ᠬᠤᠷᠢᠨᠭᠡᠷ ᠰᠢᠶᠠᠨ ᠤ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
5.9和林格尔县事业单位管理岗位职员等级晋升培训部署会召开.jpg
       5 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠪᠣᠯᠪᠠᠰᠤᠷᠠᠭᠤᠯᠤᠯ ᠤᠨ ᠪᠠᠶᠢᠷᠢᠯᠠᠭᠤᠯᠤᠯᠲᠠ ᠶᠢᠨ ᠬᠤᠷᠠᠯ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠮᠢᠶᠠᠷᠤᠯᠲᠠ ᠶᠢᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠳᠦᠷᠢᠮ ᠢ ᠪᠠᠶᠢᠭᠤᠯᠵᠤ᠂ ᠨᠠᠮ ᠤᠨ ᠲᠥᠪ ᠬᠤᠷᠢᠶᠠᠨ ᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢᠨ ᠴᠢᠬᠤᠯᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠬᠤᠯᠠ ᠦᠷ᠎ᠡ ᠪᠦᠲᠦᠭᠡᠯ ᠮᠥᠨ᠂ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠲᠠᠶᠢᠴᠢᠯᠠᠵᠦ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠶᠢᠨ ᠬᠢᠨ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠳᠦᠷᠢᠮ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠤᠷᠢᠨᠭᠡᠷ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠳᠦᠷᠢᠮ ᠢ ᠬᠡᠷᠡᠭᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠲᠦᠷᠢᠮ ᠢ ᠬᠡᠷᠡᠭᠵᠢᠭᠦᠯᠬᠦ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠣᠨᠣᠪᠴᠢᠲᠠᠶ ᠬᠡᠷᠡᠭᠵᠢᠭᠦᠯᠬᠦ ᠶᠢᠨ ᠬᠠᠮᠲᠤ ᠲᠦᠷᠢᠮ ᠤᠨ ᠤᠷᠮᠠᠰᠢᠭᠤᠯᠤᠨ ᠵᠣᠷᠢᠭᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠂ ᠠᠷᠠᠳ ᠲᠦᠮᠡᠨ᠂ ᠠᠵᠢᠯ ᠦᠢᠯᠡᠰ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠳᠠᠨ ᠤ ᠵᠡᠷᠭᠡ ᠳᠡᠰ ᠢ ᠳᠡᠪᠰᠢᠭᠦᠯᠬᠦ ᠲᠦᠷᠢᠮ ᠤᠨ ᠬᠡᠷᠡᠭᠵᠢᠭᠦᠯᠦᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠲᠦᠷᠢᠮ ᠤᠨ ᠬᠡᠷᠡᠭᠵᠢᠭᠦᠯᠬᠦ ᠲᠥᠰᠦᠯ ᠳᠤ ᠲᠠᠶᠢᠯᠤᠮᠵᠢ ᠬᠢᠭᠰᠡᠨ ᠪᠥᠭᠡᠳ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠭᠤᠳᠠᠯ ᠢ ᠬᠠᠷᠢᠭᠤᠯᠣᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ