ᠮᠠᠨ ᠤ ᠬᠤᠲᠠ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/9
ᠾᠧ ᠬᠠᠢ ᠳ᠋ᠦᠩ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 7 ᠤ ᠡᠳᠦᠷ᠂ ᠪᠦᠬᠦ ᠤᠯᠤᠰ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠲᠧᠯᠸᠢᠰ ᠤᠲᠠᠰᠤᠲᠤ ᠬᠤᠷᠠᠯ᠂ ᠪᠦᠬᠦ ᠣᠷᠣᠨ ᠤ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠲᠡᠷᠡ ᠳᠠᠷᠤᠢ ᠳᠤᠨᠢ ᠪᠦᠬᠦ ᠬᠤᠲᠠ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠲᠠᠷᠠᠭᠠᠴᠢ ᠶᠢᠨ ᠠᠯᠬᠤᠮ ᠤᠨ ᠠᠵᠢᠯ ᠳᠤ ᠲᠠᠯᠪᠢᠭᠰᠠᠨ ᠲᠣᠳᠣᠷᠬᠠᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠾᠧ ᠬᠠᠢ ᠳ᠋ᠦᠩ ᠵᠢᠭᠠᠬᠤ ᠳᠠᠭᠠᠨ᠂ ᠪᠦᠬᠦ ᠬᠤᠲᠠ ᠪᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠥᠪᠡᠷ ᠢᠶᠠᠨ ᠪᠠᠷᠢᠭᠰᠠᠨ ᠣᠷᠣᠨ ᠰᠠᠭᠤᠴᠠ ᠶᠢᠨ ᠠᠶᠤᠯᠭᠦᠢ ᠶᠢ ᠲᠤᠰᠬᠠᠢ ᠴᠡᠭᠴᠡᠯᠡᠨ ᠵᠠᠰᠠᠬᠤ ᠠᠵᠢᠯ ᠪᠣᠯ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ ᠭᠡᠳᠡᠭ ᠢ ᠭᠦᠨᠵᠡᠭᠡᠢ ᠲᠠᠨᠢᠵᠤ᠂ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠡᠨᠡ ᠬᠦ ᠠᠵᠢᠯ ᠤᠨ ᠠᠴᠢ ᠬᠤᠯᠪᠣᠭᠳᠠᠯ ᠪᠠ ᠬᠦᠨᠳᠦ ᠶᠢᠨ ᠵᠢᠩ ᠢ ᠲᠠᠨᠢᠨ ᠮᠡᠳᠡᠷᠡᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠳᠠᠭᠠᠨ ᠳᠠᠭᠠᠭᠠᠮᠠᠭᠠᠢ ᠴᠢᠷᠮᠠᠶᠢᠨ ᠠᠵᠢᠯᠯᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠥᠨᠳᠥᠷ ᠶᠠᠰᠤ ᠴᠢᠨᠠᠷ ᠢᠶᠠᠷ ᠲᠤᠰᠬᠠᠢ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠣᠷᠪᠠᠭᠤᠯᠵᠤ ᠪᠠᠶᠢᠴᠠᠭᠠᠬᠤ ᠠᠵᠢᠯ ᠢ ᠳᠠᠷᠤᠶᠢᠬᠠᠨ ᠥᠷᠨᠢᠭᠦᠯᠵᠦ᠂ ᠪᠦᠬᠦ ᠬᠤᠳᠠ ᠶᠢᠨ ᠬᠡᠪᠴᠢᠶᠡᠨ ᠳᠤ ᠨᠢᠭᠡ ᠤᠳᠠᠭ᠎ᠠ ᠶᠢᠨ ᠲᠣᠣᠷ ᠲᠠᠲᠠᠬᠤ ᠮᠠᠶ᠋ᠢᠭ ᠤᠨ᠂ ᠬᠡᠪᠢᠰ ᠳᠡᠯᠭᠡᠬᠦ ᠮᠠᠶ᠋ᠢᠭ ᠤᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠲᠦᠷᠭᠡᠨ ᠥᠷᠨᠢᠭᠦᠯᠵᠦ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠵᠣᠴᠢᠳ ᠤᠨ ᠪᠠᠭᠤᠳᠠᠯ᠂ ᠬᠤᠭᠤᠯᠠᠨ ᠭᠡᠷ᠂ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠤᠯᠠᠨ ᠢᠶᠠᠷ ᠢᠶᠠᠨ ᠲᠦᠷᠢᠶᠡᠰᠦᠯᠡᠬᠦ ᠭᠡᠷ ᠪᠠᠶᠢᠰᠢᠩ ᠤᠨ ᠡᠵᠡᠩᠨᠡᠯᠲᠡ ᠶᠢᠨ ᠲᠠᠯᠠᠪᠤᠷ ᠭᠠᠵᠠᠷ ᠪᠣᠯᠣᠨ ᠦᠢᠯᠡᠳᠪᠦᠷᠢ ᠶᠢᠨ ᠦᠢᠯᠡᠳᠪᠦᠷᠢᠯᠡᠯ ᠤᠨ ᠭᠡᠷ ᠪᠠᠶᠢᠰᠢᠩ᠂ ᠪᠠᠷᠢᠯᠭ᠎ᠠ ᠶᠢᠨ ᠭᠠᠵᠠᠷ᠂ ᠠᠵᠢᠯᠲᠠᠨ ᠠᠵᠢᠯᠴᠢᠨ ᠤ ᠪᠠᠶᠢᠷᠢ᠂ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠵᠢᠭᠡᠨ ᠦᠷᠡᠵᠢᠭᠦᠯᠬᠦ ᠲᠠᠯᠠᠪᠠᠢ ᠭᠠᠵᠠᠷ ᠵᠡᠷᠭᠡ ᠲᠦᠷ ᠴᠠᠭ ᠤᠨ ᠴᠢᠨᠠᠷᠲᠠᠢ ᠪᠠᠷᠢᠯᠭ᠎ᠠ ᠳᠤ ᠬᠡᠷᠡᠭᠯᠡᠭᠰᠡᠨ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ ᠳᠦᠷᠦ ᠶᠢᠨ ᠪᠣᠳᠣᠯᠭ᠎ᠠ ᠶᠢ ᠳᠦᠷᠦᠯ ᠬᠤᠪᠢᠶᠠᠨ ᠬᠡᠷᠡᠭᠵᠢᠭᠦᠯᠦᠨ ᠴᠡᠭᠴᠡᠯᠡᠨ ᠵᠠᠰᠠᠵᠤ᠂ ᠳᠦᠷᠦᠯ ᠬᠤᠪᠢᠶᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠶᠤᠯᠭᠦᠢ ᠶᠢᠨ ᠴᠡᠭᠴᠡᠯᠡᠨ ᠵᠠᠰᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠭᠡᠷ ᠪᠠᠶᠢᠰᠢᠩ ᠤᠨ ᠶᠡᠷᠦᠩᠬᠡᠢ ᠬᠡᠮᠵᠢᠶ᠎ᠡ ᠪᠠ ᠬᠡᠮ ᠰᠣᠭᠤᠭ ᠤᠨ ᠪᠠᠶᠢᠳᠠᠯ ᠢ ᠣᠨᠣᠪᠴᠢᠲᠠᠶ ᠡᠵᠡᠮᠰᠢᠨ᠂ ᠲᠤᠰᠬᠠᠢ ᠴᠡᠭᠴᠡᠯᠡᠨ ᠵᠠᠰᠠᠯᠲᠠ ᠶᠢᠨ ᠭᠤᠣᠯᠳᠠᠯᠭ᠎ᠠ ᠪᠣᠯᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠤᠨ ᠠᠶᠤᠯᠭᠦᠢ ᠶᠢᠨ ᠬᠡᠮ ᠰᠣᠭᠤᠭ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠂ ︽ᠨᠢᠭᠡᠳᠦᠭᠡᠷ ᠭᠠᠷ︾ ᠡᠷᠬᠡᠪᠰᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠳᠬᠤᠵᠤ᠂ ᠠᠵᠢᠯ ᠢ ᠲᠦᠷᠭᠡᠨ ᠥᠷᠨᠢᠬᠦᠯᠬᠦ ᠶᠢ ᠪᠠᠲᠤᠯᠠᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠶᠠᠪᠤᠴᠠ ᠳᠤ ᠬᠢᠨᠠᠨ ᠬᠠᠮᠢᠶᠠᠷᠴᠤ᠂ ᠪᠠᠶᠢᠩᠭᠤ ᠶᠢᠨ ᠴᠢᠨᠠᠷᠲᠤ ︽ᠪᠡᠶ᠎ᠡ ᠶᠢᠨ ᠪᠠᠶᠢᠴᠠᠭᠠᠯᠲᠠ︾ ᠬᠢᠵᠦ᠂ ᠬᠠᠤᠯᠢ ᠶᠢᠨ ᠪᠠᠲᠤᠯᠠᠭ᠎ᠠ ᠬᠠᠩᠭᠠᠨ᠂ ᠬᠢᠨᠠᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠠᠷᠭ᠎ᠠ ᠮᠠᠶ᠋ᠢᠭ ᠪᠠ ᠠᠷᠭ᠎ᠠ ᠬᠡᠮᠵᠢᠶ᠎ᠡ ᠶᠢ ᠡᠷᠬᠢᠮᠯᠡᠵᠦ᠂ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠨ᠂ ᠬᠢᠯᠪᠠᠷᠴᠢᠯᠠᠬᠤ ᠦᠭᠡᠢ᠂ ︽ᠨᠢᠭᠡ ᠯᠡ ᠠᠳᠠᠯᠢ ᠪᠠᠷ ᠱᠠᠭᠠᠷᠳᠠᠬᠤ︾ ᠦᠭᠡᠢ ᠪᠠᠶᠢᠵᠤ᠂ ᠮᠠᠨ ᠤ ᠬᠤᠲᠠ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠬᠤᠷᠠᠯ ᠢ ᠡᠷᠬᠢᠯᠡᠵᠦ᠂ ᠬᠤᠲᠠ ᠶᠢᠨ ᠤᠳᠤᠷᠢᠳᠤᠯᠭ᠎ᠠ ᠸᠠᠩ ᠬᠤᠸ ᠯᠧᠢ᠂ ᠰᠢᠶᠣᠣ ᠹᠠᠩ᠂ ᠸᠠᠩ ᠶᠠᠨ ᠵᠢᠶᠦ᠋ᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ