ᠬᠤᠷᠢᠨᠭᠡᠷ ᠰᠢᠶᠠᠨ 2022 ᠣᠨ ᠳᠤ ᠪᠦᠬᠦ ᠰᠢᠶᠠᠨ ᠤ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠣᠢ ᠰᠢᠢᠳᠪᠦᠷᠢᠯᠡᠬᠦ ᠭᠤᠷᠪᠠᠳᠤᠭᠠᠷ ᠤᠳᠠᠭ᠎ᠠ ᠶᠢᠨ ᠲᠤᠰᠬᠠᠢ ᠲᠦᠷᠦᠯ ᠤᠨ ᠲᠣᠬᠢᠷᠠᠭᠤᠯᠣᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
5.9和林格尔县召开2022年全县接诉即办第三次专项调度会.jpg
      ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠪᠦᠲᠦᠮᠵᠢᠲᠡᠶ ᠬᠠᠷᠢᠭᠤᠯᠲᠠ ᠥᠭᠬᠦ ᠶᠢᠨ ᠲᠤᠰᠠᠳᠠ᠂ 5 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ 2022 ᠣᠨ ᠤ ᠪᠥᠬᠦ ᠰᠢᠶᠠᠨ ᠤ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠭᠤᠷᠪᠠᠳᠤᠭᠠᠷ ᠤᠳᠠᠭᠠᠨ ᠤ ᠲᠤᠰᠬᠠᠶ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠰᠢᠶᠤᠤ ᠮᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ ᠪᠥᠬᠦ ᠰᠢᠶᠠᠨ ᠤ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ 4 ᠳ᠋ᠣᠭᠡᠷ ᠰᠠᠷ᠎ᠠ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠪᠠ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ︔ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠲᠥᠪ ᠤᠨ ᠮᠠᠨ ᠤ ᠰᠢᠶᠠᠨ ᠤ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠠᠵᠢᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠵᠠᠷᠯᠠᠨ ᠮᠡᠳᠡᠭᠳᠡᠪᠡ︔ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠤᠯᠪᠣᠭᠳᠠᠬᠤ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠠᠵᠢᠯ ᠢ ᠥᠷᠨᠢᠭᠦᠯᠬᠦ ᠪᠣᠯ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠤᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠶᠢ ᠴᠢᠩᠭᠠᠳᠬᠠᠵᠤ᠂ ᠵᠠᠭᠠᠯᠳᠤᠯᠭ᠎ᠠ ᠶᠢ ᠬᠦᠯᠢᠶᠡᠨ ᠠᠪᠣᠪᠠᠯ ᠳᠠᠷᠣᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠲᠠᠯ ᠤᠨ ᠬᠤᠪᠢᠷᠠᠯᠲᠠ ᠪᠠᠷ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠬᠡᠷᠡᠭᠲᠡᠢ᠃ ᠬᠠᠯᠠᠭᠤᠨ ᠤᠲᠠᠰᠤ ᠪᠠᠷ ᠭᠦᠢᠴᠡᠳᠬᠡᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠬᠠᠷᠢᠭᠤ ᠥᠭᠬᠦ ᠠᠭᠤᠯᠭ᠎ᠠ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠡᠷᠴᠢᠮ ᠪᠠ ᠨᠡᠪᠲᠡᠷᠡᠯᠴᠡᠨ ᠲᠠᠶᠢᠯᠪᠤᠷᠢᠯᠠᠬᠤ ᠴᠢᠳᠠᠪᠤᠷᠢ ᠶᠢ ᠴᠢᠩᠭᠠᠳᠬᠠᠨ᠂ ᠭᠤᠮᠣᠳᠠᠯ ᠱᠠᠭᠠᠷᠳᠠᠯᠭ᠎ᠠ ᠪᠠᠨ ᠬᠠᠷᠢᠭᠤ ᠥᠭᠬᠦ ᠨᠡᠶᠢᠯᠡᠮᠡᠯ ᠪᠠᠶᠢᠳᠠᠯ᠂ ᠵᠦᠶ ᠵᠣᠬᠢᠰᠲᠠᠶ᠂ ᠬᠠᠤᠯᠢ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠬᠢᠨᠠᠯᠲᠠ ᠲᠠᠯᠪᠢᠬᠤ ᠠᠵᠢᠯ ᠤᠨ ᠪᠠᠶᠢᠷᠢ︾ ᠳᠤ ᠰᠠᠶᠢᠲᠤᠷ ᠵᠣᠭᠰᠣᠵᠤ᠂ ᠭᠤᠤᠯ ᠬᠠᠷᠢᠭᠤᠴᠠᠬᠤ ᠨᠢᠭᠡᠴᠡ ᠶᠢ ᠬᠠᠮᠵᠢᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠮᠲᠤ ᠪᠠᠷ ᠰᠢᠶ᠋ᠳᠪᠦᠷᠢᠯᠡᠵᠦ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠵᠢᠶᠦ᠋ᠨ ᠸᠧᠶ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠵᠢᠴᠢ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ