︽ᠬᠥᠬᠡᠬᠤᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/6
      ᠨᠢᠭᠡ᠂ ᠨᠣᠣᠷᠠᠭᠯᠠᠭᠰᠠᠨ ᠠᠬᠤᠢ ᠪᠠᠶᠢᠳᠠᠯ      2020 ᠣᠨ ᠳᠤ᠂ ᠪᠥᠬᠦ ᠨᠡᠶᠢᠭᠡᠮ ᠤᠨ R&D ᠶᠢᠨ ᠵᠠᠷᠤᠳᠠᠯ ᠤᠨ ᠣᠷᠣᠭᠤᠯᠤᠯᠲᠠ 46.82 ᠲᠦᠮᠡᠨ ᠲᠥᠭᠦᠷᠢᠭ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 1.67% ᠪᠠᠶᠢᠵᠤ᠂ ᠪᠥᠬᠦ ᠤᠯᠤᠰ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ 2.41% ᠲᠠᠢ ᠨᠡᠯᠢᠶᠡᠳ ᠵᠥᠷᠢᠶ᠎ᠡ ᠲᠠᠢ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ  ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠤᠨ ᠱᠠᠭᠠᠷᠳᠠᠯᠭ᠎ᠠ ᠶᠣᠰᠣᠭᠠᠷ᠂ ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠳᠡᠯᠭᠡᠭᠦ ᠬᠦᠴᠦᠨ ᠢ ᠬᠥᠭᠵᠢᠭᠡᠨ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ  ᠪᠠᠭᠠᠰᠬᠠᠬᠤ ᠪᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠦᠷᠦᠭᠦᠯᠡᠨ ︽ᠬᠥᠬᠡᠬᠤᠲᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ  ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠲᠥᠰᠥᠯ︾ ᠳᠤ 5 ᠬᠡᠰᠡᠭ᠂ ᠨᠡᠶᠢᠲᠡ 17 ᠵᠦᠢᠯ ᠤᠨ ᠪᠣᠳᠠᠲᠠᠢ ᠠᠷᠭ᠎ᠠ ᠬᠡᠮᠵᠢᠶ᠎ᠡ  ᠪᠠᠭᠲᠠᠪᠠ᠃      ︵ᠨᠢᠭᠡ︶ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠬᠥᠲᠥᠯᠥᠨ ᠵᠢᠯᠤᠭᠤᠳᠴᠤ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠵᠡᠷᠭᠡ 3 ᠲᠠᠯ᠎ᠠ ᠪᠠᠷ ᠭᠤᠣᠯᠳᠠᠯᠭ᠎ᠠ ᠲᠠᠢ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃      ︵ᠬᠤᠶᠠᠷ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ  ᠳᠣᠪᠤᠶᠢᠯᠭᠠᠪᠠ᠃ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠦᠷᠭᠡᠪᠴᠢᠯᠡᠨ ᠪᠣᠶᠢᠵᠢᠭᠤᠯᠬᠤ᠂ ᠠᠵᠤ ᠠᠬᠤᠶᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠳᠤ ᠲᠥᠪᠯᠡᠷᠡᠩᠭᠦᠢ ᠪᠤᠭᠤᠮᠳᠠ ᠰᠢᠪᠳᠤᠯᠬᠤ ᠶᠢ ᠳᠡᠮᠵᠢᠬᠦ᠂ ᠰᠤᠳᠤᠯᠤᠨ ᠨᠡᠭᠡᠭᠡᠬᠦ ᠶᠢ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢᠨ  ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ ᠭᠤᠷᠪᠠᠨ ᠲᠠᠯ᠎ᠠ ᠠᠴᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ︵ᠭᠤᠷᠪᠠ︶ ᠰᠢᠨ᠎ᠡ ᠶᠢ ᠡᠭᠦᠳᠬᠦ ᠣᠯᠠᠨ ᠡᠰᠢᠲᠦ ᠣᠷᠣᠭᠤᠯᠤᠯᠲᠠ ᠶᠢ ᠴᠢᠩᠭᠠᠷᠠᠭᠤᠯᠤᠨ᠎ᠠ᠃ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠬᠦ᠂ ᠰᠢᠭᠤᠳ ᠪᠡᠯᠡ ᠲᠣᠬᠢᠷᠠᠭᠤᠯᠬᠤ ᠶᠢ ᠠᠬᠢᠭᠤᠯᠬᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠠᠪᠴᠠᠩ ᠤᠨ ᠰᠢᠰᠲ᠋ᠧᠮᠵᠢ ᠶᠢ ᠪᠦᠷᠢᠨᠰᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠵᠣᠷᠢᠭᠵᠢᠭᠤᠯᠬᠤ ᠵᠡᠷᠭᠡ 4 ᠲᠠᠯ᠎ᠠ ᠪᠠᠷ ᠭᠤᠣᠯᠳᠠᠯᠭ᠎ᠠ ᠲᠠᠢ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ︵ᠳᠥᠷᠪᠡ︶ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠨ ᠥᠨᠳᠥᠷ ᠪᠦᠲᠦᠮᠵᠢᠲᠡᠶ ᠬᠠᠮᠵᠢᠯᠴᠠᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂  ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠬᠥᠲᠥᠯᠥᠨ ᠵᠢᠯᠤᠭᠤᠳᠴᠤ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠵᠡᠷᠭᠡ 5 ᠲᠠᠯ᠎ᠠ ᠪᠠᠷ ᠭᠤᠣᠯᠳᠠᠯᠭ᠎ᠠ ᠲᠠᠢ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ  ᠭᠠᠷᠭᠠᠪᠠ᠃      ︵ᠲᠠᠪᠤ︶ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠴᠢᠩᠭᠠᠷᠠᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠨᠥᠬᠦᠴᠡᠯ ᠤᠨ ᠪᠠᠲᠤᠯᠠᠭ᠎ᠠ ᠬᠢᠭᠡᠳ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ᠂ ᠬᠦᠷᠢᠶᠡᠯᠡᠩ ᠲᠣᠭᠤᠷᠢᠭ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠬᠤ 2 ᠲᠠᠯ᠎ᠠ  ᠠᠴᠠ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃      ᠭᠤᠷᠪᠠ᠂ ᠭᠤᠣᠯ ᠪᠣᠯᠬᠤ ᠬᠢᠯᠠᠰ ᠴᠡᠭ      ᠨᠢᠭᠡ ᠳᠤ ᠪᠣᠭᠤᠮᠳᠠ ᠰᠢᠪᠳᠤᠯᠬᠤ ᠬᠠᠷᠠᠯᠲᠠ ᠶᠢ ᠲᠣᠳᠣᠷᠬᠠᠢ ᠪᠣᠯᠭᠠᠪᠠ᠃ ᠲᠥᠰᠥᠯ ᠳᠤ ᠲᠣᠳᠣᠷᠬᠠᠢ ᠲᠣᠭᠲᠠᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠥᠬᠡᠬᠤᠲᠠ ᠶᠢᠨ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ︵R&D︶  ᠵᠠᠷᠤᠳᠠᠯ ᠤᠨ ᠣᠷᠣᠭᠤᠯᠤᠯᠲᠠ ᠶᠢ ᠵᠢᠯ ᠳᠤᠮᠳᠠᠴᠢ ᠪᠠᠷ 13% ᠪᠠᠷ ᠨᠡᠮᠡᠭᠳᠡᠭᠦᠯᠵᠦ᠂ 2025 ᠣᠨ ᠪᠣᠯᠬᠤ ᠳᠤ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ︵R&D︶ ᠵᠠᠷᠤᠳᠠᠯ ᠤᠨ ᠣᠷᠣᠭᠤᠯᠤᠯᠲᠠ ᠶᠢᠨ ᠬᠡᠪᠴᠢᠶ᠎ᠡ ᠶᠢ 85 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ ᠭᠡᠵᠡᠢ᠃      ᠬᠤᠶᠠᠷ ᠲᠤ ᠬᠠᠮᠵᠢᠯᠴᠠᠨ ᠬᠦᠴᠦᠯᠡᠬᠦ ᠶᠢ ᠳᠣᠪᠤᠶᠢᠯᠭᠠᠪᠠ᠃ ᠨᠢᠭᠡ ᠲᠠᠯ᠎ᠠ ᠪᠠᠷ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠳᠤᠯᠬᠤ ᠠᠵᠢᠯᠯᠠᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠪᠠ ᠪᠥᠬᠦ ᠨᠡᠶᠢᠭᠡᠮ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠶᠢ ᠬᠥᠲᠥᠯᠥᠨ ᠳᠠᠭᠠᠭᠤᠯᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠨᠢ ᠡᠳ᠋ ᠤᠨ ᠵᠠᠰᠠᠭ ᠤᠨ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢᠨ ᠬᠠᠷᠠᠯᠲᠠ ᠪᠠᠨ ᠲᠤᠳᠤᠷᠬᠠᠶᠢᠯᠠᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠨᠢ 500 ᠲᠦᠮᠡᠨ ᠲᠥᠭᠦᠷᠢᠭ ᠠᠴᠠ ᠳᠡᠭᠡᠭᠰᠢᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠦᠲᠦᠴᠡ ᠵᠢᠴᠢ ᠴᠢᠭᠯᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ᠨ᠊ ‍ᠥ᠋ᠭᠦᠭᠡ ᠲᠠᠯ᠎ᠠ ᠪᠠᠷ᠂ ᠠᠵᠤ ᠠᠬᠤᠶᠢᠯᠠᠯ ᠤᠳ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠲᠣᠰ ᠪᠡᠶ᠎ᠡ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠦᠨ᠂ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ R&D ᠠᠵᠢᠯᠯᠠᠭᠠᠨ ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠢ 35%  ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠤᠨ R&D ᠶᠢᠨ ᠵᠠᠷᠤᠳᠠᠯ ᠤᠨ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠢ 2%  ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠭᠦᠨ ᠠᠴᠠ ᠭᠠᠳᠠᠨ᠎ᠠ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢᠲᠡᠭᠡᠮᠵᠢᠲᠦ ᠵᠢᠭᠡᠯᠡᠯᠭᠡ᠂ ᠪᠡᠯᠡ ᠲᠣᠬᠢᠷᠠᠭᠤᠯᠭ᠎ᠠ᠂ ᠳᠠᠭᠠᠭᠠᠯᠲᠠ᠂ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠲᠠᠯ᠎ᠠ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠦᠷᠢᠨ ᠲᠡᠭᠦᠯᠳᠡᠷ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠪᠡᠯᠡ ᠮᠦᠩᠭᠦ ᠬᠦᠷᠦᠯᠴᠡᠬᠦ ᠦᠭᠡᠢ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠬᠡᠷᠡᠭᠲᠡᠢ᠃      ᠭᠤᠷᠪᠠ ᠳᠤ ᠤᠷᠮᠠᠰᠢᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ ᠳᠡᠮᠵᠢᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠶᠡᠬᠡᠪᠡᠷ ᠪᠣᠶᠢᠵᠢᠭᠤᠯᠬᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠨᠡᠭᠡᠭᠡᠯᠲᠡ ᠬᠢᠵᠦ ᠬᠠᠮᠲᠤᠷᠠᠯᠴᠠᠬᠤ ᠶᠡᠭᠡ ᠪᠠᠶᠢᠷᠢᠰᠢᠯ ᠢ ᠪᠠᠶᠢᠭᠤᠯᠬᠤ ᠵᠡᠷᠭᠡ ᠲᠠᠯ᠎ᠠ ᠪᠠᠷ ᠤᠷᠮᠠᠰᠢᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃      ᠳᠥᠷᠪᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠣᠯᠣᠨ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃        ︵ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠸᠠᠩ ᠰᠢᠸ ᠶᠦᠨ᠂ ᠬᠠᠷᠢᠯᠴᠠᠬᠤ  ᠤᠲᠠᠰᠤ᠄ 6621151︶        ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ