ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶ᠎ᠠ 5 ᠰᠠᠷ᠎ᠠ ᠶᠢᠨ 5 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ | ᠲᠤᠯᠭᠠᠮ ᠪᠣᠳᠠᠲᠠᠢ ᠠᠳᠬᠤᠬᠤ ᠲᠤᠬᠠᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ | ᠪᠥᠭᠡᠳ ᠴᠢᠬᠤᠯᠠ ᠶᠠᠷᠢᠶ᠎ᠠ ᠲᠠᠯᠪᠢᠵᠠᠢ᠃ | ᠬᠤᠷᠠᠯ ᠠᠴᠠ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ ᠪᠢᠳᠡ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ | ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠶᠢ ᠪᠠᠷᠢᠮᠲᠠᠯᠠᠵᠤ᠂ ᠴᠠᠭ ᠪᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠦᠷ᠎ᠡ ᠪᠦᠲᠦᠭᠡᠯ ᠤᠯᠪᠠ᠃ ᠡᠨᠡ ᠵᠢᠯ ᠤᠨ 3 ᠰᠠᠷ᠎ᠠ ᠠᠴᠠ ᠨᠠᠭᠠᠰᠢ ᠤᠯᠤᠰ ᠳᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠮᠥᠷᠥ ᠵᠡᠷᠭᠡᠴᠡᠨ | ᠲᠠᠶᠢᠯᠳᠤᠬᠤ ᠪᠠᠷ ᠳᠠᠮᠵᠢᠨ᠂ ᠪᠢᠳᠡ ᠦᠬᠠᠨ ᠢ ᠬᠠᠮᠠᠭᠠᠯᠠᠬᠤ ᠳᠠᠶᠢᠯᠠᠯᠳᠤᠭᠠᠨ ᠠᠴᠠ ᠨᠠᠭᠠᠰᠢᠬᠢ ᠬᠠᠮᠤᠭ ᠤᠨ ᠬᠦᠨᠳᠦ ᠬᠡᠴᠡᠭᠦᠦ ᠰᠡᠷᠭᠡᠶᠢᠯᠡᠨ ᠡᠵᠡᠮᠳᠡᠬᠦ | ᠰᠢᠯᠭᠠᠯᠲᠠ ᠶᠢ ᠳᠠᠭᠠᠭᠠᠵᠤ᠂ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠮᠠᠨ ᠤ ᠰᠡᠷᠭᠡᠶᠢᠯᠡᠨ ᠡᠵᠡᠮᠳᠡᠬᠦ ᠴᠢᠭᠯᠡᠯᠲᠡ ᠪᠣᠯ ᠨᠠᠮ ᠤᠨ ᠰᠢᠨᠵᠢ ᠴᠢᠨᠠᠷ ᠪᠣᠯᠤᠨ | ᠵᠣᠷᠢᠯᠲᠠ ᠠᠴᠠ ᠲᠤᠭᠳᠠᠭᠠᠭᠳᠠᠭᠰᠠᠨ ᠶᠤᠮ᠂ ᠮᠠᠨ ᠤ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠪᠣᠯ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠤᠮ᠂ | ᠮᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ᠃ ᠪᠢᠳᠡ | ᠦᠬᠠᠨ ᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠪᠥᠭᠡᠳ ᠱᠠᠩᠬᠠᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠯᠠᠪᠲᠠᠢ ᠣᠯᠵᠤ ᠴᠢᠳᠠᠨ᠎ᠠ | ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠣᠳᠣᠬᠠᠨ ᠳᠤ ᠪᠥᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠥᠨ ᠬᠦ ᠥᠨᠳᠥᠷ ᠪᠠᠶᠢᠷᠢᠨ ᠳᠤ ᠣᠷᠣᠰᠢᠵᠤ᠂ ᠸᠢᠷᠦ᠋ᠰ ᠮᠥᠨ ᠬᠦ | ᠲᠠᠰᠤᠷᠠᠯᠲᠠ ᠥᠬᠡᠶ ᠤᠨᠳᠤᠤᠰᠢᠵᠥ᠂ ᠬᠢᠵᠢᠭ ᠤᠨ ᠪᠠᠶᠢᠳᠠᠯ ᠤᠨ ᠡᠴᠦᠰ ᠤᠨ ᠬᠠᠨᠳᠤᠰᠢ ᠳᠤ ᠪᠠᠰᠠ ᠮᠠᠰᠢ ᠶᠡᠭᠡ ᠲᠣᠭᠲᠠᠪᠤᠷᠢ ᠥᠬᠡᠶ ᠴᠢᠨᠠᠷ ᠣᠷᠣᠰᠢᠵᠤ᠂ | ᠠᠮᠢᠰᠬᠤᠭ᠎ᠠ ᠠᠪᠬᠤ᠂ ᠠᠮᠠᠷᠠᠵᠥ ᠰᠠᠭᠤᠬᠤ ᠴᠠᠭ ᠪᠣᠯᠲᠠᠯ᠎ᠠ ᠪᠠᠰᠠ ᠵᠠᠮ ᠬᠤᠯᠠ ᠪᠠᠶᠢᠭᠰᠠᠭᠠᠷ ᠶᠤᠮ᠃ ᠮᠠᠨ ᠤ ᠤᠯᠤᠰ ᠪᠣᠯ ᠬᠥᠮᠦᠨ ᠠᠮᠠ ᠣᠯᠠᠨᠲᠠᠢ ᠲᠤᠮᠤ ᠤᠯᠤᠰ | ᠮᠥᠨ᠂ ᠨᠠᠰᠤᠵᠢᠬᠰᠡᠨ ᠬᠥᠮᠦᠨ ᠠᠮᠠ ᠤᠯᠠᠨ᠂ ᠭᠠᠵᠠᠷ ᠣᠷᠣᠨ ᠤ ᠬᠥᠭᠵᠢᠯᠲᠡ ᠲᠡᠩᠴᠡᠭᠦᠷᠢ ᠦᠭᠡᠢ᠂ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ | ᠬᠦᠷᠦᠯᠴᠡᠬᠦ ᠦᠭᠡᠢ ᠪᠠᠶᠢᠵᠤ᠂ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠪᠠᠯ ᠯᠠᠪᠲᠠᠢ ᠶᠡᠭᠡ ᠬᠡᠪᠴᠢᠶᠡᠨ ᠤ ᠬᠥᠮᠦᠰ ᠲᠤ ᠬᠠᠯᠳᠠᠪᠤᠷᠢᠯᠠᠵᠤ᠂ ᠶᠡᠭᠡ ᠬᠡᠮᠵᠢᠶᠡᠨ ᠤ | ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠪᠠᠶᠢᠳᠠᠯ ᠭᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠬᠦᠨᠳᠦ ᠨᠣᠴᠢᠲᠠᠢ ᠨᠥᠯᠥᠭᠡᠯᠡᠭᠳᠡᠬᠦ ᠪᠣᠯᠤᠨ᠎ᠠ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ ᠲᠠᠨᠢᠯᠲᠠ ᠬᠦᠷᠦᠯᠴᠡᠬᠦ | ᠦᠭᠡᠢ᠂ ᠪᠡᠯᠡᠳᠭᠡᠯ ᠬᠦᠷᠦᠯᠴᠡᠬᠦ ᠦᠭᠡᠢ᠂ ᠠᠵᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠲᠡᠪᠴᠢᠵᠦ᠂ ᠬᠥᠩᠭᠡᠪᠴᠢᠯᠡᠬᠦ᠂ ᠰᠠᠨᠠᠭᠠᠨ ᠳᠠᠭᠠᠨ ᠠᠪᠬᠤ ᠦᠭᠡᠢ | ᠂ ᠥᠪᠡᠷ ᠢ ᠪᠠᠨ ᠵᠦᠪᠳᠤᠭᠡᠬᠦ ᠵᠡᠷᠭᠡ ᠦᠵᠡᠯ ᠰᠠᠨᠠᠭ᠎ᠠ ᠶᠢ ᠡᠷᠡᠰ ᠲᠡᠪᠴᠢᠵᠦ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ︽ᠡᠪᠡᠳᠴᠢᠨ ᠤ ᠵᠢᠱᠢᠶ᠎ᠠ | ᠶᠢ ᠦᠭᠡᠢ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠮᠠᠨ ᠤ ᠤᠯᠤᠰ ᠤᠨ ᠬᠢᠵᠢᠭ ᠢ ᠰᠡᠷᠭᠡᠶᠢᠯᠡᠬᠦ ᠴᠢᠭᠯᠡᠯᠲᠡ ᠲᠦᠷᠦ ᠶᠢᠨ | ᠪᠤᠳᠤᠯᠭ᠎ᠠ ᠶᠢ ᠭᠠᠵᠢᠭᠤᠳᠠᠭᠤᠯᠤᠭᠰᠠᠨ᠂ ᠰᠡᠵᠢᠭᠯᠡᠭᠰᠡᠨ᠂ ᠦᠭᠡᠶᠢᠰᠭᠡᠭᠰᠡᠨ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠲᠠᠢ ᠡᠷᠡᠰ ᠲᠡᠮᠡᠴᠡᠯ ᠬᠢᠬᠦ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠪᠠᠷᠢᠮᠲᠠᠯᠠᠯ ᠪᠣᠯ ᠢᠯᠠᠯᠲᠠ ᠮᠥᠨ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ︽ᠤᠷᠤᠰᠬᠠᠯ ᠰᠦᠷᠦᠨ | ᠣᠩᠭᠤᠴᠠ ᠰᠡᠯᠢᠬᠦ ᠳᠤ ᠤᠷᠤᠭᠰᠢᠯᠠᠬᠤ ᠦᠭᠡᠢ ᠪᠣᠯ ᠲᠦᠯᠬᠢᠭᠳᠡᠨ ᠤᠬᠤᠷᠢᠬᠤ︾ ᠵᠠᠩᠭᠢᠯᠠᠭ᠎ᠠ ᠶᠢᠨ ᠬᠤᠭᠤᠴᠠᠭ᠎ᠠ ᠪᠣᠯᠤᠨ ᠢᠳᠡ ᠠᠪᠬᠤ ᠱᠠᠲᠤᠨ ᠳᠤ ᠣᠷᠣᠰᠢᠵᠤ | ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢᠲᠡᠭᠡᠯ ᠵᠣᠷᠢᠭ ᠢᠶᠠᠨ ᠪᠠᠲᠤᠳᠬᠠᠵᠤ᠂ ᠬᠢᠵᠢᠭ ᠲᠠᠢ ᠲᠡᠮᠡᠴᠡᠬᠦ ᠲᠡᠮᠡᠴᠡᠯ ᠤᠨ | ᠪᠤᠳᠤᠯᠢᠶᠠᠨᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠯᠬᠠᠪᠴᠢ ᠶᠢ ᠡᠷᠡᠰ ᠪᠠᠬᠢᠵᠢᠭᠦᠯᠵᠦ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ | ᠪᠠᠬᠢᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠬᠡᠰᠡᠭ ᠲᠠᠯ᠎ᠠ ᠶᠢᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠢ ᠲᠦᠷᠭᠡᠳᠭᠡᠵᠤ᠂ ᠪᠠᠶᠢᠴᠠᠭᠠᠪᠡᠯ ᠵᠤᠬᠢᠬᠤ ᠶᠢ ᠨᠢ | ᠪᠦᠬᠦᠨ ᠢ ᠪᠠᠶᠢᠴᠠᠭᠠᠬᠤ᠂ ᠲᠤᠰᠠᠭᠠᠷᠯᠠᠪᠡᠯ ᠵᠤᠬᠢᠬᠤ ᠶᠢ ᠨᠢ ᠪᠦᠬᠦᠨ ᠢ ᠲᠤᠰᠠᠭᠠᠷᠯᠠᠬᠤ᠂ ᠡᠵᠡᠮᠳᠡᠪᠡᠯ ᠵᠤᠬᠢᠬᠤ ᠶᠢ ᠨᠢ ᠪᠦᠬᠦᠨ ᠢ ᠡᠵᠡᠮᠳᠡᠬᠦ᠂ ᠵᠠᠰᠠᠪᠡᠯ ᠵᠤᠬᠢᠬᠤ ᠶᠢ | ᠨᠢ ᠪᠦᠬᠦᠨ ᠢ ᠵᠠᠰᠠᠬᠤ ᠶᠢ ᠲᠦᠷᠭᠡᠳᠭᠡᠵᠦ᠂ ᠬᠤᠯᠪᠤᠭᠠᠯᠠᠨ ᠬᠦᠳᠡᠯᠤᠯᠴᠡᠭᠰᠡᠨ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ᠂ | ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ ᠪᠠ ᠨᠡᠶᠢᠭᠡᠮ ᠲᠣᠭᠤᠷᠢᠭ ᠤᠨ ᠬᠠᠮᠢᠶᠠᠷᠤᠯᠳᠠ ᠡᠵᠡᠮᠳᠡᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠵᠣᠬᠢᠴᠠᠭᠤᠯᠵᠤ᠂ | ᠬᠠᠯᠳᠠᠪᠤᠷᠢᠯᠠᠭᠰᠠᠳ ᠪᠠ ᠠᠶᠤᠯ ᠲᠦᠭᠰᠢᠭᠦᠷᠢ ᠲᠠᠢ ᠬᠥᠮᠦᠰ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠭᠠᠷᠭᠠᠬᠤ᠂ ᠬᠠᠮᠢᠶᠠᠷᠤᠨ ᠡᠵᠡᠮᠳᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠬᠠᠮᠵᠢᠯᠴᠠᠨ ᠰᠡᠷᠭᠡᠶᠢᠯᠡᠬᠦ᠂ ᠮᠤᠵᠢ ᠶᠢᠨ | ᠳᠣᠲᠣᠷ᠎ᠠ ᠪᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠥᠮᠦᠨ ᠤ ᠬᠦᠴᠦᠨ ᠡᠳ᠋ ᠪᠣᠳᠠᠰ ᠢ ᠪᠦᠷᠢᠨ ᠭᠦᠢᠴᠡᠳ ᠪᠡᠯᠡᠳᠭᠡᠵᠦ᠂ | ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ | ᠲᠡᠭᠦᠯᠳᠡᠷᠵᠢᠭᠦᠯᠵᠦ᠂ ᠸᠢᠷᠦ᠋ᠰ ᠤᠨ ᠤᠨᠳᠤᠤᠰᠢᠬᠤ ᠶᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠳᠥᠭᠦᠮᠴᠢᠯᠡᠬᠦ ᠥᠬᠡᠶ᠂ ᠡᠭᠡᠭᠡ ᠠᠳᠠᠯᠢ | ᠪᠠᠶᠢᠯᠭᠠᠬᠤ ᠥᠬᠡᠶ ᠪᠠᠶᠢᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠵᠡᠷᠭᠡ ᠪᠠᠷ | ᠰᠠᠶᠢᠲᠤᠷ ᠬᠢᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠳᠤ | ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ | ᠬᠠᠷᠢᠭᠤᠴᠠᠯᠭ᠎ᠠ ᠪᠣᠯᠤᠨ ᠨᠢᠭᠡᠴᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠣᠯᠠᠨ ᠳᠤ ᠨᠢᠭᠲᠠ ᠲᠦᠰᠢᠭᠯᠡᠨ | ᠠᠷᠠᠳ ᠲᠦᠮᠡᠨ ᠤ ᠳᠠᠶᠢᠨ ᠢ ᠰᠠᠶᠢᠲᠤᠷ ᠬᠢᠵᠦ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠢᠭᠤᠴᠠᠯᠭᠠᠲᠤ ᠤᠬᠠᠮᠰᠠᠷ᠂ | ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ᠂ ᠬᠤᠪᠢ | ᠬᠥᠮᠦᠨ᠂ ᠭᠡᠷ ᠪᠦᠯᠢ ᠵᠡᠷᠭᠡ ᠶᠢᠨ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠭᠡᠯᠢᠯᠡᠭᠡ ᠶᠢᠨ ᠲᠠᠷᠢᠯᠭ᠎ᠠ ᠶᠢᠨ | ᠠᠵᠢᠯ ᠢ ᠴᠢᠩᠭᠠᠳᠬᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠢᠨ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠳᠡᠭᠡᠷ᠎ᠡ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠲᠠᠶᠢᠪᠤᠰᠢᠷᠠᠬᠤ ᠪᠤᠳᠤᠯ᠂ | ᠬᠠᠯᠠᠰᠢᠷᠠᠬᠤ ᠰᠡᠳᠭᠢᠯᠭᠡ᠂ ᠠᠵᠠ ᠬᠠᠷᠠᠬᠤ ᠪᠤᠳᠤᠯ᠂ ᠰᠤᠯᠠᠷᠠᠬᠤ ᠰᠡᠳᠭᠢᠯᠭᠡ ᠶᠢ ᠲᠡᠪᠴᠢᠵᠦ᠂ ᠪᠦᠬᠦ ᠲᠠᠯ᠎ᠠ ᠪᠠᠷ ᠲᠠᠶᠢᠴᠢᠯᠠᠨ ᠪᠦᠬᠦ ᠲᠠᠯ᠎ᠠ ᠪᠠᠷ ᠪᠠᠶᠢᠷᠢᠯᠠᠭᠤᠯᠵᠤ᠂ | ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠦᠢᠯᠡ ᠠᠵᠢᠯᠯᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ | ᠤᠯᠠᠨ ᠨᠠᠮ ᠤᠨ ᠭᠡᠰᠢᠭᠦᠨ᠂ ᠺᠠᠳ᠋ᠷᠴᠤᠳ ᠦᠷᠭᠦᠯᠵᠢᠯᠡᠨ ᠡᠮᠦᠨ᠎ᠡ ᠨᠢ ᠭᠠᠪᠰᠢᠭᠠᠶᠢᠯᠠᠨ ᠡᠷᠡᠮᠡᠬᠡᠶᠢᠯᠡᠨ ᠲᠡᠮᠡᠴᠡᠵᠦ᠂ ᠲᠠᠶᠢᠴᠢᠨ ᠪᠠᠬᠢᠯᠡᠯᠲᠡ ᠪᠠ ᠬᠤᠰᠢᠭᠤᠴᠢ | ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠬᠢᠵᠢᠭ ᠲᠠᠢ ᠲᠡᠮᠡᠴᠡᠬᠦ ᠲᠡᠮᠡᠴᠡᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ | ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠢᠶᠠᠨ ᠪᠠᠲᠤᠳᠬᠠᠨ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠦ᠂ ᠪᠦᠯᠬᠦᠮᠳᠡᠨ ᠨᠢᠭᠡᠳᠴᠦ ᠪᠠᠶᠢᠭᠠᠳ ᠬᠢᠵᠢᠭ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠶᠢ ᠵᠣᠷᠢᠭᠵᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |