ᠴᠢᠩ ᠱᠦᠢ ᠡᡁᠧ ᠰᠢᠶᠠᠨ ᠤ ᠰᠠᠯᠠᠭ᠎ᠠ ᠶᠢᠨ ᠲᠡᠰ ᠤᠨ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠶᠠᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/5/9
      ᠪᠦᠬᠦ ᠰᠢᠶᠠᠨ ᠤ ᠰᠠᠯᠠᠭ᠎ᠠ ᠶᠢᠨ ᠲᠡᠰ ᠤᠨ ᠤᠳᠤᠷᠢᠳᠬᠤ ᠺᠠᠳ᠋ᠷ ᠤᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠶᠢᠨ ᠬᠤᠶᠠᠳᠤᠭᠠᠷ ᠬᠤᠭᠤᠴᠠᠭ᠎ᠠ 5 ᠳ᠋ᠤᠭᠠᠷ ᠰᠠᠷ᠎ᠠ ᠶᠢᠨ 6 — 7 ᠤ ᠡᠳᠦᠷ ᠪᠣᠯᠲᠠᠯ᠎ᠠ ᠯᠣᠣ ᠨᠢᠦ ᠫᠦᠸᠧ ᠶᠢᠨ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠤᠨ ᠰᠠᠭᠤᠷᠢᠨ ᠳᠤ ᠶᠠᠪᠤᠭᠳᠠᠪᠠ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃       ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠸᠧᠶ ᠶᠦᠨ ᠪᠢᠨ ᠠᠩᠭᠢ ᠡᠬᠢᠯᠡᠬᠦ ᠶᠣᠰᠣᠯᠠᠯ ᠢ ᠡᠷᠭᠢᠯᠡᠪᠡ᠃
清水河县科级领导干部学习贯彻习近平总书记参加十三届全国人大五次会议内蒙古代表团审议时的重要讲话精神第二期专题轮训班圆满结束.jpg
          ᠬᠤᠷᠠᠯ ᠠᠴᠠ ᠴᠢᠬᠤᠯᠠᠶᠢᠯᠭᠰᠠᠨ ᠨᠢ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠬᠡᠷᠡᠭᠲᠡᠢ᠃ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠥ᠂ ᠭᠦᠨᠵᠡᠭᠡᠢ ᠰᠡᠳᠬᠢᠨ ᠰᠤᠷᠤᠯᠴᠠᠵᠥ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠥ᠂ ᠡᠷᠡᠰ ᠪᠠᠲᠤ ᠢᠲᠡᠭᠡᠯ ᠪᠢᠰᠢᠷᠡᠯ ᠢ ᠰᠤᠷᠤᠯᠴᠠᠵᠥ᠂ ᠤᠶᠤᠨ ᠰᠠᠨᠠᠭᠠᠨ ᠤ ᠬᠠᠶᠢᠷ᠎ᠠ ᠰᠡᠳᠬᠢᠯᠭᠡ ᠶᠢ ᠰᠤᠷᠤᠯᠴᠠᠵᠥ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠰᠤᠷᠤᠯᠴᠠᠵᠥ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠥᠪᠡᠷ ᠤᠨ ᠪᠡᠶ᠎ᠡ ᠳᠡᠭᠡᠨ ᠴᠢᠩᠭᠠᠳᠬᠠᠬᠤ ᠬᠡᠷᠡᠭᠲᠡᠢ᠃ ᠲᠤᠰ ᠭᠠᠵᠠᠷ ᠣᠷᠣᠨ᠂ ᠲᠤᠰ ᠨᠢᠭᠡᠴᠢ ᠶᠢᠨ ᠢᠶᠠᠨ ᠰᠤᠷᠤᠯᠴᠠᠨ ᠲᠤᠭᠤᠰᠢᠯᠠᠭᠬᠤᠯᠬᠤ ᠠᠵᠢᠯ ᠢ ᠦᠨᠡᠨ ᠬᠦ ᠰᠠᠶᠢᠲᠤᠷ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠡᠯᠪᠡᠭ ᠪᠠᠶᠠᠯᠢᠭ ᠠᠭᠤᠯᠤᠭᠳᠠᠬᠤᠨ᠂ ᠭᠤᠣᠯᠯᠠᠬᠤ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠭᠤᠯᠤᠨ ᠡᠵᠡᠮᠰᠢᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠶ᠃ ᠬᠤᠶᠠᠷ ᠲᠤ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠠᠴᠠ ᠤᠯᠤᠰ ᠲᠦᠷᠦ ᠶᠢᠨ ᠰᠢᠮ᠎ᠡ ᠲᠡᠵᠢᠭᠡᠯ ᠪᠠ ᠬᠦᠴᠦᠷᠬᠡᠭ ᠶᠡᠭᠡ ᠬᠦᠴᠦᠨ ᠢ ᠦᠨᠡᠨᠬᠦ ᠬᠦᠷᠳᠡᠵᠦ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠨᠡ ᠵᠢᠯ ᠠᠴᠠ ᠨᠠᠰᠢᠬᠢ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠲᠤᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠴᠢᠩᠭ᠎ᠠ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠴᠢᠩ ᠱᠦᠢ ᠡᡁᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠭᠤᠷᠪᠠ ᠳᠤ ᠡᠨᠡ ᠤᠳᠠᠭᠠᠨ ᠤ ᠬᠤᠪᠣᠷ ᠨᠠᠨᠳᠢᠨ ᠰᠤᠷᠤᠯᠴᠠᠬᠤ ᠲᠣᠬᠢᠶᠠᠯ ᠢ ᠦᠨᠡᠨ ᠬᠦ ᠨᠠᠨᠳᠢᠩᠨᠠᠵᠤ᠂ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠨᠠᠷᠢᠨ ᠬᠢᠨᠠᠮᠠᠭᠠᠶ᠂ ᠰᠤᠷᠤᠯᠴᠠᠬᠤ ᠳᠤᠷᠠᠲᠠᠶ᠂ ᠰᠢᠷᠭᠠᠭᠤ ᠬᠠᠲᠠᠭᠤᠵᠢᠯᠲᠠᠶ ᠰᠤᠳᠤᠯᠬᠤ ᠰᠠᠶᠢᠨ ᠰᠠᠶᠢᠬᠠᠨ ᠰᠤᠷᠤᠯᠴᠠᠬᠤ ᠰᠤᠷᠲᠠᠯ ᠢᠶᠠᠨ ᠪᠠᠳᠠᠷᠠᠭᠤᠯᠵᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠠᠷ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠣᠨᠣᠯ ᠢ ᠪᠣᠳᠠᠲᠠᠶ ᠲᠠᠢ ᠤᠶᠠᠯᠳᠤᠭᠤᠯᠤᠨ᠂ ᠰᠣᠷᠣᠭᠰᠠᠨ ᠢᠶᠠᠨ ᠬᠡᠷᠡᠭᠯᠡᠵᠦ᠂ ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠠᠵᠢᠯ ᠢᠶᠠᠨ ᠳᠥᠯᠭᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃       ᠡᠭᠡᠯᠵᠢᠯᠡᠨ ᠪᠣᠯᠪᠠᠰᠤᠷᠠᠭᠤᠯᠬᠤ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠣᠨᠣᠯ ᠤᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠳᠡᠳ᠋ ᠫᠷᠣᠹᠧᠰᠰᠣᠷ ᠪᠠᠭᠠᠲᠤᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠪᠠ︔ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠯᠢ ᠧᠨ ᠸᠧᠢ 2022 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠤᠬᠠᠢ ᠲᠠᠶᠢᠯᠤᠮᠵᠢ ᠬᠢᠪᠡ︔ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠰᠦ᠋ ᠬᠠᠩ ︽ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠳᠦᠭᠡᠨ ᠪᠠᠶᠢᠭᠤᠯᠬᠤ︾ ᠪᠠᠷ ᠭᠤᠣᠯᠳᠠᠭᠤᠯᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠨᠡᠶᠢᠲᠡ 377 ᠰᠠᠯᠠᠭ᠎ᠠ ᠶᠢᠨ ᠲᠠᠰ ᠤᠨ ᠤᠳᠤᠷᠢᠳᠬᠤ ᠺᠠᠳ᠋ᠷ ᠭᠤᠷᠪᠠᠨ ᠬᠤᠭᠤᠴᠠᠭ᠎ᠠ ᠬᠤᠪᠢᠶᠠᠨ ᠡᠭᠡᠯᠵᠢᠯᠡᠨ ᠪᠣᠯᠪᠠᠰᠤᠷᠠᠭᠤᠯᠵᠤ ᠰᠤᠷᠤᠯᠴᠠᠵᠤ᠂ ᠪᠥᠬᠦ ᠰᠢᠶᠠᠨ ᠤ 130 ᠰᠠᠯᠠᠭᠠᠨ ᠲᠠᠰ ᠤᠨ ᠤᠳᠤᠷᠢᠳᠬᠤ ᠺᠠᠳ᠋ᠷ ᠬᠤᠶᠠᠳᠤᠭᠠᠷ ᠬᠤᠭᠤᠴᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠠᠩᠭᠢ ᠡᠬᠢᠯᠡᠬᠦ ᠶᠣᠰᠣᠯᠠᠯ ᠳᠤ ᠣᠷᠣᠯᠴᠠᠵᠠᠶ᠃ ᠭᠤᠷᠪᠠᠳᠤᠭᠠᠷ ᠬᠤᠭᠤᠴᠠᠭ᠎ᠠ ᠨᠢ 5 ᠳ᠋ᠤᠭᠠᠷ ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ ᠬᠢᠴᠢᠶᠡᠯ ᠡᠬᠢᠯᠡᠨ᠎ᠡ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ