ᠬᠥᠬᠡᠬᠤᠲᠠ ᠵᠠᠰᠠᠭ ᠠᠯᠪᠠᠨ ᠥᠰᠥᠭ ﹇2022﹈ 22 ᠳ᠋ᠤᠭᠠᠷ ᠲᠣᠭᠠᠲᠤ | 2022 ᠣᠨ ᠤ 3 ᠳ᠋ᠤᠭᠠᠷ ᠰᠠᠷ᠎ᠠ ᠶᠢᠨ 11 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠡᠯ᠎ᠡ ᠤᠯᠤᠰ ᠤᠨ | ᠥᠮᠴᠢᠯᠡᠯᠲᠦ ᠠᠵᠤ ᠠᠬᠤᠶᠢᠯᠠᠯ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠦᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ | ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠲᠤᠭᠠᠢ᠃ | ᠬᠥᠬᠡᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠳᠠᠷᠤᠭᠠᠰᠤ ᠶᠢ ᠬᠥᠩᠭᠡᠷᠡᠭᠦᠯᠬᠦ | ᠠᠷᠭ᠎ᠠ ᠬᠡᠮᠵᠢᠶ᠎ᠡ ᠨᠦᠭᠦᠳ | ᠨᠢᠭᠡ᠂ ᠬᠤᠳᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ | ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠲᠤᠰᠢᠶᠠᠵᠤ ᠪᠠᠶᠢᠭ᠎ᠠ ᠢᠳᠡᠭᠡᠨ ᠤᠮᠳᠠᠭᠠᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠰ᠂ ᠬᠤᠨᠤᠭ ᠪᠠᠭᠤᠳᠠᠯ ᠤᠨ ᠦᠢᠯᠡᠰ᠂ ᠵᠢᠭᠤᠯᠴᠢᠯᠠᠯ ᠤᠨ ᠦᠢᠯᠡᠰ ᠤᠨ ᠭᠠᠶᠢᠯᠢ ᠲᠤᠰᠢᠶᠠᠭᠴᠢ ᠦᠨᠡᠨᠬᠦ ᠬᠦᠴᠢᠷᠳᠡᠯ ᠲᠠᠢ ᠪᠠᠶᠢᠪᠠᠯ᠂ ︽ᠬᠤᠲᠠ | ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢᠨ ᠬᠦᠴᠢᠷᠳᠡᠯ ᠢ ᠬᠠᠰᠤᠵᠤ ᠬᠡᠯᠲᠦᠷᠢᠭᠦᠯᠬᠦ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ | 2022 ᠣᠨ ᠤ 1 ᠳ᠋ᠦ᠋ᠭᠡᠷ ᠲᠣᠭᠠᠲᠤ︶ ᠶᠢᠨ ᠲᠣᠭᠲᠠᠭᠠᠯ ᠢ ᠦᠨᠳᠦᠰᠦᠯᠡᠨ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠶᠢᠨ ᠬᠤᠲᠠ | ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ᠃ | ᠬᠤᠶᠠᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠶᠢ ᠬᠤᠶᠢᠰᠢᠯᠠᠭᠤᠯᠤᠨ᠎ᠠ | ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠬᠠᠮᠤᠭ ᠤᠨ ᠤᠳᠠᠭᠠᠨ ᠳᠠᠭᠠᠨ 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ | ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠲᠤᠰᠢᠶᠠᠨ ᠬᠠᠳᠠᠭᠠᠯᠠᠭᠤᠯᠤᠭᠰᠠᠨ ᠴᠠᠭ ᠢ ᠦᠷᠭᠦᠯᠵᠢᠯᠡᠭᠦᠯᠦᠨ ᠪᠣᠳᠣᠵᠤ᠂ ᠠᠵᠢᠯᠲᠠᠨ | ᠠᠵᠢᠯᠴᠢᠨ ᠤ ᠬᠡᠪ ᠤᠨ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠪᠠ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠥᠯᠥᠭᠡᠯᠡᠬᠦ ᠦᠭᠡᠢ᠃ | ᠭᠤᠷᠪᠠ᠂ ᠬᠡᠰᠡᠭ ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ | ︽ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ | ᠬᠤᠯᠪᠣᠭᠳᠠᠯ ᠪᠦᠬᠦᠢ ᠵᠦᠢᠯᠡᠰ ᠢ ᠦᠷᠭᠦᠯᠵᠢᠯᠡᠨ ᠬᠡᠷᠡᠭᠵᠢᠭᠦᠯᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ | ᠶᠠᠮᠤᠨ ᠤ ᠠᠯᠪᠠᠨ ᠵᠠᠷ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠠᠯᠪᠠᠨ ᠵᠠᠷ 2022 ᠣᠨ ᠤ 2 | ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 2021 ᠣᠨ ᠤ | ᠳᠥᠷᠪᠡᠳᠦᠭᠡᠷ ᠤᠯᠠᠷᠢᠯ ᠤᠨ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠦ᠂ ᠬᠤᠶᠢᠰᠢᠯᠠᠭᠤᠯᠤᠨ | ᠲᠤᠰᠢᠶᠠᠬᠤ ᠬᠤᠭᠤᠴᠠᠭ᠎ᠠ ᠶᠢ ᠦᠷᠭᠦᠯᠵᠢᠯᠡᠨ 6 ᠰᠠᠷ᠎ᠠ ᠤᠷᠲᠤᠳᠬᠠᠨ᠎ᠠ︔ 2022 ᠣᠨ ᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ᠤᠨ ᠬᠡᠰᠡᠭ | ᠭᠠᠶᠢᠯᠢ ᠰᠦᠢᠳᠬᠡᠯ ᠲᠤᠰᠢᠶᠠᠬᠤ ᠶᠢ ᠬᠤᠶᠢᠰᠢᠯᠠᠭᠤᠯᠵᠤ᠂ ᠬᠤᠶᠢᠰᠢᠯᠠᠭᠤᠯᠬᠤ ᠬᠤᠭᠤᠴᠠᠭ᠎ᠠ ᠶᠢ 6 ᠰᠠᠷ᠎ᠠ ᠪᠠᠷ ᠬᠢᠵᠠᠭᠠᠷᠯᠠᠨ᠎ᠠ᠃ | ᠳᠥᠷᠪᠡ᠂ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠨ᠎ᠠ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠤᠰᠤᠨ ᠤ ᠰᠦᠢᠳᠬᠡᠯ ᠰᠢᠲᠠᠮᠠᠬᠠᠢ ᠬᠡᠢ ᠶᠢᠨ ᠰᠦᠢᠳᠬᠡᠯ ᠢ ᠲᠣᠭᠲᠠᠭᠰᠠᠨ ᠬᠤᠭᠤᠴᠠᠭᠠᠨ ᠳᠠᠭᠠᠨ | ᠲᠤᠰᠢᠶᠠᠵᠤ ᠳᠡᠶᠢᠯᠬᠦ ᠦᠭᠡᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠤᠰᠤ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠠᠵᠤ ᠠᠬᠤᠶᠢᠯᠠᠯ ᠳᠤ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ 2022 ᠣᠨ ᠤ 3 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠬᠠᠮᠤᠭ ᠤᠨ | ᠤᠳᠠᠭᠠᠨ ᠳᠠᠭᠠᠨ 3 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃ ᠰᠦᠢᠳᠬᠡᠯ ᠲᠤᠰᠢᠶᠠᠬᠤ ᠶᠢ ᠬᠤᠶᠢᠰᠢᠯᠠᠭᠤᠯᠤᠭᠰᠠᠨ ᠬᠤᠭᠤᠴᠠᠭᠠᠨ ᠳᠤ ᠬᠠᠩᠭᠠᠯᠭ᠎ᠠ ᠶᠢ | ᠲᠠᠰᠤᠯᠳᠠᠭᠤᠯᠬᠤ ᠦᠭᠡᠢ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ | ᠲᠠᠪᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠦᠨ᠎ᠡ | ᠬᠤᠲᠠ᠂ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠷᠬᠡ ᠶᠢᠨ | ᠬᠠᠷᠢᠶᠠᠯᠠᠯ ᠲᠠᠢ ᠡᠵᠡᠩᠨᠡᠯᠲᠡ ᠶᠢᠨ ᠴᠢᠨᠠᠷᠲᠠᠢ ᠭᠡᠷ ᠬᠥᠷᠥᠩᠭᠡ ᠵᠢᠴᠢ ᠪᠠᠲᠤᠯᠠᠭ᠎ᠠ ᠶᠢᠨ ᠣᠷᠣᠨ ᠰᠠᠭᠤᠴᠠ ᠳᠤ ᠢᠵᠢ ᠪᠦᠷᠢᠳᠦᠭᠦᠯᠦᠭᠰᠡᠨ ᠬᠤᠳᠠᠯᠳᠤᠭᠠᠨ ᠳᠤ | ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠭᠰᠡᠨ ᠮᠥᠷᠲᠡᠭᠡᠨ ᠬᠠᠮᠤᠭ ᠡᠴᠦᠰ ᠤᠨ ᠲᠦᠷᠢᠶᠡᠰᠦᠯᠡᠭᠴᠢ ᠨᠢ | ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠪᠤᠰᠤ ᠳᠤ ᠲᠦᠷᠢᠶᠡᠰᠦᠨ ᠮᠥᠩᠭᠦ ᠶᠢ | ᠬᠠᠰᠤᠵᠤ ᠬᠡᠯᠲᠦᠷᠢᠭᠦᠯᠦᠨ᠎ᠡ᠂ ᠡᠭᠦᠨ ᠳᠤ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠣᠷᠣᠨ ᠪᠦᠰᠡ ︵ᠳᠤᠮᠳᠠ ᠥᠨᠳᠥᠷ | ᠲᠦᠭᠰᠢᠭᠦᠷᠢᠲᠡᠢ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ | ᠨᠥᠯᠥᠭᠡᠯᠡᠭᠳᠡᠭᠰᠡᠨ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ | ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠢᠭᠤᠯᠴᠢᠯᠠᠯ ᠤᠨ ᠦᠢᠯᠡᠰ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠠᠴᠠ | ᠪᠣᠯᠵᠤ ᠡᠭᠦᠳᠡ ᠪᠠᠨ ᠬᠠᠭᠠᠭᠰᠠᠨ ᠪᠠ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠷᠯᠠᠯ ᠤᠨ ᠱᠠᠭᠠᠷᠳᠠᠯᠭ᠎ᠠ ᠪᠠᠷ | ᠡᠵᠡᠩᠨᠡᠯᠲᠡ ᠪᠠᠨ ᠵᠣᠭᠰᠣᠭᠠᠭᠰᠠᠨ ᠠᠵᠤ ᠠᠬᠤᠶᠢᠯᠠᠯ ︵ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠠᠭᠲᠠᠨ᠎ᠠ︶ ᠳᠤ 3 ᠰᠠᠷ᠎ᠠ ᠶᠢᠨ ᠲᠦᠷᠢᠶᠡᠰᠦᠨ | ᠮᠥᠩᠭᠦ ᠶᠢ ᠬᠡᠯᠲᠦᠷᠢᠭᠦᠯᠵᠦ᠂ ᠬᠤᠳᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ | ᠲᠦᠷᠢᠶᠡᠰᠦᠨ ᠮᠥᠩᠭᠦ ᠶᠢ ᠬᠡᠯᠲᠦᠷᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠨ᠎ᠠ᠃ | ᠵᠢᠷᠭᠤᠭ᠎ᠠ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠳᠡᠮᠵᠢᠨ᠎ᠡ | ᠡᠯ᠎ᠡ ᠲᠥᠷᠥᠯ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 2022 ᠣᠨ ᠳᠤ ᠰᠢᠨ᠎ᠡ ᠪᠠᠷ ᠡᠯᠰᠡᠨ ᠬᠡᠷᠡᠭᠯᠡᠭᠰᠡᠨ ᠬᠥᠮᠥᠰ ᠤᠨ ᠨᠡᠶᠢᠭᠡᠮ ᠤᠨ | ᠳᠠᠭᠠᠳᠬᠠᠯ ᠲᠤᠰᠢᠶᠠᠭᠠᠳ ᠪᠦᠬᠦᠯᠢ 6 ᠰᠠᠷ᠎ᠠ ᠪᠣᠯᠣᠭᠰᠠᠨ ᠳᠤᠨᠢ᠂ ᠬᠥᠮᠥᠨ ᠪᠦᠷᠢ ᠳᠤ 500 ᠲᠥᠭᠦᠷᠢᠭ ᠪᠠᠷ ᠠᠵᠤ ᠠᠬᠤᠶᠢᠯᠠᠯ ᠳᠤ ᠨᠢᠭᠡ ᠤᠳᠠᠭ᠎ᠠ ᠶᠢᠨ | ᠴᠢᠨᠠᠷᠲᠠᠢ ᠠᠵᠢᠯ ᠣᠯᠭᠤᠯᠲᠠ ᠶᠢᠨ ᠨᠥᠬᠦᠪᠦᠷᠢ ᠣᠯᠭᠤᠨ᠎ᠠ᠂ ᠲᠥᠷᠥ ᠶᠢᠨ ᠪᠣᠳᠣᠯᠭ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠨᠢ 2022 | ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ︽ᠠᠵᠢᠯ ᠤᠨ ᠪᠠᠶᠢᠷᠢ ᠳᠠᠭᠠᠨ ᠪᠤᠴᠠᠬᠤ ᠳᠤ | ᠬᠦᠴᠢᠷᠲᠡᠢ︾ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ᠴᠢᠬᠤᠯᠠ ᠲᠠᠢ ᠦᠶ᠎ᠡ ᠳᠤ ᠬᠠᠷᠢᠶ᠎ᠠ ᠭᠠᠵᠠᠷ ᠠᠴᠠ ᠲᠡᠷᠭᠡ ᠬᠥᠰᠬᠡ ᠲᠣᠬᠢᠷᠠᠭᠤᠯᠵᠤ ︽ᠴᠡᠭ ᠠᠴᠠ | ᠴᠡᠭ ᠲᠤ︾ ᠬᠦᠷᠭᠡᠵᠦ ᠲᠣᠰᠴᠤ ᠪᠣᠯᠣᠨ᠎ᠠ᠃ | ᠳᠣᠯᠤᠭ᠎ᠠ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠭ᠎ᠠ ᠪᠦᠬᠦᠨ ᠢ ᠰᠦᠪᠡᠭᠴᠢᠯᠡᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ 2022 ᠣᠨ ᠤ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2021 ᠣᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠥᠨᠳᠥᠷ ᠪᠣᠯᠭᠠᠬᠤ ᠦᠭᠡᠢ ᠶᠢ ᠪᠠᠲᠤᠯᠠᠨ᠎ᠠ᠃ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ︵ᠠᠵᠤ ᠦᠢᠯᠡᠳᠪᠦᠷᠢ ᠬᠤᠳᠠᠯᠳᠤᠭᠠᠨ ᠤ | ᠬᠤᠪᠢ ᠶᠢᠨ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠᠭᠲᠠᠨ᠎ᠠ︶ ᠠᠴᠠ ᠰᠣᠬᠤᠷ ᠪᠠᠯᠠᠢ ᠪᠠᠷ ᠵᠢᠭᠡᠯᠡᠯᠭᠡ ᠶᠢ ᠤᠷᠢᠳᠴᠢᠯᠠᠨ ᠪᠣᠴᠠᠭᠠᠯᠭᠠᠬᠤ᠂ | ᠵᠢᠭᠡᠯᠡᠯᠭᠡ ᠲᠠᠯᠪᠢᠬᠤ ᠪᠠᠨ ᠬᠤᠶᠢᠰᠢᠯᠠᠭᠤᠯᠵᠤ᠂ ᠵᠢᠭᠡᠯᠡᠯᠭᠡ ᠪᠠᠨ ᠲᠠᠰᠤᠯᠳᠠᠭᠤᠯᠵᠤ ᠪᠣᠯᠬᠤ ᠦᠭᠡᠢ᠂ ᠵᠢᠯ ᠤᠨ ᠳᠣᠲᠣᠷ᠎ᠠ ᠬᠤᠭᠤᠴᠠᠭ᠎ᠠ ᠨᠢ ᠲᠤᠯᠬᠤ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠬᠤᠶᠢᠰᠢᠯᠠᠭᠤᠯᠬᠤ ᠶᠣᠰᠣᠲᠠᠢ ᠶᠢ ᠪᠦᠬᠦᠨ ᠢ ᠬᠤᠶᠢᠰᠢᠯᠠᠭᠤᠯᠬᠤ ᠬᠡᠷᠡᠭᠲᠡᠢ᠃ ᠵᠠᠰᠠᠭ ᠤᠨ ᠣᠷᠳᠣᠨ᠂ | ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠶᠢᠨ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠲᠦᠭᠰᠢᠭᠦᠷᠢ ᠶᠢᠨ ᠨᠥᠬᠦᠪᠦᠷᠢ ᠪᠡᠯᠡ ᠮᠥᠩᠭᠦ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠨᠥᠬᠦᠪᠦᠷᠢ ᠪᠡᠯᠡ ᠮᠥᠩᠭᠦ ᠶᠢᠨ | ᠲᠥᠷᠥ ᠶᠢᠨ ᠪᠣᠳᠣᠯᠭ᠎ᠠ ᠶᠢᠨ ᠲᠣᠮᠣᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ | ᠠᠬᠤᠶᠢᠯᠠᠯ ᠳᠤ ᠵᠢᠭᠡᠯᠡᠯᠭᠡ ᠲᠠᠯᠪᠢᠬᠤ ᠪᠠᠨ ᠨᠡᠮᠡᠭᠳᠡᠭᠦᠯᠬᠦ ᠶᠢ ᠳᠡᠮᠵᠢᠨ᠎ᠡ᠃ | |