5 ᠳ᠋ᠤᠭᠠᠷ ᠰᠠᠷ᠎ᠠ ᠶᠢᠨ 6 ᠤ ᠡᠳᠦᠷ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠮᠡᠳᠡᠭᠡ ᠨᠡᠶᠢᠲᠡᠯᠡᠵᠦ᠂ 7 ᠤ ᠡᠳᠦᠷ ᠠᠴᠠ 8 ᠤ ᠡᠳᠦᠷ ᠤᠨ | ᠥᠷᠯᠥᠭᠡ ᠪᠣᠯᠲᠠᠯ᠎ᠠ ᠪᠥᠬᠦ ᠬᠤᠲᠠ ᠶᠢᠨ ᠶᠡᠬᠡᠩᠬᠢ ᠭᠠᠵᠠᠷ ᠲᠤ ᠪᠣᠷᠣᠭᠠᠨ ᠣᠷᠣᠨ᠎ᠠ ᠭᠡᠵᠡᠢ᠃ | ᠴᠢᠩ ᠱᠦᠢ ᠾᠧ ᠰᠢᠶᠠᠨ ᠳᠤ ᠶᠡᠭᠡ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ 20 ~ 35mm ᠬᠦᠷᠦᠨ᠎ᠡ᠃ ᠬᠤᠲᠠ ᠶᠢᠨ ᠲᠣᠭᠤᠷᠢᠭ᠂ | ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ᠂ ᠲᠣᠭᠲᠠᠬᠤ ᠰᠢᠶᠠᠨ ᠳᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ10~25mm | ᠬᠦᠷᠦᠨ᠎ᠡ᠃ ᠦᠴᠦᠸᠠᠨ ᠰᠢᠶᠠᠨ ᠳᠤ ᠪᠠᠭ᠎ᠠ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ 2~10mm ᠬᠦᠷᠦᠨ᠎ᠡ᠃ ᠪᠣᠷᠣᠭᠠᠨ ᠤ ᠨᠥᠯᠥᠭᠡ ᠪᠠᠷ᠂ 7 ᠤ | ᠡᠳᠦᠷ ᠤᠨ ᠡᠳᠦᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ 6℃ ᠣᠷᠴᠢᠮ ᠪᠠᠭᠤᠷᠠᠵᠤ᠂ 8 ᠤ ᠡᠳᠦᠷ ᠡᠳᠦᠷ ᠤᠨ ᠠᠭᠠᠷ ᠤᠨ ᠳᠤᠯᠠᠭᠠᠨ ᠡᠬᠢᠯᠡᠨ | ᠳᠡᠭᠡᠭᠰᠢᠯᠡᠨ᠎ᠡ᠃ 7 ᠤ ᠡᠳᠦᠷ ᠤᠨ ᠥᠷᠯᠥᠭᠡ ᠠᠴᠠ ᠰᠥᠨᠢ ᠪᠣᠯᠲᠠᠯ᠎ᠠ᠂ ᠴᠢᠩ ᠱᠦᠢ ᠾᠧ ᠣᠷᠣᠨ ᠳᠤ ᠵᠡᠭᠦᠨ ᠡᠮᠦᠨ᠎ᠡ ᠠᠴᠠ 4᠂ 5 ᠲᠠᠰ ᠤᠨ ᠰᠠᠯᠬᠢ | ᠰᠠᠯᠬᠢᠯᠠᠵᠤ᠂ ᠣᠬᠤᠷ ᠬᠤᠭᠤᠴᠠᠭᠠᠨ ᠳᠤ 6 ᠲᠠᠰ ᠪᠤᠶᠤ 6 ᠲᠠᠰ ᠢ ᠳᠠᠪᠠᠵᠤ᠂ ᠪᠤᠰᠤᠳ ᠭᠠᠵᠠᠷ ᠣᠷᠣᠨ ᠳᠤ ᠵᠡᠭᠦᠨ ᠠᠴᠠ 3᠂ 4 ᠲᠠᠰ ᠤᠨ ᠰᠠᠯᠬᠢ | ᠰᠠᠯᠬᠢᠯᠠᠨ᠎ᠠ᠃ | 3 ᠳ᠋ᠤᠭᠠᠷ ᠰᠠᠷ᠎ᠠ ᠠᠴᠠ ᠨᠠᠰᠢ᠂ ᠮᠠᠨ ᠤ ᠬᠤᠲᠠ ᠶᠢᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠥᠨᠳᠥᠷ᠂ ᠬᠤᠷ᠎ᠠ ᠲᠤᠨᠤᠳᠠᠰᠤ ᠪᠠᠭ᠎ᠠ᠂ | ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠠᠨᠠᠢ ᠪᠠᠶᠢᠪᠠ᠂ ᠡᠨᠡ ᠤᠳᠠᠭᠠᠨ ᠤ ᠪᠣᠷᠣᠭᠠᠨ ᠢᠶᠠᠷ᠂ ᠪᠥᠬᠦ ᠬᠤᠲᠠ ᠶᠢᠨ ᠶᠡᠬᠡᠩᠬᠢ ᠭᠠᠵᠠᠷ ᠣᠷᠣᠨ ᠤ | ᠪᠣᠷᠣᠭᠠᠨ ᠤ ᠬᠡᠮᠵᠢᠶ᠎ᠡ 10~30mm ᠬᠦᠷᠴᠦ᠂ ᠬᠥᠷᠥᠰᠥᠨ ᠤ ᠴᠢᠭᠢᠭ ᠢ ᠨᠡᠮᠡᠭᠳᠡᠭᠦᠯᠵᠦ᠂ ᠣᠶᠢᠷ᠎ᠠ ᠶᠢᠨ ᠬᠤᠭᠤᠴᠠᠭᠠᠨ ᠤ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠳᠤ ᠠᠰᠢᠭᠲᠠᠢ︔ ᠡᠭᠦᠨ ᠤ ᠬᠠᠮᠲᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ | ᠴᠢᠳᠠᠨ᠎ᠠ︔ ᠪᠣᠷᠣᠭᠠᠨ ᠤ ᠬᠤᠭᠤᠴᠠᠭᠠᠨ ᠳᠤ ᠦᠵᠡᠭᠳᠡᠴᠡ ᠨᠡᠯᠢᠶᠡᠳ ᠳᠣᠣᠷ᠎ᠠ᠂ ᠵᠠᠮ ᠬᠠᠯᠲᠤᠷᠢᠭ᠎ᠠ ᠲᠠᠢ ᠣᠴᠢᠷ ᠠᠴᠠ ᠤᠯᠠᠨ ᠢᠶᠠᠷ ᠢᠶᠠᠨ ᠵᠠᠮ | ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠭᠠᠷᠠᠢ᠃ | |