ᠭᠤᠤ ᠹᠧᠩ ᠬᠤᠷᠢᠨᠭᠡᠷ ᠰᠢᠶᠠᠨ ᠤ ᠵᠠᠰᠠᠭ ᠤᠨ ᠣᠷᠳᠣᠨ ᠬᠢᠭᠡᠳ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠡᠯᠡᠯᠴᠡᠭᠡ ᠬᠢᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
5.9高峰主持召开县政府与呼和浩特市供电公司会谈工作会 1.jpg
      5 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠡᠯᠡᠯᠴᠡᠭᠡ ᠬᠢᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠰᠦᠨ ᠪᠢᠩ ᠰᠢᠨ ᠬᠤᠷᠢᠨᠭᠡᠷ ᠰᠢᠶᠠᠨ ᠤ ᠴᠠᠬᠢᠯᠭᠠᠨ ᠤ ᠲᠣᠤᠷ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃ ᠬᠤᠶᠠᠷ ᠲᠠᠯ᠎ᠠ ᠪᠠᠷ ᠢᠶᠠᠨ ᠵᠠᠰᠠᠭ ᠠᠵᠤ ᠠᠬᠤᠶᠢᠯᠠᠯ ᠤᠨ ᠤᠯᠤᠯᠴᠠᠭ᠎ᠠ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠭᠠᠷ ᠬᠤᠯᠪᠣᠨ ᠬᠤᠷᠢᠨᠭᠡᠷ ᠤᠨ ᠴᠠᠬᠢᠯᠭᠠᠨ ᠤ ᠲᠣᠣᠷ ᠤᠨ ᠪᠦᠳᠦᠬᠡᠨ ᠪᠠᠶᠢᠭᠤᠯᠤᠯᠲᠠ ᠶᠢᠨ ᠲᠡᠰ ᠳᠡᠪᠰᠢᠬᠦ ᠶᠢ ᠠᠬᠢᠭᠤᠯᠵᠤ᠂ ᠤᠢ ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠴᠠᠬᠢᠯᠭᠠᠨ ᠲᠣᠣᠷ ᠤᠨ ᠱᠤᠭᠤᠮ ᠤᠨ ᠠᠮᠤᠷ ᠲᠦᠪᠰᠢᠨ ᠢᠶᠠᠷ ᠠᠵᠢᠯᠯᠠᠬᠤ᠂ ᠲᠥᠬᠦᠭᠡᠷᠦᠮᠵᠢ ᠶᠢᠨ ᠬᠠᠮᠠᠭᠠᠯᠠᠯᠲᠠ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠵᠥᠷᠢᠴᠡᠯ᠂ ᠲᠦᠷᠦᠯ ᠵᠦᠢᠯ ᠢ ᠠᠬᠢᠭᠤᠯᠵᠤ ᠵᠣᠬᠢᠴᠠᠭᠤᠯᠬᠤ ᠵᠦᠢᠯᠡᠰ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠵᠥᠪᠳᠡᠯᠴᠡᠪᠡ᠃      ᠰᠦᠨ ᠪᠢᠩ ᠰᠢᠨ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠨ᠂ ᠬᠤᠷᠢᠨᠭᠡᠷ ᠰᠢᠶᠠᠨ ᠯᠤᠭ᠎ᠠ ᠶᠢᠨ ᠵᠣᠯᠭᠠᠯᠴᠠᠭ᠎ᠠ ᠵᠣᠬᠢᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠪᠣᠳᠠᠲᠠᠶ ᠶᠢ ᠡᠷᠬᠢᠮᠯᠡᠭᠰᠡᠨ ᠢᠳᠡᠪᠬᠢᠲᠡᠶ ᠣᠪᠣᠷ ᠢᠶᠠᠷ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠴᠠᠬᠢᠯᠭᠠᠨ ᠬᠠᠩᠭᠠᠬᠤ ᠬᠡᠷᠡᠭᠴᠡᠭᠡ ᠪᠣᠯᠤᠨ ᠴᠠᠬᠢᠯᠭᠠᠨ ᠬᠠᠩᠭᠠᠬᠤ ᠬᠡᠯᠬᠢᠶ᠎ᠡ ᠶᠢ ᠬᠡᠷᠴᠢᠨ ᠥᠭᠡᠷᠡᠴᠢᠯᠡᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠰᠠᠶᠢᠲᠤᠷ ᠰᠢᠶ᠋ᠳᠪᠦᠷᠢᠯᠡᠵᠦ᠂ ᠴᠠᠬᠢᠯᠭᠠᠨ ᠤ ᠬᠡᠮᠵᠢᠶ᠎ᠡ ᠶᠢ ᠥᠷᠭᠡᠳᠬᠡᠬᠦ ᠵᠡᠷᠭᠡ ᠡᠯ᠎ᠡ ᠵᠦᠢᠯ ᠤᠨ ᠪᠣᠳᠠᠲᠠᠶ ᠠᠵᠢᠯ ᠢ ᠦᠨᠡᠨ ᠬᠦ ᠰᠠᠶᠢᠲᠤᠷ ᠬᠢᠵᠦ᠂ ᠴᠠᠬᠢᠯᠭᠠᠨ ᠤ ᠲᠣᠣᠷ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠬᠤᠷᠢᠨᠭᠡᠷ ᠰᠢᠶᠠᠨ ᠤ  ᠲᠦᠷᠥᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠴᠠᠬᠢᠯᠭᠠᠨ ᠬᠦᠴᠦᠨ ᠤ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ᠭᠡᠪᠡ᠃      ᠭᠤᠤ ᠹᠧᠩ ᠬᠤᠷᠢᠨᠭᠡᠷ ᠰᠢᠶᠠᠨ ᠤ ᠵᠠᠰᠠᠭ ᠤᠨ ᠣᠷᠳᠣᠨ ᠢ ᠲᠦᠯᠦᠭᠡᠯᠡᠵᠦ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠤᠷᠢᠨᠭᠡᠷ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠮᠤᠷ ᠲᠦᠪᠰᠢᠨ ᠂ ᠳᠥᠭᠦᠮ ᠳᠥᠲᠡ ᠴᠠᠬᠢᠯᠭᠠᠨ ᠬᠦᠴᠦᠨ ᠤ ᠬᠠᠩᠭᠠᠯᠭ᠎ᠠ ᠬᠠᠩᠭᠠᠬᠤ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠭᠤᠤ ᠹᠧᠩ ᠬᠡᠯᠡᠬᠦ ᠳᠡᠭᠡᠨ᠂ ᠬᠤᠷᠢᠨᠭᠡᠷ ᠰᠢᠶᠠᠨ ᠪᠣᠯᠤᠨ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠠᠵᠢᠯ ᠤᠨ ᠠᠬᠢᠴᠠ ᠶᠢᠨ ᠲᠠᠯ᠎ᠠ ᠪᠠᠷ ᠬᠠᠷᠢᠯᠴᠠᠨ ᠬᠠᠮᠵᠢᠯᠴᠠᠵᠤ᠂ ᠦᠨᠡᠨᠴᠢ ᠪᠠᠷ ᠬᠠᠮᠲᠤᠷᠠᠨ ᠠᠵᠢᠯᠯᠠᠵᠤ᠂ ᠰᠠᠶᠢᠨ ᠰᠠᠶᠢᠬᠠᠨ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠨᠡᠪᠲᠡᠷᠡᠯᠴᠡᠭᠡ ᠬᠠᠮᠵᠢᠯᠴᠠᠭᠠᠨ ᠤ ᠲᠣᠭᠲᠠᠴᠠ ᠶᠢ ᠪᠦᠷᠢᠯᠳᠦᠭᠦᠯᠵᠦ᠂ ᠬᠤᠶᠠᠷ ᠲᠠᠯ᠎ᠠ ᠪᠠᠷ ᠢᠶᠠᠨ ᠡᠨᠡᠬᠦ ᠰᠠᠭᠤᠷᠢᠨ ᠳᠡᠭᠡᠷ᠎ᠡ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠨᠡᠩ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠵᠣᠬᠢᠴᠠᠭᠤᠯᠤᠨ ᠵᠣᠯᠭᠠᠭᠤᠯᠬᠤ ᠡᠷᠴᠢᠮ ᠢᠶᠠᠨ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠲᠦᠷᠭᠡᠳᠬᠡᠨ ᠠᠬᠢᠭᠤᠯᠵᠤ᠂ ᠬᠤᠷᠢᠨᠭᠡᠷ  ᠤᠨ ᠠᠷᠠᠳ ᠲᠦᠮᠡᠨ ᠳᠤ ᠨᠡᠩ ᠠᠮᠤᠷ ᠲᠦᠪᠰᠢᠨ᠂ ᠨᠡᠩ ᠳᠥᠭᠦᠮ ᠳᠥᠲᠡ᠂ ᠨᠡᠩ ᠰᠢᠯᠢᠳᠡᠭ ᠦᠢᠯᠡᠴᠢᠯᠡᠭᠡ ᠶᠢ ᠡᠳ᠋ᠯᠡᠭᠦᠯᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠪᠯᠡᠭᠡᠨ ᠤ ᠬᠡᠯᠲᠡᠰ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠨ ᠤ ᠬᠠᠮᠢᠶ᠎ᠠ ᠪᠥᠬᠦᠶ ᠨᠢᠭᠡᠴᠡ᠂ ᠰᠢᠶᠠᠩ ᠪᠠᠯᠭᠠᠰᠤ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ