ᠰᠢᠯᠢ ᠶᠢᠨ ᠴᠡᠴᠡᠷᠯᠢᠭ ᠤᠨ ᠵᠢᠷᠤᠭ ᠰᠢᠭ᠋ ᠭᠤᠶᠣ ᠦᠵᠡᠮᠵᠢ
ᠨᠡᠶᠢᠲᠡᠯᠡᠭᠰᠡᠨ ᠴᠠᠭ᠄
2022/5/6
20220506.jpg
      ᠰᠢᠯᠢ ᠶᠢᠨ ᠴᠡᠴᠡᠷᠯᠢᠭ ᠤᠨ ᠤᠭ ᠭᠠᠵᠠᠷ ᠨᠢ ᠬᠥᠬᠡᠬᠤᠲᠠ ᠶᠢᠨ ᠴᠡᠴᠡᠷᠯᠢᠭ ᠤᠨ ᠬᠤᠶᠠᠳᠤᠭᠠᠷ ᠵᠤᠯᠵᠠᠭ᠎ᠠ ᠮᠣᠳᠣᠨ ᠤ ᠬᠦᠷᠢᠶᠡᠯᠡᠩ ᠪᠠᠶᠢᠵᠤ᠂ 2010 ᠣᠨ ᠤ 8 ᠳ᠋ᠤᠭᠠᠷ ᠰᠠᠷ᠎ᠠ ᠠᠴᠠ ᠡᠬᠢᠯᠡᠨ ᠵᠤᠯᠵᠠᠭ᠎ᠠ ᠮᠣᠳᠣᠨ ᠤ ᠬᠦᠷᠢᠶᠡᠯᠡᠩ ᠤᠨ ᠭᠠᠵᠠᠷ ᠳᠡᠭᠡᠷ᠎ᠡ ᠰᠢᠯᠢ ᠶᠢᠨ ᠴᠡᠴᠡᠷᠯᠢᠭ ᠢ ᠪᠠᠶᠢᠭᠤᠯᠵᠤ᠂ 2012 ᠣᠨ ᠤ 4 ᠳ᠋ᠦ᠋ᠭᠡᠷ ᠰᠠᠷ᠎ᠠ ᠪᠣᠯᠬᠤ ᠳᠤ ᠨᠢᠭᠡᠨᠲᠡ ᠠᠩᠬ᠎ᠠ ᠠᠯᠬᠤᠮ ᠪᠠᠶᠢᠭᠤᠯᠤᠨ ᠳᠠᠭᠤᠰᠬᠠᠵᠤ ᠭᠠᠳᠠᠭᠰᠢ ᠨᠡᠭᠡᠭᠡᠯᠲᠡ ᠬᠢᠪᠡ᠃ ᠴᠡᠴᠡᠷᠯᠢᠭ ᠲᠤ ︽ᠭᠤᠷᠪᠠᠨ ᠤᠯᠠᠷᠢᠯ ᠳᠤ ᠴᠡᠴᠡᠭ ᠲᠠᠢ᠂ ᠳᠥᠷᠪᠡᠨ ᠤᠯᠠᠷᠢᠯ ᠳᠤ ᠦᠵᠡᠮᠵᠢ ᠲᠠᠢ︾᠂ ᠣᠯᠠᠨ ᠵᠢᠯ ᠤᠨ ᠪᠣᠶᠢᠵᠢᠭᠤᠯᠤᠯᠲᠠ ᠪᠠᠷ ᠳᠡᠮᠵᠢᠨ᠂ ᠮᠥᠩᠬᠡ ᠨᠣᠭᠤᠭᠠᠨ ᠮᠣᠳᠣ ᠂ ᠥᠷᠭᠡᠨ ᠨᠠᠪᠴᠢᠲᠤ ᠮᠣᠳᠣ᠂ ᠴᠡᠴᠡᠭ ᠤᠨ ᠪᠣᠳᠠ ᠮᠣᠳᠣ ᠵᠢᠴᠢ ᠭᠠᠵᠠᠷ ᠤᠨ ᠬᠤᠴᠢᠯᠭ᠎ᠠ᠂ ᠵᠦᠯᠭᠡ ᠵᠡᠷᠭᠡ ᠣᠯᠠᠨ ᠲᠠᠰ ᠳᠠᠪᠬᠤᠷᠭ᠎ᠠ ᠶᠢᠨ ᠤᠷᠭᠤᠮᠠᠯ ᠤᠨ ᠲᠥᠷᠥᠯ ᠵᠦᠢᠯ ᠵᠠᠯᠭᠠᠭ᠎ᠠ ᠪᠠᠷ ︽ᠨᠤᠲᠤᠭᠰᠢᠭᠰᠠᠨ︾ ᠪᠠᠶᠢᠨ᠎ᠠ᠃ ᠣᠳᠣ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠨᠡᠶᠢᠲᠡ 80 ᠭᠠᠷᠤᠢ ᠵᠦᠢᠯ ᠤᠨ 30 ᠲᠦᠮᠡᠨ ᠰᠠᠭᠤᠷᠢ ︵ᠪᠣᠳᠠ︶ ︵ᠨᠣᠭᠤᠭᠠᠨ ᠰᠢᠪᠡᠭᠡ ᠪᠠᠭᠲᠠᠬᠤ ᠦᠭᠡᠢ︶ ᠪᠠᠶᠢᠨ᠎ᠠ᠃      ᠶᠠᠭ ᠰᠠᠶᠢᠬᠠᠨ ᠵᠣᠨ ᠤ ᠡᠬᠢᠨ ᠪᠣᠯᠵᠤ᠂ ᠰᠢᠯᠢ ᠶᠢᠨ ᠴᠡᠴᠡᠷᠯᠢᠭ ᠲᠤ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ᠂ ᠵᠢᠭᠠᠷᠲᠤ ᠨᠠᠷᠠᠰᠤ ᠰᠡᠬᠦᠶᠢᠨ ᠰᠦᠨᠳᠡᠷᠯᠡᠵᠦ᠂ ᠵᠣᠬᠢᠶᠠᠮᠠᠯ ᠨᠠᠭᠤᠷ ᠳᠣᠯᠭᠢᠶᠠᠯᠠᠵᠤ᠂ ᠵᠢᠷᠤᠭ ᠰᠢᠭ᠋ ᠭᠤᠶᠣ ᠦᠵᠡᠮᠵᠢ ᠶᠢ ᠪᠦᠷᠢᠯᠳᠦᠭᠦᠯᠵᠡᠢ᠃ ᠰᠤᠷᠪᠤᠯᠵᠢᠯᠠᠭᠴᠢ ᠰᠦᠩ ᠰᠢᠶᠠᠩ ᠬᠤᠸᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ