ᠯᠢ ᠯᠢᠦ ᠰᠢᠶᠤᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2022/5/9
5.9李六小主持召开信访工作专题会议 研究推进重点信访案件化解工作.jpg
      5 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠳᠡᠭᠡᠭᠰᠢ ᠰᠤᠷᠪᠤᠯᠵᠢᠯᠠᠬᠤ ᠳᠠᠯᠳᠠ ᠬᠡᠮ ᠤᠨ ᠬᠡᠷᠡᠭ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠳᠢᠭᠯᠡᠵᠦ᠂ ᠤᠴᠢᠷ ᠰᠢᠯᠲᠠᠭᠠᠨ ᠢ ᠨᠢ ᠲᠣᠳᠣᠷᠬᠠᠶ ᠪᠣᠯᠭᠠᠨ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠯᠡᠬᠦ ᠪᠣᠳᠠᠲᠠᠶ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠠᠵᠢᠯ ᠢ ᠳᠠᠬᠢᠨ ᠠᠬᠢᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠠᠵᠢᠯ ᠮᠥᠨ᠂ ᠲᠡᠷᠡ ᠨᠢ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠳᠤ ᠵᠣᠭᠰᠣᠵᠤ᠂ ᠶᠡᠷᠦᠩᠬᠡᠶ ᠱᠦᠵᠢ ᠰᠢ ᠶᠢᠨ ᠫᠢᠩ  ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠲᠤᠭᠤᠰᠢᠲᠠᠢ ᠪᠠᠷᠢᠮᠲᠠᠯᠠᠬᠤ ᠲᠣᠭᠲᠠᠯ ᠬᠦᠴᠦᠨ᠂ ᠥᠩᠭᠡᠷᠡᠭᠰᠡᠨ ᠲᠠᠢ ᠪᠠᠨ ᠠᠳᠠᠯᠢ ᠪᠠᠷ ᠲᠡᠰᠪᠦᠷᠢ ᠳᠠᠭᠠᠭᠠᠮᠠᠭᠠᠶ᠂ ᠴᠤᠴᠠᠯᠲᠠ ᠦᠭᠡᠢ ᠤᠷᠤᠭᠰᠢᠯᠠᠬᠤ ᠰᠥᠰᠥ ᠵᠣᠷᠢᠭ ᠢᠶᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶᠢᠵᠢᠬᠤ᠂ ᠰᠢᠰᠲ᠋ᠧᠮᠵᠢᠬᠦ᠂ ᠬᠠᠤᠯᠢᠵᠢᠬᠤ ᠶᠢ ᠦᠨᠡᠨ ᠬᠦ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠪᠠ ᠬᠠᠷᠢᠶ᠎ᠠ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠪᠠᠶᠢᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠤᠴᠢᠷ ᠶᠠᠪᠤᠳᠠᠯ ᠢ ᠰᠢᠢᠳᠪᠦᠷᠢᠯᠡᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠳᠤ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠲᠠᠢ ᠪᠠᠷ ᠬᠠᠨᠳᠤᠵᠤ᠂ ᠪᠠᠶᠢᠷᠢ ᠰᠣᠯᠢᠵᠤ ᠰᠡᠳᠬᠢᠬᠦ ᠶᠢ ᠰᠤᠷᠴᠤ᠂ ︽ᠤᠯᠠᠨ ᠲᠦᠮᠡᠨ ᠳᠡᠭᠡᠭᠰᠢ ᠰᠤᠷᠪᠤᠯᠵᠢᠯᠠᠬᠤ︾ ᠶᠢ ︽ᠺᠠᠳ᠋ᠷ ᠳᠣᠷᠣᠭᠰᠢ ᠪᠠᠭᠤᠵᠤ ᠰᠤᠷᠪᠤᠯᠵᠢᠯᠠᠬᠤ︾ ᠪᠣᠯᠭᠠᠨ ᠬᠤᠪᠢᠷᠠᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠥᠷᠢᠴᠡᠯ ᠢ ᠡᠬᠢ ᠡᠭᠦᠰᠦᠯ ᠠᠴᠠ ᠨᠢ ᠵᠠᠰᠠᠵᠤ ᠨᠠᠮᠳᠠᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠵᠥᠷᠢᠴᠡᠯ ᠵᠠᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠨᠠᠮᠳᠠᠭᠤᠯᠬᠤ᠂ ᠮᠡᠳᠡᠭᠡ ᠵᠠᠩᠭᠢ ᠪᠠᠷ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠰᠢᠢᠳᠬᠡᠬᠦ ᠶᠢ ︽ᠡᠬᠢ ᠡᠭᠦᠰᠦᠯ ᠠᠴᠠ ᠨᠢ ᠪᠣᠭᠤᠮᠲᠠ︾ ᠲᠠᠯᠪᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠠᠵᠢᠯ ᠤᠨ ᠭᠤᠭᠴᠤᠭ᠎ᠠ ᠪᠣᠯᠤᠨ ᠶᠠᠪᠤᠴᠠ ᠶᠢ ᠡᠮᠬᠢᠯᠡᠵᠦ᠂ ᠨᠡᠩ ᠵᠦᠢ ᠵᠣᠬᠢᠰᠲᠠᠢ ᠪᠦᠲᠦᠮᠵᠢᠲᠡᠢ ᠠᠵᠢᠯ ᠤᠨ ᠠᠷᠭ᠎ᠠ ᠶᠢ ᠰᠤᠳᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠤᠳ ᠢ ᠦᠨᠡᠨᠬᠦ ᠰᠠᠶᠢᠲᠤᠷ ᠰᠢᠢᠳᠪᠦᠷᠢᠯᠡᠵᠦ᠂ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠸᠠᠩ ᠪᠦᠦ ᠫᠢᠩ᠂ ᠭᠦᠸᠧ ᠸᠧᠨ ᠵᠢᠶᠦ᠋ᠨ᠂ ᠸᠠᠩ ᠰᠢᠶᠤᠤ ᠮᠢᠩ᠂ ᠪᠠᠢ ᠬᠤᠤ᠂ ᠯᠢ ᠯᠢ᠂ ᠡᠯ᠎ᠡ ᠬᠤᠯᠪᠣᠭᠳᠠᠯ ᠪᠦᠬᠦᠢ ᠨᠢᠭᠡᠴᠡ᠂ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ