ᠬᠤᠷᠢᠨᠭᠡᠷ ᠰᠢᠶᠠᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
5.9和林格尔县召开自建房安全专项整治部署会议.jpg
      5 ᠰᠠᠷ᠎ᠠ ᠶᠢᠨ 7 ᠤ ᠡᠳᠦᠷ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠲᠧᠯᠸᠢᠰ ᠤᠲᠠᠰᠤᠲᠤ ᠬᠤᠷᠠᠯ ᠢ ᠭᠥᠯᠢᠶᠡᠨ ᠠᠪᠴᠤ ᠦᠵᠡᠭᠰᠡᠨ ᠤ ᠳᠠᠷᠠᠭ᠎ᠠ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠡᠷᠡ ᠳᠠᠷᠤᠶ ᠳᠤᠨᠢ ᠪᠥᠬᠦ ᠰᠢᠶᠠᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠷᠠᠯ ᠠᠴᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠰᠠᠭᠤᠭᠠᠯᠢ ᠠᠷᠠᠳ ᠤᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠱᠠᠭᠠᠷᠳᠠᠭᠰᠠᠨ ᠨᠢ᠂ ᠰᠠᠭᠤᠭᠠᠯᠢ ᠠᠷᠠᠳ ᠤᠨ ᠥᠪᠡᠰᠦᠪᠡᠨ ᠬᠡᠷ ᠪᠠᠷᠢᠬᠤ ᠵᠡᠷᠭᠡ ᠪᠠᠷᠢᠯᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠲᠠᠨᠢᠯᠲᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠦᠨᠡᠨᠬᠦ ᠪᠡᠶ᠎ᠡ ᠪᠠᠷ ᠢᠶᠠᠨ ᠠᠵᠢᠯ ᠤᠨ ᠪᠠᠶᠢᠷᠢ ᠳᠤ ᠣᠷᠣᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠤ ᠠᠳᠡᠯ ᠭᠠᠷᠬᠤ ᠦᠭᠡᠢ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠬᠡᠮ ᠰᠣᠭᠤᠭ ᠪᠣᠯ ᠳᠠᠷᠤᠶ ᠠᠳᠡᠯ ᠮᠦᠨ ᠭᠡᠬᠦ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠥᠪᠡᠰᠦᠪᠡᠨ ᠬᠡᠷ ᠪᠠᠷᠢᠬᠤ ᠵᠡᠷᠭᠡ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠲᠣᠤᠷ ᠲᠠᠲᠠᠬᠤ ᠮᠠᠶ᠋ᠢᠭ ᠤᠨ᠂ ᠬᠡᠪᠢᠰ ᠮᠠᠶ᠋ᠢᠭ ᠤᠨ᠂ ᠢᠷᠣᠭᠠᠷ ᠤᠨ ᠮᠠᠶ᠋ᠢᠭ ᠤᠨ᠂ ᠲᠤᠰᠬᠠᠶᠢᠵᠢᠭᠰᠠᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠰᠣᠬᠤᠷ ᠪᠠᠯᠠᠶ ᠭᠠᠵᠠᠷ ᠦᠯᠡᠳᠡᠭᠡᠬᠦ ᠥᠬᠡᠶ᠂ ᠥᠯᠥ ᠣᠨᠣᠭᠳᠠᠬᠤ ᠭᠠᠵᠠᠷ ᠦᠯᠡᠳᠡᠭᠡᠬᠦ ᠥᠬᠡᠶ᠂ ᠬᠥᠮᠥᠷᠭᠡ ᠪᠠᠨ ᠴᠡᠪᠡᠷᠯᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠶ ᠭᠡᠵᠡᠢ᠃      ᠬᠤᠷᠠᠯ ᠠᠴᠠ᠂ ᠲᠦᠷᠭᠡᠨ ᠬᠥᠳᠡᠯᠦᠯᠴᠡᠵᠦ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠳᠤᠮᠳᠠ ᠢᠯᠡᠷᠡᠭᠦᠯᠦᠭᠰᠡᠨ ᠪᠦᠬᠦᠯᠢ ᠴᠣᠭᠴᠠ ᠶᠢᠨ ᠠᠶᠤᠯ ᠲᠦᠭᠰᠢᠭᠦᠷᠢ ᠪᠠ ᠬᠡᠰᠡᠭ ᠲᠠᠯ᠎ᠠ ᠶᠢᠨ ᠠᠶᠤᠯ ᠲᠦᠭᠰᠢᠭᠦᠷᠢ ᠲᠠᠢ ᠭᠡᠷ ᠪᠠᠶᠢᠰᠢᠩ ᠳᠤ ᠴᠢᠭᠯᠡᠭᠦᠯᠦᠨ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠠᠴᠠ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠠᠮᠤᠷ ᠲᠦᠪᠰᠢᠨ ᠤ ᠭᠡᠮ ᠰᠣᠭᠤᠭ ᠢ ᠡᠷᠡᠰ ᠪᠢᠲᠡᠭᠦᠮᠵᠢᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠶᠢ ᠴᠢᠨᠠᠭᠰᠢᠳᠠ ᠴᠢᠩᠭᠠᠳᠬᠠᠵᠤ᠂ ᠪᠣᠳᠠᠲᠠᠢ ᠬᠠᠷᠢᠶᠠᠯᠠᠭᠳᠠᠬᠤ ᠭᠠᠵᠠᠷ ᠤᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠷᠪᠠᠳᠠᠬᠢ ᠡᠲᠡᠭᠡᠳ ᠤᠨ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠪᠣᠯᠤᠨ ᠬᠢᠨᠠᠨ ᠵᠢᠯᠣᠭᠤᠳᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠷᠢᠨᠭᠡᠷ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠤᠷᠢᠨᠭᠡᠷ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠲᠠᠯ᠎ᠠ ᠶᠢᠨ ᠦᠷᠭᠦᠯᠵᠢᠯᠡᠨ ᠰᠠᠶᠢᠵᠢᠷᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠮᠠ ᠵᠢᠶᠦ᠋ᠨ ᠸᠧᠶ᠂ ᠡᠯ᠎ᠡ ᠰᠢᠶᠠᠩ ᠪᠠᠯᠭᠠᠰᠤ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ