5 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/5/6
      5 ᠳ᠋ᠤᠭᠠᠷ ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠨᠡᠮᠡᠭᠳᠡᠭᠰᠡᠨ ᠣᠷᠣᠨ ᠨᠤᠲᠤᠭ ᠤᠨ ᠡᠪᠡᠳᠴᠢᠨ ᠤ ᠵᠢᠱᠢᠶ᠎ᠡ ᠠᠴᠠ 4 ᠬᠥᠮᠥᠨ ︵ᠬᠥᠯᠥᠨ ᠪᠣᠶᠢᠷ ᠬᠤᠲᠠ ᠳᠤ 3᠂ ᠤᠯᠠᠭᠠᠨᠬᠠᠳᠠ ᠬᠤᠲᠠ ᠳᠤ 1︶ ᠢᠯᠠᠷᠢᠰᠢᠵᠦ ᠡᠮᠨᠡᠯᠭᠡ ᠠᠴᠠ ᠭᠠᠷᠪᠠ᠃      5 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 42 ︵ᠴᠥᠮ ᠬᠥᠯᠥᠨ ᠪᠣᠶᠢᠷ ᠬᠤᠲᠠ ᠳᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 9 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ