ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 11 ᠳ᠋ᠦ᠋ᠭᠡᠷ ᠲᠣᠭᠠᠲᠤ | 2022 ᠣᠨ ᠤ 3 ᠳ᠋ᠤᠭᠠᠷ ᠰᠠᠷ᠎ᠠ ᠶᠢᠨ 15 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ︽ᠬᠥᠬᠡᠬᠤᠲᠠ ᠶᠢᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ | ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 3 ᠳ᠋ᠤᠭᠠᠷ ᠰᠠᠷ᠎ᠠ ᠶᠢᠨ 15 ᠤ ᠡᠳᠦᠷ | | | ᠬᠥᠬᠡᠬᠤᠲᠠ ᠶᠢᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠳᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ | | | ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ ᠵᠢᠯᠣᠭᠤᠳᠤᠨ ᠳᠠᠶᠢᠴᠢᠯᠠᠵᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠪᠥᠬᠦ ᠨᠡᠶᠢᠭᠡᠮ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠦᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠡᠰ ᠳᠡᠪᠰᠢᠬᠦ ᠶᠢ ᠲᠦᠯᠬᠢᠨ ᠠᠬᠢᠭᠤᠯᠬᠤ ᠶᠢᠨ ᠲᠤᠰᠠᠳᠠ᠂ ︽ᠥᠪᠡᠷᠲᠡᠭᠡᠨ | ᠵᠠᠰᠠᠬᠤ ᠣᠷᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠳᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 ︱ 2025 | ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 35 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠠᠵᠢᠯᠯᠠᠭ᠎ᠠ ᠶᠢᠨ ᠬᠠᠷᠠᠯᠲᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ︵R&D︶ | ᠵᠠᠷᠤᠳᠠᠯ ᠤᠨ ᠣᠷᠣᠭᠤᠯᠤᠯᠲᠠ ᠶᠢ ᠵᠢᠯ ᠳᠤᠮᠳᠠᠴᠢ ᠪᠠᠷ 13% ᠠᠴᠠ ᠳᠡᠭᠡᠭᠰᠢ ᠨᠡᠮᠡᠭᠳᠡᠭᠦᠯᠵᠦ᠂ 2025 ᠣᠨ ᠪᠣᠯᠬᠤ ᠳᠤ ᠪᠥᠬᠦ ᠨᠡᠶᠢᠭᠡᠮ ᠤᠨ ᠰᠣᠳᠤᠯᠤᠨ | ᠨᠡᠭᠡᠭᠡᠬᠦ ︵R&D︶ ᠵᠠᠷᠤᠳᠠᠯ ᠤᠨ ᠣᠷᠣᠭᠤᠯᠤᠯᠲᠠ ᠶᠢᠨ ᠬᠡᠮᠵᠢᠶ᠎ᠡ ᠶᠢ 85 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ | 1. ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ | ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠪᠣᠯᠣᠨ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠡᠳ᠋ ᠤᠨ ᠵᠠᠰᠠᠭ ᠤᠨ ᠣᠷᠣᠭᠤᠯᠤᠯᠲᠠ ᠶᠢᠨ ᠵᠢᠯ ᠳᠤᠮᠳᠠᠴᠢ ᠶᠢᠨ | ᠨᠡᠮᠡᠭᠳᠡᠯ ᠤᠨ ᠬᠤᠷᠳᠤᠴᠠ ᠪᠠᠨ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ 500 ᠲᠦᠮᠡᠨ | ᠲᠥᠭᠦᠷᠢᠭ ᠠᠴᠠ ᠳᠡᠭᠡᠭᠰᠢᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠣᠷᠣᠭᠤᠯᠤᠯᠲᠠ ᠶᠢᠨ ᠪᠦᠲᠦᠴᠡ ᠵᠢᠴᠢ ᠴᠢᠭᠯᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ︶ | 2. ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠵᠠᠷᠤᠳᠠᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠵᠠᠰᠠᠭ ᠤᠨ | ᠣᠷᠳᠣᠨ ᠤ ᠰᠢᠨ᠎ᠡ ᠶᠢ ᠡᠭᠦᠳᠬᠦ ᠤᠳᠤᠷᠢᠳᠤᠮᠵᠢ ᠶᠢᠨ ᠦᠢᠯᠡᠳᠦᠯ ᠢ ᠴᠢᠩᠭᠠᠳᠬᠠᠵᠤ᠂ ᠰᠢᠨ᠎ᠡ ᠶᠢ ᠡᠭᠦᠳᠬᠦ ᠵᠢᠮ᠎ᠡ ᠶᠣᠰᠣᠨ ᠳᠤ ᠨᠡᠶᠢᠴᠡᠭᠰᠡᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠰᠥᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠢᠷᠡᠯᠲᠡ ᠶᠢᠨ ᠠᠷᠭ᠎ᠠ ᠵᠠᠮ᠂ ᠶᠡᠷᠦᠩᠬᠡᠢ ᠬᠡᠮᠵᠢᠶ᠎ᠡ ᠪᠠ ᠬᠡᠷᠡᠭᠯᠡᠬᠦ ᠭᠤᠣᠯ ᠴᠣᠭᠴᠠ ᠶᠢ ᠥᠯᠥ ᠬᠤᠪᠢᠷᠠᠭᠤᠯᠬᠤ ᠵᠠᠷᠴᠢᠮ ᠶᠣᠰᠣᠭᠠᠷ᠂ ᠰᠠᠯᠠᠭ᠎ᠠ ᠮᠥᠴᠢᠷ ᠪᠠ | ᠨᠢᠭᠡᠴᠡ ᠶᠢᠨ ᠣᠲᠣ ᠶᠢᠨ ᠪᠠᠶᠢᠭ᠎ᠠ ᠪᠡᠯᠡ ᠮᠥᠩᠭᠦ ᠶᠢᠨ ᠳᠣᠲᠣᠷᠠᠬᠢ ᠰᠣᠳᠤᠯᠤᠨ ᠨᠡᠭᠡᠭᠡᠬᠦᠵᠠᠷᠤᠳᠠᠯ ᠤᠨ ᠣᠷᠣᠭᠤᠯᠤᠯᠲᠠ ᠳᠤ ᠬᠡᠷᠡᠭᠯᠡᠬᠦ ᠬᠡᠰᠡᠭ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ᠂ ᠰᠣᠳᠤᠯᠤᠨ ᠨᠡᠭᠡᠭᠡᠬᠦ ᠠᠵᠢᠯᠯᠠᠭ᠎ᠠ ᠳᠤ ᠬᠡᠷᠡᠭᠯᠡᠬᠦ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠡᠯ᠎ᠡ ᠵᠦᠢᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠪᠦᠬᠦᠨ ᠢ ᠰᠣᠳᠤᠯᠤᠨ ᠨᠡᠭᠡᠭᠡᠬᠦ ᠠᠵᠢᠯᠯᠠᠭ᠎ᠠ ᠳᠤ | ᠬᠡᠷᠡᠭᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 3. ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠴᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ︽ᠵᠠᠰᠠᠭ ᠤᠨ ᠣᠷᠳᠣᠨ | ᠬᠥᠲᠥᠯᠥᠨ ᠵᠢᠯᠤᠭᠤᠳᠬᠤ + ᠠᠵᠤ ᠠᠬᠤᠶᠢᠯᠠᠯ ᠤᠨ ᠭᠤᠣᠯ ᠴᠣᠭᠴᠠ + ᠪᠥᠬᠦ ᠨᠡᠶᠢᠭᠡᠮ ᠢᠶᠠᠷ ᠢᠶᠠᠨ ᠣᠷᠤᠯᠴᠠᠬᠤ︾ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ︔ ᠠᠵᠤ ᠠᠬᠤᠶᠢᠯᠠᠯ ᠤᠨ ᠭᠤᠣᠯ ᠴᠣᠭᠴᠠ ᠪᠣᠯᠣᠨ ᠠᠵᠤ ᠠᠬᠤᠶᠢᠯᠠᠯ ᠶᠡᠭᠡ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠠᠮᠵᠢᠯᠴᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ | ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠦᠷᠦᠯ ᠵᠦᠢᠯ ᠢ ᠡᠭᠦᠷᠭᠡᠯᠡᠬᠦ ᠬᠠᠷᠢᠴᠠᠯ 80% ᠶᠢ ᠳᠠᠪᠠᠭ᠋ᠤ ᠶᠢ ᠳᠡᠮᠵᠢᠨ᠎ᠡ᠃ | ᠲᠥᠪ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠣᠳᠤᠯᠤᠨ ᠨᠡᠭᠡᠭᠡᠬᠦ ᠲᠠᠯ᠎ᠠ ᠶᠢᠨ ᠰᠢᠯᠵᠢᠭᠦᠯᠦᠨ ᠲᠥᠯᠥᠬᠦ ᠪᠠ ᠴᠢᠬᠤᠯᠠ ᠶᠡᠭᠡ ᠲᠥᠷᠥᠯ | ᠵᠦᠢᠯ ᠤᠨ ᠳᠡᠮᠵᠢᠯᠭᠡ ᠶᠢ ᠨᠡᠮᠡᠭᠳᠡᠭᠦᠯᠬᠦ ᠪᠠᠷ ᠢᠳᠡᠪᠬᠢᠲᠡᠢ ᠴᠢᠷᠮᠠᠶᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠢᠯ ᠤᠨ ᠳᠡᠮᠵᠢᠯᠭᠡ ᠶᠢ ᠣᠯᠵᠤ᠂ ᠲᠣᠰ ᠭᠠᠵᠠᠷ ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ ᠰᠢᠯᠭᠠᠨ ᠬᠤᠷᠢᠶᠠᠬᠤ ᠶᠢ ᠦᠩᠭᠡᠷᠡᠭᠦᠯᠵᠦ᠂ ᠤᠯᠤᠰ ᠠᠴᠠ | ᠰᠠᠯᠭᠠᠨ ᠥᠭᠭᠦᠭᠰᠡᠨ ᠪᠡᠯᠡ ᠮᠥᠩᠭᠦ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 20—50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ | ᠴᠢᠨᠠᠷᠲᠠᠢ ᠰᠣᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠬᠤᠶᠠᠷ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠎ᠠ | 4. ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠪᠠᠨ ᠲᠦᠷᠭᠡᠳᠬᠡᠨ᠎ᠡ᠃ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠲᠠᠬᠢᠨ ᠨᠡᠮᠡᠭᠳᠡᠭᠦᠯᠬᠦ︾ | ᠠᠵᠢᠯᠯᠠᠭ᠎ᠠ ᠶᠢ ᠬᠡᠷᠡᠭᠵᠢᠭᠦᠯᠵᠦ᠂ 2025 ᠣᠨ ᠪᠣᠯᠬᠤ ᠳᠤ᠂ ᠲᠦᠮᠡᠨ ᠠᠵᠤ ᠠᠬᠤᠶᠢᠯᠠᠯ ᠪᠦᠷᠢ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠲᠤᠭ᠎ᠠ ᠶᠢ 52 ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢ ᠭᠥᠷᠳᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ ᠣᠯᠭᠤᠵᠤ ᠰᠣᠳᠤᠯᠤᠨ ᠨᠡᠭᠡᠭᠡᠬᠦ ᠠᠵᠢᠯ ᠳᠤ ᠬᠡᠷᠡᠭᠯᠡᠬᠦ ᠶᠢ ᠳᠡᠮᠵᠢᠨ᠎ᠡ | ᠃ ᠳᠡᠭᠡᠷ᠎ᠡ ᠨᠢᠭᠡ ᠵᠢᠯ ᠪᠤᠶᠤ ᠲᠣᠰ ᠵᠢᠯ ᠳᠤ ᠨᠢᠭᠡᠨᠲᠡ ᠬᠥᠮᠥᠷᠭᠡ ᠳᠤ ᠣᠷᠣᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠩᠬ᠎ᠠ ᠤᠳᠠᠭ᠎ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢᠶᠠᠷ ᠲᠠᠨᠢᠯᠴᠠᠭᠤᠯᠤᠨ ᠮᠡᠳᠡᠭᠦᠯᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 ᠲᠦᠮᠡᠨ ᠲᠥᠭᠦᠷᠢᠭ ᠤᠨ ᠱᠠᠩᠨᠠᠯ ᠣᠯᠭᠤᠵᠤ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 5. ᠠᠵᠤ ᠠᠬᠤᠶᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠳᠤ ᠲᠥᠪᠯᠡᠷᠡᠭᠦᠯᠦᠨ ᠪᠣᠭᠤᠮᠲᠠ ᠰᠢᠪᠳᠤᠯᠬᠤ ᠶᠢ ᠳᠡᠮᠵᠢᠨ᠎ᠡ᠃ ᠠᠵᠤ ᠦᠢᠯᠡᠰ ᠤᠨ | ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠨ ᠳᠤ᠂ | ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠤ᠂ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠳᠣᠲᠣᠷᠠᠬᠢ R&D ᠠᠵᠢᠯᠯᠠᠭᠠᠨ ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠢ 35% ᠠᠴᠠ ᠳᠡᠭᠡᠭᠰᠢ ᠬᠦᠷᠭᠡᠵᠦ᠂ ᠠᠵᠤ | ᠠᠬᠤᠶᠢᠯᠠᠯ ᠤᠨ R&D ᠤᠨ ᠵᠠᠷᠤᠳᠠᠯ ᠤᠨ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠢ 2% ᠠᠴᠠ | ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ︶ | 6. ᠰᠣᠳᠤᠯᠤᠨ ᠨᠡᠭᠡᠭᠡᠬᠦ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ | ᠰᠣᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠰᠣᠳᠤᠯᠤᠨ ᠨᠡᠭᠡᠭᠡᠬᠦ ᠵᠠᠷᠤᠳᠠᠯ ᠢ ᠳ᠋ᠦᠩᠨᠡᠨ ᠪᠣᠳᠣᠬᠤ ᠶᠢ | ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠡᠳ᠋ ᠤᠨ ᠵᠠᠰᠠᠭ ᠠᠴᠠ ᠬᠤᠶᠢᠨ᠎ᠠ ᠨᠢ | ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠰᠣᠳᠤᠯᠤᠨ ᠨᠡᠭᠡᠭᠡᠬᠦ | ᠣᠷᠣᠭᠤᠯᠤᠯᠲᠠ ᠶᠢᠨ ᠡᠷᠴᠢᠮ ᠵᠢᠴᠢ ᠨᠡᠮᠡᠭᠳᠡᠯ ᠤᠨ ᠬᠡᠮᠵᠢᠶ᠎ᠡ ᠨᠡᠮᠡᠭᠳᠡᠴᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ 8᠄ | 2 ᠤᠨ ᠬᠠᠷᠢᠴᠠᠯ ᠢᠶᠠᠷ ᠠᠵᠤ ᠠᠬᠤᠶᠢᠯᠠᠯ ᠳᠤ ᠰᠣᠳᠤᠯᠤᠨ ᠨᠡᠭᠡᠭᠡᠭᠰᠡᠨ ᠤ ᠳᠠᠷᠠᠭᠠᠬᠢ ᠨᠦᠬᠦᠪᠦᠷᠢ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠠᠵᠤ ᠠᠬᠤᠶᠢᠯᠠᠯ ᠤᠨ ᠨᠡᠭᠡᠭᠡᠨ ᠰᠤᠳᠤᠯᠬᠤ ᠵᠠᠷᠤᠳᠠᠯ ᠢ ᠨᠡᠮᠡᠨ ᠪᠤᠳᠤᠵᠤ | ᠰᠠᠭᠤᠯᠭᠠᠨ ᠠᠪᠬᠤ᠂ ᠮᠡᠷᠭᠡᠵᠢᠯ ᠢᠶᠠᠨ ᠬᠤᠳᠠᠯᠳᠤᠭᠰᠠᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠰᠢᠨ᠎ᠡ ᠶᠢ ᠡᠭᠦᠳᠬᠦ ᠤᠳᠤᠷᠢᠳᠤᠮᠵᠢ ᠶᠢ ᠲᠤᠪᠤᠶᠢᠯᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠦᠨᠡᠯᠡᠨ ᠰᠢᠯᠭᠠᠬᠤ ᠪᠠ | ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠠᠰᠢᠭ | ᠬᠤᠨᠵᠢᠪᠤᠷᠢ ᠲᠠᠢ ᠠᠳᠠᠯᠢ ᠪᠠᠷ ᠦᠵᠡᠵᠦ ᠡᠭᠡᠭᠦᠯᠦᠨ ᠨᠡᠮᠡᠵᠦ᠂ ᠨᠡᠮᠡᠭᠳᠡᠯ ᠤᠨ ᠬᠡᠰᠡᠭ ᠢ 150% ᠪᠠᠷ ᠨᠡᠮᠡᠵᠦ ᠪᠤᠳᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠰᠠᠭᠤᠭᠠᠯᠢ ᠠᠷᠠᠳ ᠤᠨ ᠠᠵᠤ ᠠᠬᠤᠶᠢᠯᠠᠯ ᠤᠨ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠮᠡᠷᠭᠡᠵᠢᠯ ᠢᠶᠠᠨ ᠬᠤᠳᠠᠯᠳᠤᠵᠤ ᠣᠯᠣᠭᠰᠠᠨ ᠠᠰᠢᠭ | ᠣᠷᠣᠯᠭ᠎ᠠ ᠨᠢ 500 ᠲᠦᠮᠡᠨ ᠲᠥᠭᠦᠷᠢᠭ ᠠᠴᠠ ᠬᠡᠲᠦᠷᠡᠬᠦ ᠦᠭᠡᠢ ᠬᠡᠰᠡᠭ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠵᠦ᠂ | ᠬᠡᠲᠦᠷᠡᠭᠰᠡᠨ ᠬᠡᠰᠡᠭ ᠠᠴᠠ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ︵ᠭᠤᠷᠪᠠ︶ ᠰᠢᠨ᠎ᠡ ᠶᠢ ᠡᠭᠦᠳᠬᠦ ᠣᠯᠠᠨ ᠡᠰᠢᠲᠦ ᠣᠷᠣᠭᠤᠯᠤᠯᠲᠠ ᠶᠢ ᠴᠢᠩᠭᠠᠷᠠᠭᠤᠯᠤᠨ᠎ᠠ | 7. ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠨᠵᠢᠯᠡᠬᠦ ᠤᠬᠠᠭᠠᠨ ᠮᠡᠷᠭᠡᠵᠢᠯ ᠤᠨ | ᠮᠥᠩᠭᠦᠨ ᠭᠦᠢᠯᠭᠡᠭᠡᠨ ᠤ ᠠᠵᠢᠯ ᠦᠢᠯᠡᠰ ᠤᠨ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ ᠵᠡᠷᠭᠡ ᠲᠤᠰᠬᠠᠢ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠡᠵᠡᠩᠨᠡᠯᠲᠡ ᠶᠢᠨ ᠪᠠᠶᠢᠭᠤᠯᠤᠮᠵᠢ ᠲᠣᠬᠢᠷᠠᠭᠤᠯᠬᠤ ᠶᠢ ᠵᠣᠷᠢᠭᠵᠢᠭᠤᠯᠤᠨ᠎ᠠ᠃ | ᠲᠤᠰᠠᠭᠠᠷ ᠢᠲᠡᠭᠡᠮᠵᠢᠲᠦ ᠵᠢᠭᠡᠯᠡᠯᠭᠡ ᠶᠢᠨ ᠲᠥᠯᠥᠪᠯᠡᠭᠡ ᠶᠢ ᠬᠠᠶᠢᠨ ᠰᠦᠪᠡᠭᠴᠢᠯᠡᠵᠦ᠂ ᠵᠢᠭᠡᠯᠡᠯᠭᠡ ᠶᠢᠨ ᠵᠦᠪᠰᠢᠶᠡᠷᠡᠯ ᠤᠨ ᠨᠥᠬᠦᠴᠡᠯ ᠢ ᠪᠠᠭᠤᠷᠠᠭᠤᠯᠤᠨ᠂ | ᠢᠲᠡᠭᠡᠮᠵᠢᠲᠦ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠵᠢᠭᠡᠯᠡᠯᠭᠡ ᠶᠢᠨ ᠲᠦᠭᠰᠢᠭᠦᠷᠢ ᠶᠢ ᠬᠦᠯᠢᠴᠡᠬᠦ ᠬᠡᠮᠵᠢᠶ᠎ᠡ ᠶᠢ ᠵᠣᠬᠢᠬᠤ | ᠬᠡᠮᠵᠢᠶ᠎ᠡ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠠᠬᠢ ᠢᠲᠡᠭᠡᠮᠵᠢᠲᠦ ᠵᠢᠭᠡᠯᠡᠯᠭᠡ ᠶᠢᠨ | ᠣᠷᠣᠭᠤᠯᠤᠯᠲᠠ ᠶᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ︶ | 8. ᠰᠢᠭᠤᠳ ᠪᠡᠯᠡ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ | ᠲᠣᠬᠢᠷᠠᠭᠤᠯᠭ᠎ᠠ ᠶᠢᠨ ᠲᠤᠬᠠᠢ ᠤᠯᠤᠰ ᠤᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ | ᠦᠢᠯᠡᠰ ᠴᠣᠭᠴᠠᠯᠠᠬᠤ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ ᠰᠠᠮᠪᠠᠷ᠎ᠠ ᠳᠤ ᠫᠠᠶᠢᠰᠠ | ᠡᠯᠭᠦᠬᠦ᠂ ᠥᠪᠥᠷ ᠮᠣᠩᠭᠤᠯ ᠤᠨ ᠬᠤᠪᠢ ᠶᠢᠨ ᠡᠷᠬᠡ ᠶᠢᠨ ᠠᠷᠠᠯᠵᠢᠶ᠎ᠠ ᠶᠢᠨ ᠲᠥᠪ ᠲᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠳᠬᠤᠵᠤ | ᠂ ᠡᠯ᠎ᠡ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠪᠠᠭᠠᠵᠢ ᠶᠢ ᠠᠮᠢᠳᠤᠯᠢᠭ ᠢᠶᠠᠷ ᠬᠡᠷᠡᠭᠯᠡᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ | ᠬᠥᠭᠵᠢᠯᠲᠡ ᠶᠢᠨ ᠰᠠᠭᠤᠷᠢ ᠮᠥᠩᠭᠦ ᠴᠤᠭᠯᠠᠭᠤᠯᠬᠤ ᠶᠢ ᠳᠡᠮᠵᠢᠵᠦ᠂ ᠰᠢᠭᠤᠳ ᠪᠡᠯᠡ ᠲᠣᠬᠢᠷᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠢ ᠤᠷᠢᠳᠠᠪᠠᠷ ᠱᠠᠩᠨᠠᠨ ᠨᠥᠬᠦᠪᠦᠷᠢᠯᠡᠵᠦ᠂ ᠰᠢᠭᠤᠳ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠦᠴᠦᠲᠡᠢ ᠪᠠᠭᠤᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | 9. ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠠᠪᠴᠠᠩ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠎ᠠ᠃ | ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠵᠡᠷᠭᠡ ᠳᠤ ᠬᠡᠯᠪᠡᠶᠢᠯᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | 10. ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠵᠣᠷᠢᠭᠵᠢᠭᠤᠯᠤᠨ᠎ᠠ | ᠃ ᠮᠠᠨ ᠤ ᠬᠤᠲᠠ ᠶᠢᠨ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠪᠠᠷ ᠪᠡᠯᠡᠳᠬᠡᠬᠦ ᠶᠠᠪᠤᠴᠠ ᠳᠤ᠂ ᠬᠤᠲᠠ ᠶᠢᠨ ᠲᠣᠰ ᠱᠠᠲᠤᠨ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ ᠨᠥᠬᠦᠪᠦᠷᠢ | ᠣᠯᠭᠤᠵᠤ᠂ ᠱᠠᠩᠨᠠᠯ ᠨᠥᠬᠦᠪᠦᠷᠢ ᠶᠢᠨ ᠮᠦᠩᠭᠦ ᠶᠢ ᠨᠡᠶᠢᠲᠡ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠡᠭᠦᠨ ᠢ ᠬᠠᠮᠲᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠵᠤ ᠱᠠᠩᠨᠠᠬᠤ ᠠᠷᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠨᠥᠬᠦᠪᠦᠷᠢ ᠪᠡᠯᠡ ᠮᠥᠩᠭᠦ ᠣᠯᠬᠤ ᠶᠢ | ᠢᠳᠡᠪᠬᠢᠲᠡᠢ ᠬᠠᠪᠰᠤᠷᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠳᠥᠷᠪᠡ︶ ᠰᠢᠨ᠎ᠡ ᠶᠢ ᠡᠭᠦᠳᠬᠦ ᠡᠯ᠎ᠡ ᠲᠦᠷᠦᠯ ᠤᠨ ᠬᠦᠴᠦᠨ ᠵᠦᠢᠯ ᠤᠨ ᠥᠨᠳᠥᠷ ᠪᠦᠲᠦᠮᠵᠢᠲᠡᠢ ᠬᠠᠮᠵᠢᠯᠴᠠᠬᠤ ᠶᠢ ᠲᠦᠯᠬᠢᠨ ᠠᠬᠢᠭᠤᠯᠤᠨ᠎ᠠ | 11. ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠲᠥᠷᠥᠯ ᠤᠨ ᠰᠣᠳᠤᠯᠤᠨ ᠨᠡᠭᠡᠭᠡᠵᠦ ᠰᠢᠨ᠎ᠡ ᠶᠢ | ᠡᠭᠦᠳᠬᠦ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠳᠬᠡᠵᠦ᠂ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠨᠡᠭᠡᠭᠡᠯᠲᠡ ᠬᠢᠵᠦ ᠬᠠᠮᠲᠤᠪᠠᠷ ᠠᠰᠢᠭᠯᠠᠬᠤ | ᠲᠣᠭᠲᠠᠴᠠ ᠶᠢ ᠪᠠᠶᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠦᠰᠢᠭᠯᠡᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ | ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠰᠢᠨ᠎ᠡ ᠶᠢ ᠡᠭᠦᠳᠬᠦ ᠰᠣᠳᠤᠯᠤᠨ | ᠨᠡᠭᠡᠭᠡᠬᠦ ᠲᠠᠪᠴᠠᠩ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ | ᠲᠦᠯᠬᠢᠨ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠬᠡᠷᠡᠭᠵᠢᠭᠦᠯᠬᠦ ᠰᠠᠨᠠᠯ︾ ᠤᠨ ᠲᠣᠭᠲᠠᠭᠠᠯ ᠶᠣᠰᠣᠭᠠᠷ ᠰᠣᠳᠤᠯᠤᠨ | ᠨᠡᠭᠡᠭᠡᠬᠦ ᠪᠠᠶᠢᠭᠤᠯᠤᠮᠵᠢ ᠳᠤ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ 2025 ᠣᠨ | ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠭᠰᠠᠨ | ᠬᠤᠪᠢ ᠶᠢᠨ ᠵᠢᠩ ᠢ 35% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ᠂ ᠳᠠᠪᠠᠭᠤᠯᠢᠭ ᠣᠨᠴᠠᠯᠢᠭᠲᠤ | ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ | ᠲᠠᠰ ᠤᠨ ᠰᠢᠨ᠎ᠡ ᠶᠢ ᠡᠭᠦᠳᠬᠦ ᠲᠠᠪᠴᠠᠩ ᠲᠠᠢ ᠪᠣᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ︶ | ᠬᠤᠲᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠢ ᠦᠨᠡᠯᠡᠨ ᠵᠢᠱᠢᠬᠦ ᠡᠷᠴᠢᠮ ᠢᠶᠠᠨ ᠴᠢᠩᠭᠠᠷᠠᠭᠤᠯᠵᠤ᠂ | ᠰᠣᠳᠤᠯᠤᠨ ᠨᠡᠭᠡᠭᠡᠬᠦ ᠵᠠᠷᠤᠳᠠᠯ ᠢ ᠬᠤᠶᠢᠨ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 12. ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ | ᠠᠴᠢᠶᠠᠯᠠᠪᠤᠷᠢ ᠶᠢ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠪᠠ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠭᠤᠣᠯ ᠣᠷᠣᠨ ᠪᠣᠯᠭᠠᠨ | ᠪᠦᠲᠦᠭᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ | ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠥᠪᠯᠡᠷᠡᠩᠭᠦᠢ ᠪᠠᠶᠢᠷᠢᠰᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠰ ᠵᠢᠴᠢ | ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ 2025 ᠣᠨ ᠪᠣᠯᠬᠤ ᠳᠤ᠂ ᠵᠢᠨᠱᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 2.5% ᠠᠴᠠ ᠳᠡᠭᠡᠭᠰᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠨᠡᠭᠡᠭᠡᠨ ᠰᠤᠳᠤᠯᠬᠤ ᠣᠷᠣᠭᠤᠯᠤᠯᠲᠠ ᠶᠢᠨ ᠡᠷᠴᠢᠮ ᠢ 1.5% ᠠᠴᠠ ᠳᠡᠭᠡᠭᠰᠢ ᠬᠦᠷᠭᠡᠨ᠎ᠡ︔ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 1.5% ᠠᠴᠠ ᠳᠡᠭᠡᠭᠰᠢ ᠬᠦᠷᠭᠡᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠢᠨᠱᠠᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ︶ | 13. ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠬᠥᠲᠥᠯᠥᠨ ᠵᠢᠯᠣᠭᠤᠳᠴᠤ ᠰᠣᠳᠤᠯᠤᠨ | ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠤᠲᠠ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠢ ᠬᠥᠲᠥᠯᠥᠨ ᠵᠢᠯᠤᠭᠤᠳᠴᠤ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠂ ᠪᠠᠴᠢᠮ ᠲᠤᠲᠠᠭᠳᠠᠵᠤ ᠪᠠᠶᠢᠭ᠎ᠠ | ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠠᠮᠲᠤᠪᠠᠷ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠤᠨ ᠰᠣᠳᠤᠯᠤᠨ ᠨᠡᠭᠡᠭᠡᠬᠦ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠠᠮᠵᠢᠯᠲᠠ ᠪᠦᠲᠦᠮᠵᠢ ᠵᠡᠷᠭᠡ ᠶᠢ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ᠂ ᠦᠨᠡᠯᠡᠨ ᠵᠢᠱᠢᠵᠦ ᠦᠨᠡᠯᠡᠨ | ᠰᠢᠯᠭᠠᠬᠤ ᠵᠡᠷᠭᠡ ᠠᠵᠢᠯ ᠤᠨ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠪᠦᠲᠦᠮᠵᠢᠲᠡᠶ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠶᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | 14. ᠰᠢᠨ᠎ᠡ ᠶᠢ ᠡᠭᠦᠳᠬᠦ ᠳᠤ ᠨᠡᠭᠡᠭᠡᠯᠳᠡ ᠬᠢᠵᠦ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠣᠭᠤᠯᠬᠤ︾ ᠬᠠᠮᠲᠤᠷᠠᠯᠴᠠᠭ᠎ᠠ ᠶᠢ ᠠᠬᠢᠭᠤᠯᠬᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠬᠤ ᠬᠤᠷᠠᠯ | ᠵᠡᠷᠭᠡ ᠶᠢ ᠪᠠᠶᠢᠩᠭᠤ ᠶᠢᠨ ᠴᠢᠨᠠᠷ ᠲᠠᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠲᠠᠢ ᠬᠠᠮᠲᠤᠪᠠᠷ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠤᠯᠠᠷᠢᠭᠤᠯᠬᠤ ᠶᠢ ᠠᠬᠢᠭᠤᠯᠤᠨ᠎ᠠ︔ ᠮᠠᠨ ᠤ ᠬᠤᠲᠠ ᠶᠢᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ | ᠮᠡᠷᠭᠡᠵᠢᠯ ᠤᠨ ᠰᠢᠪᠲᠤᠯᠤᠯᠲᠠ ᠬᠢᠬᠦ ᠶᠢ ᠵᠣᠷᠢᠭᠵᠢᠭᠤᠯᠤᠨ᠎ᠠ︔ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷ᠎ᠡ ᠲᠠᠢ ᠶᠡᠭᠡ ᠳᠡᠭᠡᠳᠦ ᠰᠤᠷᠭᠠᠭᠤᠯᠢ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠥᠬᠡᠬᠤᠲᠠ ᠳᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ | ᠪᠠᠶᠢᠭᠤᠯᠬᠤ ᠶᠢ ᠳᠡᠮᠵᠢᠵᠦ᠂ ᠬᠠᠮᠲᠤᠷᠠᠯᠴᠠᠬᠤ ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠣᠯᠭᠤᠵᠤ᠂ ᠲᠥᠯᠥᠪᠦᠷᠢ ᠦᠭᠡᠢ ᠪᠠᠷ ᠰᠣᠳᠤᠯᠤᠨ ᠨᠡᠭᠡᠭᠡᠬᠦ ᠲᠠᠯᠠᠪᠤᠷ ᠭᠠᠵᠠᠷ ᠪᠠ ᠠᠵᠤ | ᠠᠬᠤᠶᠢᠯᠠᠯ ᠤᠨ ᠠᠵᠢᠯᠯᠠᠬᠤ ᠲᠠᠯᠠᠪᠤᠷ ᠬᠠᠩᠭᠠᠨ᠎ᠠ᠃ ᠮᠣᠩᠭᠤᠯ᠂ ᠣᠷᠣᠰ ᠵᠡᠷᠭᠡ ᠤᠯᠤᠰ ᠵᠢᠴᠢ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠮᠡᠷᠭᠡᠵᠢᠯ ᠢ ᠬᠤᠪᠢᠷᠠᠭᠤᠯᠤᠨ ᠤᠯᠠᠷᠢᠭᠤᠯᠬᠤ ᠲᠥᠪ ᠵᠡᠷᠭᠡ ᠶᠢ ᠬᠠᠮᠲᠤᠪᠠᠷ ᠪᠠᠶᠢᠭᠤᠯᠬᠤ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 15. ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠠᠵᠤ ᠠᠬᠤᠶᠢᠯᠠᠯ ᠤᠨ ᠥᠪᠡᠷᠲᠡᠭᠡᠨ ᠵᠠᠰᠠᠬᠤ | ᠣᠷᠣᠨ ᠤ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠰᠢᠨ᠎ᠡ ᠶᠢ ᠡᠭᠦᠳᠬᠦ | ᠲᠥᠪ᠂ ᠪᠡᠶ᠎ᠡ ᠪᠠᠨ ᠳᠠᠭᠠᠭᠠᠭᠰᠠᠨ ᠰᠣᠳᠤᠯᠤᠨ ᠨᠡᠭᠡᠭᠡᠬᠦ ᠪᠠᠶᠢᠭᠤᠯᠤᠮᠵᠢ ᠵᠡᠷᠭᠡ ︽ᠴᠢᠳᠠᠪᠤᠷᠢᠲᠠᠨ ᠤ ᠨᠢᠰᠦᠯᠲᠡ ᠭᠠᠵᠠᠷ︾ ᠪᠠᠶᠢᠭᠤᠯᠬᠤ ᠶᠢ ᠳᠡᠮᠵᠢᠨ᠎ᠡ᠃ | ᠰᠣᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠦᠬᠡᠬᠤᠲᠠ ᠳᠤ ᠠᠪᠴᠢᠷᠠᠵᠤ ᠬᠤᠪᠢᠷᠠᠭᠤᠯᠤᠨ ᠤᠯᠠᠷᠢᠭᠤᠯᠤᠭᠰᠠᠨ ᠣᠨ ᠤ ᠡᠵᠡᠩᠨᠡᠯᠲᠡ ᠶᠢᠨ ᠣᠷᠣᠯᠭ᠎ᠠ ᠨᠢ | 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 50 ︱ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠲᠠᠪᠤ︶ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠪᠦᠷᠢᠳᠬᠡᠬᠦ ᠠᠵᠢᠯ ᠢ ᠴᠢᠩᠭᠠᠳᠬᠠᠨ᠎ᠠ | 16. ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠦᠷᠢᠳᠬᠡᠯ ᠤᠨ ᠨᠥᠬᠦᠴᠡᠯ ᠤᠨ ᠪᠠᠲᠤᠯᠠᠭ᠎ᠠ ᠬᠢᠭᠡᠳ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠰᠣᠳᠤᠯᠤᠨ | ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠲᠤᠭ᠎ᠠ ᠪᠦᠷᠢᠳᠬᠡᠯ᠂ | ᠰᠢᠨᠵᠢᠯᠡᠬᠦ ᠤᠬᠠᠭᠠᠨ ᠮᠡᠷᠭᠡᠵᠢᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ | ᠠᠷᠭ᠎ᠠ ᠪᠠᠷᠢᠯ ᠢ ᠭᠦᠢᠴᠡᠳ ᠠᠰᠢᠭᠯᠠᠨ᠂ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 17. ᠬᠦᠷᠢᠶᠡᠯᠡᠩ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠬᠥᠳᠡᠯᠦᠩᠭᠦᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠦᠷᠢᠶᠡᠯᠡᠩ | ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ ᠪᠡᠶ᠎ᠡ ᠪᠠᠨ ᠳᠠᠭᠠᠭᠠᠭᠰᠠᠨ ᠰᠢᠰᠲ᠋ᠧᠮᠵᠢ ᠶᠢ ᠪᠠᠶᠢᠭᠤᠯᠵᠤ᠂ ᠰᠣᠳᠤᠯᠤᠨ | ᠨᠡᠭᠡᠭᠡᠬᠦ ᠣᠷᠣᠭᠤᠯᠤᠯᠲᠠ᠂ ᠰᠣᠳᠤᠯᠤᠨ ᠨᠡᠭᠡᠭᠡᠬᠦ ᠪᠠᠶᠢᠭᠤᠯᠤᠮᠵᠢ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠦᠲᠦᠮᠵᠢᠲᠡᠶ ᠡᠭᠦᠳᠦᠯᠲᠡ ᠶᠢᠨ | ᠲᠤᠰᠬᠠᠢ ᠠᠰᠢᠭ ᠵᠡᠷᠭᠡ ᠭᠦᠢᠴᠡᠳᠬᠡᠯ ᠲᠤᠭ᠎ᠠ ᠪᠠᠷ ᠭᠤᠣᠯ ᠪᠣᠯᠭᠠᠭᠰᠠᠨ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ | ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ︵ᠬᠤᠶᠠᠷ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠵᠢᠨᠱᠠᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠵᠡᠷᠭᠡ ᠨᠢ ᠪᠣᠳᠠᠲᠠᠢ ᠲᠠᠢ ᠪᠠᠨ ᠤᠶᠠᠯᠳᠤᠭᠤᠯᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ | ᠵᠠᠷᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠥᠬᠦ ᠨᠡᠶᠢᠭᠡᠮ ᠢ ᠬᠥᠲᠥᠯᠥᠨ ᠳᠠᠶᠢᠴᠢᠯᠠᠵᠤ ᠰᠣᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ | ᠨᠡᠮᠡᠭᠳᠡᠭᠦᠯᠦᠨ᠎ᠡ᠃ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠡᠯ᠎ᠡ | ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠦᠨᠡᠨᠬᠦ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ᠃ | ︵ᠭᠤᠷᠪᠠ︶ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ | ᠣᠷᠣᠭᠤᠯᠤᠯᠲᠠ ᠶᠢᠨ ᠬᠠᠲᠠᠭᠤ ᠨᠡᠮᠡᠭᠳᠡᠯ᠂ ᠪᠥᠬᠦ ᠨᠡᠶᠢᠭᠡᠮ ᠦᠨᠰᠣᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠵᠡᠷᠭᠡ ᠶᠢ ᠬᠤᠰᠢᠭᠤ | ᠰᠢᠶᠠᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠴᠢᠬᠤᠯᠠ ᠠᠭᠤᠯᠭ᠎ᠠ ᠳᠤ | ᠣᠷᠣᠭᠤᠯᠵᠤ᠂ ᠣᠨ ᠤ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠡᠯᠡᠬᠦ ᠳᠦᠷᠢᠮ ᠢ ᠪᠠᠶᠢᠭᠤᠯᠤᠨ᠎ᠠ᠃ ᠰᠣᠳᠤᠯᠤᠨ ᠨᠡᠭᠡᠭᠡᠬᠦ ᠣᠷᠣᠭᠤᠯᠤᠯᠲᠠ ᠶᠢ ᠬᠢᠨᠠᠨ | ᠬᠡᠮᠵᠢᠵᠦ᠂ ᠦᠨᠡᠯᠡᠨ ᠵᠢᠱᠢᠭᠰᠡᠨ ᠵᠢᠴᠢ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | |