ᠬᠤᠲᠠ ᠶᠢᠨ ᠳᠥᠷᠪᠡᠨ ᠲᠣᠭᠤᠷᠢᠭ ᠤᠨ 2022 ᠣᠨ ᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠴᠤᠭᠯᠠᠭᠤᠯᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2022/5/7
      ᠰᠤᠷᠪᠤᠯᠵᠢᠯᠠᠭᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠤᠲᠠ ᠶᠢᠨ ᠳᠥᠷᠪᠡᠨ ᠲᠣᠭᠤᠷᠢᠭ ᠤᠨ 2022 ᠣᠨ ᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠴᠤᠭᠯᠠᠭᠤᠯᠬᠤ ᠠᠵᠢᠯ ᠡᠬᠢᠯᠡᠪᠡ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠ ᠮᠡᠳᠡᠭᠡ ᠵᠠᠩᠭᠢ ᠶᠢ ᠴᠤᠭᠯᠠᠭᠤᠯᠬᠤ ᠴᠠᠭ ᠨᠢ 5  ᠳ᠋ᠤᠭᠠᠷ ᠰᠠᠷ᠎ᠠ ᠶᠢᠨ 1 ᠤ ᠡᠳᠦᠷ ᠠᠴᠠ 31 ᠤ ᠡᠳᠦᠷ ᠪᠣᠯᠲᠠᠯ᠎ᠠ᠃      ᠮᠡᠳᠡᠭᠡ ᠵᠠᠩᠭᠢ ᠴᠤᠭᠯᠠᠭᠤᠯᠬᠤ ᠡᠲᠡᠭᠡᠳ ᠨᠢ ᠪᠦᠬᠦᠯᠢ 6 ᠨᠠᠰᠤ ᠬᠦᠷᠦᠭᠰᠡᠨ ︵2016 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠲᠥᠷᠥᠭᠰᠡᠨ︶ ᠰᠤᠷᠤᠯᠴᠠᠬᠤ ᠴᠢᠳᠠᠪᠤᠷᠢ ᠲᠠᠢ ᠬᠡᠦᠬᠡᠳ ᠮᠥᠷᠲᠡᠭᠡᠨ ᠳᠣᠣᠷᠠᠬᠢ ᠨᠥᠬᠦᠴᠡᠯ ᠤᠨ ᠨᠢᠭᠡ ᠳᠤᠨᠢ ᠨᠡᠶᠢᠴᠡᠭᠰᠡᠨ ᠪᠠᠶᠢᠬᠤ᠄      ᠨᠢᠭᠡ ᠳᠤ ᠬᠤᠲᠠ ᠶᠢᠨ ᠳᠥᠷᠪᠡᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ᠃ ᠬᠤᠶᠠᠷ ᠲᠤ᠂ ᠬᠤᠲᠠ ᠶᠢᠨ ᠳᠥᠷᠪᠡᠨ ᠲᠣᠭᠤᠷᠢᠭ ᠲᠤ ᠬᠠᠤᠯᠢ ᠶᠣᠰᠣᠭᠠᠷ ᠲᠣᠭᠲᠠᠪᠤᠷᠢᠲᠠᠢ ᠣᠷᠣᠰᠢᠨ ᠰᠠᠭᠤᠵᠤ ᠠᠵᠢᠯ ᠣᠯᠵᠤ᠂ ᠦᠨᠡᠨ ᠪᠣᠳᠠᠲᠠᠢ᠂ ᠣᠨᠣᠪᠴᠢᠲᠠᠶ  ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠤ ᠳᠡᠶᠢᠯᠬᠦ ᠮᠥᠷᠲᠡᠭᠡᠨ ᠲᠣᠭᠲᠠᠭᠠᠯ ᠳᠤ ᠨᠡᠶᠢᠴᠡᠬᠦ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠳᠠᠭᠠᠵᠤ ᠨᠡᠭᠦᠭᠰᠡᠨ ᠦᠷ᠎ᠡ ᠬᠡᠦᠬᠡᠳ᠃      ᠮᠡᠳᠡᠭᠡ ᠵᠠᠩᠭᠢ ᠴᠤᠭᠯᠠᠭᠤᠯᠬᠤ ᠠᠷᠭ᠎ᠠ ᠬᠡᠯᠪᠡᠷᠢ ᠨᠢ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.hhkszx.cn︶ ᠳᠤ ᠭᠠᠷᠴᠤ᠂ ︽ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ︾ ᠳᠤ ᠣᠷᠣᠵᠤ᠂ ᠬᠠᠮᠢᠶ᠎ᠠ ᠪᠦᠬᠦᠢ ᠲᠣᠳᠣᠷᠬᠠᠶᠢᠯᠠᠯᠲᠠ ᠪᠠ ᠰᠠᠨᠠᠭᠤᠯᠤᠮᠵᠢ ᠶᠢ ᠦᠨᠳᠦᠰᠦᠯᠡᠨ ᠲᠠᠭᠯᠠᠨ ᠮᠡᠳᠡᠭᠦᠯᠦᠨ᠎ᠡ᠃      ᠳᠡᠭᠡᠷ᠎ᠡ ᠳᠤᠷᠠᠳᠤᠭᠰᠠᠨ ᠲᠣᠭᠲᠠᠭᠰᠠᠨ ᠴᠠᠭ ᠤᠨ ᠳᠣᠲᠣᠷ᠎ᠠ ︽ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠦᠢᠯᠡᠴᠢᠯᠡᠭᠡᠨ ᠤ ᠲᠠᠪᠴᠠᠩ︾ ᠳᠤ ᠣᠷᠣᠵᠤ ᠳᠠᠩᠰᠠᠯᠠᠭᠤᠯᠤᠭᠰᠠᠨ ᠦᠭᠡᠢ᠂ ᠮᠡᠳᠡᠭᠡ ᠵᠠᠩᠭᠢ  ᠪᠠᠨ ᠲᠠᠭᠯᠠᠭᠰᠠᠨ ᠦᠭᠡᠢ ᠰᠣᠷᠣᠭᠴᠢ ᠶᠢ ᠲᠣᠰ ᠭᠠᠵᠠᠷ ᠣᠷᠣᠨ ᠳᠤ ᠪᠠᠭ᠎ᠠ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠦᠭᠡᠢ ᠪᠠᠷ ᠦᠵᠡᠨ᠎ᠡ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ