ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠰᠠᠭᠠᠯᠢ ᠶᠢᠨ ᠬᠤᠨᠢᠨ ᠤ ᠬᠦᠪᠦᠷᠡᠯ ᠰᠢᠯᠵᠢᠭᠦᠯᠦᠨ ᠰᠠᠭᠤᠯᠭᠠᠬᠤ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/9
5.9和林格尔县人民政府与内蒙古赛诺种羊科技有限公司举行奶羊胚胎移植项目签约仪式.jpg
      ᠮᠠᠨ ᠤ ᠰᠢᠶᠠᠨ ᠤ ᠰᠠᠭᠠᠯᠢ ᠶᠢᠨ ᠬᠤᠨᠢᠨ ᠤ ᠠᠵᠤ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠰᠠᠭᠠᠯᠢ ᠶᠢᠨ ᠬᠤᠨᠢᠨ ᠤ ᠬᠦᠪᠦᠷᠡᠯ ᠰᠢᠯᠵᠢᠭᠦᠯᠦᠨ ᠰᠠᠭᠤᠯᠭᠠᠬᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ᠂ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠱᠠᠪᠠᠭ᠋ᠠᠢ ᠰᠢᠶᠠᠩ ᠤᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠤᠨ ᠭᠡᠷᠡᠴᠢᠯᠡᠭᠡ ᠪᠠᠷ᠂ ᠳ᠋ᠦ᠋ ᠰᠢᠶᠤᠤ ᠭᠤᠸᠠᠩ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃      ᠡᠨᠡ ᠤᠳᠠᠭ᠎ᠠ ᠶᠢᠨ ᠭᠡᠷ᠎ᠡ ᠲᠣᠭᠲᠠᠭᠰᠠᠨ ᠨᠢ ᠰᠢᠶᠠᠨ ᠤ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠬᠤ ᠪᠥᠭᠡᠳ ᠬᠤᠶᠠᠷ  ᠲᠠᠯ᠎ᠠ ᠪᠠᠷ ᠢᠶᠠᠨ ᠰᠠᠭᠠᠯᠢ ᠶᠢᠨ ᠬᠤᠨᠢᠨ ᠤ ᠠᠵᠤ ᠦᠢᠯᠡᠰ ᠤᠨ ᠬᠦᠷᠢᠶᠡᠨ ᠳᠤ ᠪᠦᠬᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠠᠶᠠᠨ ᠢᠶᠠᠨ ᠡᠬᠢᠯᠡᠭᠦᠯᠦᠭᠰᠡᠨ ᠤ ᠴᠢᠬᠤᠯᠠ ᠪᠡᠯᠭᠡ ᠲᠡᠮᠳᠡᠭ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠢᠨ ᠲᠤᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢᠶᠠᠷ ᠰᠢᠨ᠎ᠡ ᠡᠬᠢᠯᠡᠯᠲᠡ ᠪᠣᠯᠭᠠᠵᠤ᠂ ︽ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠮᠥᠨ︾ ᠭᠡᠬᠦ ᠡᠷᠡᠯᠬᠡᠭᠯᠡᠨ ᠤᠷᠤᠭᠰᠢᠯᠠᠬᠤ ᠣᠪᠣᠷ ᠢᠶᠠᠷ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠢᠳᠡᠪᠬᠢᠲᠡᠢ ᠰᠠᠶᠢᠲᠤᠷ ᠬᠢᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠷᠢᠨᠭᠡᠷ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ