ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/7
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ᠂ 4 ᠳ᠋ᠦ᠋ᠭᠡᠷ ᠰᠠᠷ᠎ᠠ ᠶᠢᠨ 29  ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ 5 ᠳ᠋ᠤᠭᠠᠷ ᠰᠠᠷ᠎ᠠ ᠶᠢᠨ 5 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠬᠢᠵᠢᠭ ᠤᠨ ᠪᠠᠶᠢᠳᠠᠯ ᠢ ᠡᠷᠡᠰ ᠴᠢᠩᠭ᠎ᠠ ᠡᠷᠴᠢ ᠬᠦᠴᠦ ᠲᠠᠢ ᠰᠡᠷᠭᠡᠶᠢᠯᠡᠨ ᠡᠵᠡᠮᠳᠡᠵᠦ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠵᠤ ᠠᠬᠤᠢ ᠶᠢ ᠲᠣᠭᠲᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠡᠭᠦᠯ ᠲᠣᠭᠲᠠᠭᠤᠨ  ᠠᠵᠤ ᠠᠬᠤᠢ ᠶᠢᠨ ᠣᠷᠴᠢᠨ ᠨᠥᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠨᠥᠬᠦᠴᠡᠯ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠨᠥᠬᠦᠴᠡᠯ ᠢ ᠬᠦᠴᠦᠯᠡᠨ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠢᠵᠢᠭ ᠤᠨ ᠪᠠᠶᠢᠳᠠᠯ ᠢ ᠵᠠᠪᠠᠯ ᠰᠡᠷᠭᠡᠶᠢᠯᠡᠬᠦ︾ ᠴᠢᠬᠤᠯᠠ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ︾ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠪᠠ ︽  ᠡᠪᠡᠳᠴᠢᠨ ᠤ ᠵᠢᠱᠢᠶ᠎ᠡ ᠶᠢ ᠳᠠᠷᠤᠢ ᠲᠦᠷᠭᠡᠨ ᠦᠭᠡᠢ ᠪᠣᠯᠭᠠᠬᠤ ᠶᠢ ᠪᠠᠷᠢᠮᠲᠠᠯᠠᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ᠂ ᠴᠢᠳᠠᠪᠤᠷᠢ ᠶᠢᠨ ᠰᠡᠷᠭᠡᠶᠢᠯᠡᠯᠲᠡ ᠶᠢᠨ ᠱᠤᠭᠤᠮ ᠪᠠ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠡᠩ ᠤᠨ ᠦᠶ᠎ᠡ ᠪᠠ ᠲᠡᠶᠢᠨ ᠤ ᠦᠶ᠎ᠡ ᠶᠢ ᠬᠠᠷᠢᠯᠴᠠᠨ ᠬᠤᠪᠢᠷᠠᠭᠤᠯᠬᠤ ᠪᠡᠯᠡᠳᠬᠡᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠠᠭ ᠢᠮᠠᠭᠲᠠ ᠬᠢᠴᠢᠶᠡᠮᠵᠢᠲᠡᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠵᠤ ᠠᠬᠤᠢ ᠶᠢ ᠵᠠᠪᠠᠯ ᠲᠣᠭᠲᠠᠭᠤᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢ ᠰᠤᠳᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠠᠵᠤ ᠦᠢᠯᠡᠰ ᠢ ᠲᠠᠰ ᠳᠡᠪᠰᠢᠭᠦᠯᠬᠦ ᠰᠠᠭᠤᠷᠢ ᠪᠡᠯᠡᠳᠬᠡᠮᠵᠢ᠂ ᠬᠤᠲᠠ ᠶᠢᠨ ᠰᠠᠭᠤᠷᠢ ᠪᠡᠯᠡᠳᠬᠡᠮᠵᠢ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠣᠯᠣᠨ ᠤᠯᠤᠰ ᠤᠨ ᠠᠶᠤᠯᠭᠦᠢ ᠶᠢᠨ ᠰᠠᠭᠤᠷᠢ ᠪᠡᠯᠡᠳᠬᠡᠮᠵᠢ ᠶᠢ ᠪᠠᠶᠢᠷᠢᠯᠠᠭᠤᠯᠤᠨ᠂ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠣᠰ ᠨᠢᠭᠡ ᠮᠢᠩᠭᠠᠨ︾ ᠤ ᠬᠠᠷᠠᠯᠲᠠ ᠶᠢᠨ ᠲᠣᠭᠤᠷᠢᠨ ᠳᠤ᠂ ᠬᠤᠶᠠᠳᠤᠭᠠᠷ᠂ ᠭᠤᠷᠪᠠᠳᠤᠭᠠᠷ ᠤᠯᠠᠷᠢᠯ ᠤᠨ ︽ᠪᠠᠷᠢᠯᠭ᠎ᠠ ᠪᠠᠷᠢᠬᠤ ᠰᠢᠵᠢᠷ ᠠᠯᠲᠠᠨ ᠬᠤᠭᠤᠴᠠᠭ᠎ᠠ︾ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ ᠦᠢᠯᠡᠳᠪᠦᠷᠢᠯᠡᠯ ᠢ ᠪᠡᠶᠡᠯᠡᠭᠦᠯᠵᠦ ᠦᠷ᠎ᠡ ᠠᠰᠢᠭ ᠣᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠰᠡᠷᠭᠦᠭᠡᠬᠦ ᠬᠡᠷᠡᠭᠲᠡᠢ᠂ ᠬᠡᠷᠡᠭᠯᠡᠭᠡ ᠶᠢ ᠬᠥᠭᠵᠢᠭᠡᠬᠦ ᠪᠣᠳᠠᠲᠠᠢ ᠠᠷᠭ᠎ᠠ ᠬᠡᠮᠵᠢᠶ᠎ᠡ ᠶᠢ ᠲᠦᠷᠭᠡᠬᠡᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ︽ᠬᠡᠷᠡᠭᠯᠡᠭᠡ ᠶᠢ ᠠᠬᠢᠭᠤᠯᠬᠤ︾ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠳᠤ ᠢᠯᠡᠷᠡᠭᠰᠡᠨ ᠦᠢᠯᠡᠴᠢᠯᠡᠭᠡᠨ ᠤ ᠦᠢᠯᠡᠰ ᠤᠨ ᠳᠤᠲᠠᠭᠳᠠᠯ ᠲᠠᠢ ᠲᠠᠯ᠎ᠠ ᠳᠤ ᠴᠢᠭᠯᠡᠭᠦᠯᠦᠨ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠥᠭᠵᠢᠭᠦᠯᠵᠦ᠂ ᠰᠦᠯᠵᠢᠶᠡᠨ  ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠦᠭᠵᠢᠷᠡᠯ ᠢ ᠨᠠᠪᠲᠠᠷᠡᠭᠦᠯᠵᠦ᠂ ︽ᠴᠡᠭ ᠠᠴᠠ ᠴᠡᠭ ᠲᠤ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠭᠵᠢᠯᠲᠡ ᠳᠤ ᠠᠮᠤᠷ ᠲᠦᠪᠰᠢᠨ ᠢ ᠵᠠᠪᠠᠯ ᠪᠠᠲᠤᠯᠠᠬᠤ︾ ᠴᠢᠬᠤᠯᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ︽ᠬᠡᠵᠢᠶ᠎ᠡ ᠴᠦ ᠰᠠᠨᠠᠭ᠎ᠠ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠲᠠᠯ᠎ᠠ ᠪᠠᠷ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ︽ᠬᠠᠷ᠎ᠠ ᠬᠤᠨ︾ ︽ᠪᠣᠷᠣ ᠬᠡᠷᠢᠰ︾ ᠤᠨ ᠬᠡᠷᠡᠭ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ