ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠮᠡᠳᠡᠯᠭᠡ ᠶᠢᠨ ᠰᠢᠯᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/5/7
5.7县委组织部开展集中治理党内政治生活庸俗化交易化问题知识测试.jpg
      ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠶᠢᠨ ᠲᠤᠰᠠᠳᠠ᠂ 5 ᠰᠠᠷ᠎ᠠ ᠶᠢᠨ 5 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠮᠡᠳᠡᠯᠭᠡ ᠶᠢᠨ ᠰᠢᠯᠭᠠᠯᠲᠠ ᠶᠢ ᠥᠷᠨᠢᠭᠦᠯᠪᠡ᠃      ᠲᠣᠰ ᠤᠳᠠᠭᠠᠨ ᠤ ᠰᠢᠯᠭᠠᠯᠲᠠ ᠨᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ︽ᠰᠢᠨ᠎ᠡ ᠪᠠᠶᠢᠳᠠᠯ ᠤᠨ ᠳᠣᠤᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠵᠢᠴᠢ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠵᠡᠷᠭᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠲᠠᠭᠯᠠᠬᠤ ᠰᠡᠳᠦᠪ᠂ ᠲᠠᠩ ᠰᠣᠩᠭᠤᠬᠤ ᠰᠡᠳᠦᠪ᠂ ᠮᠠᠭᠠᠳᠯᠠᠬᠤ ᠰᠡᠳᠦᠪ᠂ ᠲᠥᠬᠦᠮ ᠬᠠᠷᠢᠭᠤᠯᠬᠤ ᠰᠡᠳᠦᠪ ᠵᠡᠷᠭᠡ ᠳᠥᠷᠪᠡᠨ ᠬᠡᠰᠡᠭ ᠢᠶᠠᠷ ᠪᠦᠷᠢᠯᠳᠦᠵᠡᠶ᠃ ᠪᠦᠬᠦ ᠨᠠᠮ ᠤᠨ ᠭᠡᠰᠢᠭᠦᠨ ᠺᠠᠳ᠋ᠷᠴᠤᠳ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠲᠤᠰ ᠪᠡᠶ᠎ᠡ ᠶᠢᠨ ᠲᠤᠰᠬᠠᠢ ᠰᠡᠳᠦᠪᠲᠦ ᠰᠤᠷᠤᠯᠴᠠᠯᠭ᠎ᠠ ᠳᠠᠬᠢ ᠬᠦᠷᠦᠯᠴᠡᠬᠦ ᠦᠭᠡᠢ ᠲᠠᠯ᠎ᠠ ᠪᠠᠨ ᠣᠶᠢᠯᠠᠭᠠᠵᠤ᠂ ︽ᠰᠢᠯᠭᠠᠯᠲᠠ ᠪᠠᠷ ᠰᠤᠷᠤᠯᠴᠠᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠪᠠᠲᠤᠳᠬᠠᠵᠤ᠂ ᠮᠡᠳᠡᠯᠭᠡ ᠪᠠ ᠦᠢᠯᠡ ᠠᠵᠢᠯᠯᠠᠭ᠎ᠠ ᠶᠢ ᠨᠢᠭᠡᠳᠬᠡᠬᠦ︾ ᠵᠣᠷᠢᠯᠭ᠎ᠠ ᠳᠠᠭᠠᠨ ᠬᠦᠷᠴᠡᠢ᠃      ᠰᠢᠯᠭᠠᠯᠲᠠ ᠪᠠᠷ ᠲᠠᠮᠵᠢᠨ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪᠯᠡᠷᠡᠭᠦᠯᠦᠨ ᠵᠠᠰᠠᠬᠤ ᠶᠢ ᠪᠣᠯᠬᠢᠴᠢᠯᠠᠵᠤ ᠠᠷᠠᠯᠵᠢᠶᠠᠯᠠᠬᠤ ᠶᠢ ᠥᠷᠨᠢᠭᠦᠯᠬᠦ ᠠᠰᠠᠭᠤᠳᠠᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠰᠣᠷᠣᠭᠰᠠᠨ ᠢᠶᠠᠨ ᠬᠡᠷᠡᠭᠯᠡᠬᠦ ᠵᠣᠷᠢᠯᠭ᠎ᠠ ᠳᠠᠭᠠᠨ ᠬᠦᠷᠴᠦ᠂ ᠨᠠᠮ ᠤᠨ ᠭᠡᠰᠢᠭᠦᠨ ᠺᠠᠳ᠋ᠷᠴᠤᠳ ᠤᠨ ᠲᠥᠪᠯᠡᠷᠡᠭᠦᠯᠦᠨ ᠵᠠᠰᠠᠬᠤ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠲᠥᠪᠯᠡᠷᠡᠭᠦᠯᠦᠨ ᠵᠠᠰᠠᠬᠤ ᠶᠢ ᠭᠦᠨᠵᠡᠭᠡᠢ ᠥᠷᠨᠢᠭᠦᠯᠬᠦ ᠶᠢ ᠪᠦᠲᠦᠮᠵᠢᠲᠡᠢ ᠠᠬᠢᠭᠤᠯᠪᠠ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠨᠡᠮᠡᠭᠳᠡᠭᠦᠯᠦᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ