂ ᠵᠥᠪ ᠣᠨᠣᠪᠴᠢᠲᠠᠶ ᠨᠠᠶᠢᠳᠠᠪᠤᠷᠢᠵᠢᠭᠤᠯᠬᠤ ᠴᠢᠳᠠᠪᠤᠷᠢ ᠬᠢᠷᠢ ᠬᠡᠮᠵᠢᠶ᠎ᠡ ᠶᠢ ᠰᠤᠷᠤᠯᠴᠠᠵᠤ᠂ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ ᠰᠢᠰᠲ᠋ᠧᠮᠲᠦ ᠰᠡᠳᠬᠢᠬᠦᠢ ᠶᠢ ᠰᠤᠷᠤᠯᠴᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠦᠢᠯᠡᠳᠦᠯᠭᠡ ᠶᠢᠨ ᠴᠢᠳᠠᠪᠤᠷᠢ ᠶᠢ ᠰᠤᠷᠤᠯᠴᠠᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠰᠡᠳᠬᠢᠯ ᠲᠠᠢ ᠪᠠᠶᠢᠵᠤ᠂ ᠤᠭ ᠰᠠᠨᠠᠭ᠎ᠠ ᠪᠠᠨ ᠪᠠᠲᠤ ᠴᠡᠭᠡᠵᠢᠯᠡᠨ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠶᠢ ᠴᠠᠭ ᠢᠮᠠᠭᠲᠠ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠵᠤ᠂ ᠰᠡᠳᠬᠢᠯ ᠲᠠᠯᠪᠢᠨ ᠠᠷᠠᠳ ᠤᠨ ᠪᠠᠶᠢᠳᠠᠯ ᠢ ᠣᠶᠢᠯᠠᠭᠠᠵᠤ᠂  ᠦᠨᠡᠨ ᠰᠡᠳᠬᠢᠯ ᠠᠴᠠ ᠪᠠᠨ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ ᠭᠤᠮᠤᠳᠠᠯ ᠢ ᠴᠢᠷᠮᠠᠶᠢᠨ ᠲᠠᠶᠢᠯᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠭᠠᠲᠤ ᠵᠠᠬ᠎ᠠ ᠶᠢᠨ ᠴᠢᠩᠭ᠎ᠠ ᠬᠤᠷᠢᠭ᠎ᠠ ᠱᠤᠭᠤᠮ ᠲᠠᠢ ᠪᠠᠶᠢᠵᠤ᠂ ᠡᠷᠬᠡ ᠪᠠᠨ ᠴᠡᠪᠡᠷ ᠬᠡᠷᠡᠭᠯᠡᠵᠦ᠂ ᠠᠷᠢᠭᠤᠨ ᠴᠢᠬᠡᠴᠢ ᠪᠠᠶᠢᠬᠤ  ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠵᠤ᠂ ᠤᠳᠤ ᠶᠢᠨ ᠠᠵᠢᠯ ᠤᠨ ᠪᠠᠶᠢᠷᠢ ᠪᠠᠨ ᠬᠤᠪᠢ ᠲᠠᠬᠢᠨ ᠨᠠᠨᠳᠢᠩᠨᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠵᠤ᠂ ᠠᠯᠪᠠᠨ ᠤ ᠡᠷᠬᠡ ᠶᠢᠨ ᠰᠢᠨᠵᠢ ᠴᠢᠨᠠᠷ᠂ ᠠᠯᠪᠠᠨ ᠤ ᠪᠠ ᠬᠤᠪᠢ ᠶᠢᠨ ᠵᠠᠭᠠᠭ ᠬᠢᠵᠠᠭᠠᠷ ᠢ ᠴᠠᠭ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠳᠠᠩᠰᠠ᠂ ᠠᠵᠤ ᠠᠬᠤᠢ ᠶᠢᠨ ᠳᠠᠩᠰᠠ᠂ ᠨᠡᠷ᠎ᠡ ᠲᠦᠷᠦ ᠶᠢᠨ ᠳᠠᠩᠰᠠ᠂ ᠭᠡᠷ ᠪᠦᠯᠢ ᠶᠢᠨ ᠳᠠᠩᠰᠠ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠳᠠᠩᠰᠠ᠂ ᠡᠷᠬᠡ ᠴᠢᠯᠦᠭᠡ ᠶᠢᠨ ᠳᠠᠩᠰᠠ᠂ ᠡᠷᠡᠭᠦᠯ ᠮᠡᠨᠳᠦ ᠶᠢᠨ ᠳᠠᠩᠰᠠ ᠶᠢ ᠰᠠᠶᠢᠲᠤᠷ ᠪᠤᠳᠤᠵᠤ᠂ ᠴᠠᠭ ᠢᠮᠠᠭᠲᠠ ᠪᠡᠶ᠎ᠡ ᠪᠠᠨ ᠬᠦᠨᠳᠦᠳᠬᠡᠵᠦ ᠪᠡᠶ᠎ᠡ ᠪᠠᠨ ᠬᠢᠨᠠᠵᠤ ᠪᠡᠶ᠎ᠡ ᠪᠠᠨ ᠰᠡᠷᠡᠮᠵᠢᠯᠡᠭᠦᠯᠦᠨ ᠪᠡᠶ᠎ᠡ ᠪᠠᠨ ᠵᠣᠷᠢᠭᠵᠢᠭᠤᠯᠵᠤ᠂ ᠬᠡᠵᠢᠶ᠎ᠡ ᠴᠦ ᠬᠤᠷᠢᠭ᠎ᠠ ᠱᠤᠭᠤᠮ ᠢ ᠳᠠᠪᠠᠭ᠋ᠤ ᠦᠭᠡᠢ᠂ ᠤᠯᠠᠭᠠᠨ ᠱᠤᠭᠤᠮ ᠢ ᠭᠢᠰᠬᠢᠬᠦ ᠦᠭᠡᠢ᠂ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠬᠦᠨᠳᠡᠬᠦ ᠦᠭᠡᠢ ᠪᠠᠶᠢᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨᠬᠦ ᠴᠢᠩᠭ᠎ᠠ ᠭᠤᠣᠯ ᠬᠦᠭ ᠠᠶᠠᠰ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠢ ᠭᠡᠵᠡᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ