ᠾᠧ ᠬᠠᠢ ᠳ᠋ᠦᠩ ᠮᠠᠨ ᠤ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/9
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠨᠠᠷ ᠮᠠᠨ ᠤ ᠬᠤᠲᠠ ᠶᠢᠨ ᠶᠢᠨ ᠬᠠᠢ ᠵᠠᠮ᠂ ᠪᠠᠶᠠᠨ ᠵᠠᠮ᠂ ᠭᠤᠷᠪᠠᠳᠤᠭᠠᠷ ᠲᠣᠭᠤᠷᠢᠯ ᠵᠠᠮ ᠵᠡᠷᠭᠡ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠵᠢᠴᠢ ᠰᠢᠯᠢ ᠶᠢᠨ ᠡᠮᠦᠨ᠎ᠡ ᠵᠠᠮ᠂ ᠪᠤᠭᠤᠲᠤ ᠶᠡᠭᠡ ᠵᠡᠭᠡᠯᠢ᠂ ᠦᠬᠠᠢ ᠵᠡᠭᠦᠨ ᠵᠡᠭᠡᠯᠢ᠂ ᠬᠢᠩᠭᠠᠨ ᠡᠮᠦᠨ᠎ᠡ ᠵᠠᠮ ᠤᠨ ︽ᠲᠠᠰᠤᠷᠬᠠᠢ ᠵᠠᠮ︾ ᠢ ᠨᠡᠪᠲᠡᠷᠡᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ  ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠵᠠᠮ ᠤᠨ ᠲᠣᠣᠷ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠲᠣᠭᠤᠷᠢᠭ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠾᠧ ᠬᠠᠢ ᠳ᠋ᠦᠩ ᠨᠠᠷ ᠤᠷᠢᠳ ᠬᠤᠵᠢᠳ ᠶᠢᠨ ᠬᠠᠢ ᠵᠠᠮ ᠤᠨ ᠵᠡᠭᠦᠨᠰᠢ ᠤᠷᠲᠤᠳᠬᠠᠭᠰᠠᠨ ᠬᠡᠰᠡᠭ ᠤᠨ 10 ᠳ᠋ᠤᠭᠠᠷ ᠬᠥᠭᠦᠷᠭᠡ᠂ ᠶᠢᠨ ᠬᠠᠢ ᠵᠠᠮ ᠤᠨ ᠪᠠᠷᠠᠭᠤᠨᠰᠢ ᠤᠷᠲᠤᠳᠬᠠᠭᠰᠠᠨ ᠬᠡᠰᠡᠭ ᠪᠣᠯᠣᠨ ᠲᠠᠪᠦ‍ ᠨᠢᠭᠡ ᠵᠠᠮ ᠤᠨ ᠠᠭᠤᠯᠵᠠᠷ᠂ ᠪᠠᠶᠠᠨ ᠵᠠᠮ ᠤᠨ ᠬᠤᠶᠢᠲᠤ ᠬᠤᠶᠠᠳᠤᠭᠠᠷ ᠲᠣᠭᠤᠷᠢᠯ ᠵᠠᠮ ᠠᠴᠠ ᠬᠤᠶᠢᠲᠤ ᠭᠤᠷᠪᠠᠳᠤᠭᠠᠷ ᠲᠣᠭᠤᠷᠢᠯ ᠵᠠᠮ ᠬᠦᠷᠬᠦ ᠬᠥᠭᠦᠷᠭᠡ᠂ ᠭᠤᠷᠪᠠᠳᠤᠭᠠᠷ ᠲᠣᠭᠤᠷᠢᠯ ᠵᠠᠮ ᠤᠨ ᠬᠥᠬᠡᠬᠤᠲᠠ ᠵᠡᠭᠦᠨᠭᠠᠷ ᠤᠨ ᠵᠥᠷᠢᠯᠢᠭ ᠬᠥᠭᠦᠷᠭᠡ᠂ ᠰᠢᠯᠢ ᠶᠢᠨ ᠡᠮᠦᠨ᠎ᠡ ᠵᠠᠮ ᠤᠨ ︽ᠲᠠᠰᠤᠷᠬᠠᠢ ᠵᠠᠮ︾᠂ ᠪᠤᠭᠤᠲᠤ ᠶᠡᠭᠡ ᠵᠡᠭᠡᠯᠢ ᠶᠢᠨ ︽ᠲᠠᠰᠤᠷᠬᠠᠢ ᠵᠠᠮ︾᠂ ᠦᠬᠠᠢ ᠵᠡᠭᠦᠨ ᠵᠡᠭᠡᠯᠢ ᠶᠢᠨ ︽ᠲᠠᠰᠤᠷᠬᠠᠢ ᠵᠠᠮ︾᠂ ᠬᠢᠩᠭᠠᠨ ᠡᠮᠦᠨ᠎ᠡ ᠵᠠᠮ ᠤᠨ ︽ᠲᠠᠰᠤᠷᠬᠠᠢ ᠵᠠᠮ︾᠂ ᠭᠤᠷᠪᠠᠳᠤᠭᠠᠷ ᠲᠣᠭᠤᠷᠢᠯ ᠵᠠᠮ ᠤᠨ ᠬᠤᠷᠴᠢᠨ ᠵᠥᠷᠢᠯᠢᠭ ᠬᠥᠭᠦᠷᠭᠡ ᠵᠡᠷᠭᠡ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠠᠬᠢᠴᠠ᠂ ᠲᠤᠰᠠᠭᠠᠷᠯᠠᠬᠤ ᠬᠠᠯᠬᠠᠪᠴᠢ᠂ ᠵᠠᠮ ᠳᠡᠪᠢᠰᠬᠦ᠂ ᠵᠡᠭᠡᠯᠢ ᠭᠤᠳᠤᠮᠵᠢ ᠶᠢᠨ ᠦᠵᠡᠮᠵᠢ ᠶᠢ ᠨᠣᠭᠤᠭᠠᠷᠠᠭᠤᠯᠬᠤ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠦᠬᠦᠢ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠯᠪᠣᠭᠳᠠᠯ ᠪᠦᠬᠦᠢ ᠵᠢᠷᠤᠭ ᠲᠥᠯᠥᠪᠯᠡᠭᠡ ᠶᠢᠨ ᠲᠥᠰᠥᠯ ᠢ ᠰᠢᠯᠢᠳᠡᠭᠵᠢᠭᠦᠯᠬᠦ ᠠᠵᠢᠯ ᠢ ᠰᠤᠳᠤᠯᠵᠤ᠂ ᠪᠠᠷᠢᠯᠭ᠎ᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠾᠧ ᠬᠠᠢ ᠳ᠋ᠦᠩ ᠵᠢᠭᠠᠬᠤ ᠳᠠᠭᠠᠨ᠂ ᠬᠤᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠪᠣᠯ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ᠂ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ᠂ ᠬᠤᠲᠠ ᠶᠢᠨ ᠴᠢᠨᠠᠷ ᠲᠠᠰ ᠢ ᠳᠡᠭᠡᠭᠰᠢᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠯ᠎ᠡ ᠪᠠᠷᠢᠯᠭ᠎ᠠ ᠶᠢᠨ ᠨᠢᠭᠡᠴᠡ᠂ ᠬᠠᠮᠢᠶ᠎ᠠ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠳᠣᠬᠠᠨ ᠤ ᠪᠠᠷᠢᠯᠭ᠎ᠠ ᠶᠢᠨ ᠰᠢᠵᠢᠷ ᠠᠯᠲᠠᠨ ᠤᠯᠠᠷᠢᠯ ᠢ ᠠᠮᠵᠢᠨ ᠠᠳᠬᠤᠵᠤ᠂ ᠵᠠᠮ ᠢ ᠥᠭᠡᠷᠡᠴᠢᠯᠡᠬᠦ ᠳᠤᠮᠳᠠᠬᠢ ᠤᠰᠤ ᠴᠠᠬᠢᠯᠭᠠᠨ ᠬᠡᠢ ᠶᠢᠨ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠨᠣᠭᠤᠭᠠᠷᠠᠭᠤᠯᠵᠤ ᠭᠤᠶᠣᠵᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠲᠠᠯ᠎ᠠ ᠪᠠᠷ ᠲᠦᠷᠭᠡᠳᠬᠡᠨ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠮᠳᠤᠷᠠᠵᠤ ᠬᠠᠮᠵᠢᠯᠴᠠᠬᠤ ᠪᠠᠨ ᠴᠢᠩᠭᠠᠳᠬᠠᠵᠤ᠂ ᠨᠢᠭᠡᠨᠲᠡ ᠲᠣᠭᠲᠠᠭᠠᠭᠰᠠᠨ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ ᠶᠢᠨ ᠶᠣᠰᠣᠭᠠᠷ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠶᠠᠰᠤ ᠴᠢᠨᠠᠷ ᠢ ᠪᠠᠲᠤᠯᠠᠨ᠂ ᠠᠶᠤᠯᠭᠦᠢ ᠶᠢ ᠪᠠᠲᠤᠯᠠᠨ᠂ ᠠᠬᠢᠴᠠ ᠶᠢ ᠲᠡᠮᠡᠴᠡᠨ᠂ ᠴᠢᠨᠠᠷ ᠰᠠᠶᠢᠲᠠᠢ ᠵᠢᠱᠢᠶ᠎ᠡ ᠦᠵᠡᠭᠦᠯᠬᠦ ᠴᠢᠨᠠᠷᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ︔ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠠᠶᠤᠯᠭᠦᠢ ᠪᠠᠷ ᠪᠠᠷᠢᠯᠭ᠎ᠠ ᠪᠠᠷᠢᠵᠤ᠂ ᠪᠣᠬᠢᠷᠳᠤᠯ ᠦᠭᠡᠢ ᠪᠠᠷ ᠪᠠᠷᠢᠯᠭ᠎ᠠ ᠪᠠᠷᠢᠵᠤ᠂ ᠭᠤᠣᠯᠳᠠᠯᠭ᠎ᠠ ᠲᠠᠢ ᠪᠠᠷᠢᠯᠭ᠎ᠠ ᠶᠢ ᠦᠨᠡᠨᠬᠦ ᠰᠠᠶᠢᠲᠤᠷ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ