︽ᠬᠥᠬᠡᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠥᠯᠦᠪᠵᠢᠭᠦᠯᠭᠡ ︵2021 ︱ 2030︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/9
      ᠨᠢᠭᠡ᠂ ︽ᠬᠥᠬᠡᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠥᠯᠦᠪᠵᠢᠭᠦᠯᠭᠡ ︵2021 ︱ 2030︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠠᠬᠤᠢ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ      2019 ᠣᠨ ᠤ 3  ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ  ᠣᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      2019 ᠣᠨ ᠤ 4 ᠳ᠋ᠤᠭᠡᠷ ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠲᠤᠬᠠᠢ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ᠃ ᠪᠦᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠣᠳᠣᠷᠬᠠᠢ ᠬᠠᠷᠠᠯᠲᠠ ᠪᠠ ᠪᠣᠳᠠᠲᠠᠢ ᠱᠠᠭᠠᠷᠳᠠᠯᠭ᠎ᠠ ᠳᠤᠷᠠᠳᠴᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠲᠠ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠤᠨ ᠲᠥᠪ ᠬᠤᠲᠠ᠂ ᠬᠠᠲᠤᠨ ᠭᠤᠣᠯ ᠤᠨ ᠰᠠᠪᠠ ᠭᠠᠵᠠᠷ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠬᠦ ᠂ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ  ᠰᠦᠪᠡᠭᠴᠢᠯᠡᠬᠦ ᠳᠤ᠂ ᠬᠥᠬᠡᠬᠤᠲᠠ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ᠂ ᠤᠷᠢᠳᠠᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠵᠦ᠂ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢᠨ ᠭᠠᠪᠰᠢᠭᠠᠢ ᠬᠤᠰᠢᠭᠤᠴᠢ ᠪᠣᠯᠬᠤ ᠪᠠᠷ ᠴᠢᠷᠮᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠪᠠᠷ ᠴᠢᠷᠮᠠᠶᠢᠬᠤ ᠶᠣᠰᠤᠲᠠᠢ᠃      ︽ᠲᠥᠯᠦᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠬᠡᠷᠡᠭᠵᠢᠬᠦᠯᠬᠦ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ︽ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠡ︾ ᠭᠡᠬᠦ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠦ ᠲᠥᠯᠥᠪᠯᠡᠭᠡ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠮᠠᠨ ᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠤᠰᠢᠭᠤᠴᠢ ᠣᠷᠣᠨ ᠪᠣᠯᠭᠠᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃      ᠬᠤᠶᠠᠷ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ      ︽ᠲᠥᠯᠦᠪᠵᠢᠭᠦᠯᠭᠡ︾ ᠨᠢ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠬᠤᠢ ᠪᠠᠶᠢᠳᠠᠯ︾᠂ ︽ᠲᠥᠯᠦᠪᠵᠢᠭᠦᠯᠭᠡ ᠶᠢᠨ ᠶᠡᠷᠦᠩᠬᠡᠢ ᠳᠦᠷᠢᠮ︾᠂ ︽ᠵᠢᠷᠭᠤᠭᠠᠨ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ︵ᠭᠤᠷᠪᠠᠳᠤᠭᠠᠷ ᠪᠦᠯᠦᠭ ᠠᠴᠠ ᠨᠠᠢᠮᠠᠳᠤᠭᠠᠷ ᠪᠦᠯᠦᠭ ᠬᠦᠷᠲᠡᠯ᠎ᠡ︶︾᠂ ︽ᠭᠤᠣᠯᠳᠠᠯᠭ᠎ᠠ ᠲᠠᠢ ᠢᠨᠵᠧᠨᠧᠷᠢᠩ ᠵᠢᠴᠢ ᠦᠷ᠎ᠡ ᠠᠰᠢᠭ ᠤᠨ ᠵᠠᠳᠠᠯᠤᠯᠲᠠ︾᠂ ︽ᠳᠡᠮᠵᠢᠯᠭᠡ ᠪᠠᠲᠤᠯᠠᠭ᠎ᠠ ᠶᠢᠨ ᠰᠢᠰᠲ᠋ᠧᠮᠵᠢ︾ ᠵᠡᠷᠭᠡ ᠠᠷᠪᠠᠨ ᠪᠦᠯᠦᠭ ᠨᠡᠶᠢᠲᠡ 51 ᠬᠡᠰᠡᠭ ᠢᠶᠠᠷ ᠪᠦᠷᠢᠯᠳᠦᠵᠡᠢ᠃      ᠨᠢᠭᠡᠳᠦᠭᠡᠷ ᠪᠦᠯᠦᠭ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠬᠤᠢ ᠪᠠᠶᠢᠳᠠᠯ ᠳᠤ᠂ ᠣᠳᠣᠬᠠᠨ ᠤ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠡᠬᠢ ᠪᠠᠶᠠᠯᠢᠭ ᠡᠨᠧᠷᠭᠢ ᠶᠢᠨ ᠦᠷ᠎ᠡ ᠠᠰᠢᠭ ᠤᠨ ᠳᠡᠭᠡᠭᠰᠢᠯᠡᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠠᠮᠢ ᠠᠬᠤᠢ ᠶᠢᠨ ᠳᠦᠷᠢᠮ ᠤᠨ ᠲᠡᠭᠦᠯᠳᠡᠷᠵᠢᠯᠲᠡ ᠵᠡᠷᠭᠡ ᠲᠠᠯ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠭᠤᠷᠢ ᠪᠠᠶᠢᠳᠠᠯ ᠢ ᠭᠦᠨᠵᠡᠭᠡᠢ ᠳ᠋ᠦᠩᠨᠡᠵᠦ᠂ ᠮᠠᠨ ᠤ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠠᠪᠠᠭᠤᠯᠢᠭ ᠪᠠ ᠣᠷᠣᠰᠢᠵᠤ ᠪᠠᠶᠢᠭ᠎ᠠ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠪᠠ᠃      ᠬᠤᠶᠠᠳᠤᠭᠠᠷ ᠪᠦᠯᠦᠭ ᠨᠢ ᠲᠥᠯᠦᠪᠵᠢᠭᠦᠯᠭᠡ ᠶᠢᠨ ᠶᠡᠷᠦᠩᠬᠡᠢ ᠳᠦᠷᠢᠮ᠂ ᠮᠠᠨ ᠤ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ᠂ ᠲᠥᠯᠦᠪᠵᠢᠭᠦᠯᠭᠡ ᠶᠢᠨ ᠴᠠᠭ ᠬᠤᠭᠤᠴᠠᠭ᠎ᠠ᠂ ᠭᠤᠣᠯ ᠬᠠᠷᠠᠯᠲᠠ ᠵᠢᠴᠢ 34 ᠵᠦᠢᠯ ᠤᠨ ᠡᠭᠦᠳᠦᠨ ᠪᠠᠶᠢᠭᠤᠯᠬᠤ ᠭᠦᠢᠴᠡᠳᠬᠡᠯ ᠲᠤᠭ᠎ᠠ ᠶᠢᠨ ᠣᠳᠣᠬᠢ ᠪᠠᠶᠢᠳᠠᠯ᠂ ᠲᠥᠯᠦᠪᠵᠢᠭᠦᠯᠭᠡ ᠶᠢᠨ ᠦᠷᠲᠡᠭ ᠤᠨ ᠲᠣᠬᠢᠷᠠᠭᠤᠯᠤᠯᠲᠠ ᠪᠠ  ᠭᠦᠢᠴᠡᠳᠬᠡᠵᠦ ᠪᠣᠯᠬᠤᠶᠢᠴᠠ ᠴᠢᠨᠠᠷ ᠤᠨ ᠵᠠᠳᠠᠯᠤᠯᠲᠠ ᠶᠢ ᠲᠣᠳᠣᠷᠬᠠᠶᠢᠯᠠᠨ ᠥᠭᠦᠯᠡᠪᠡ᠃      ᠭᠤᠷᠪᠠᠳᠤᠭᠠᠷ ᠪᠦᠯᠦᠭ ᠠᠴᠠ ᠨᠠᠢᠮᠠᠳᠤᠭᠠᠷ ᠪᠦᠯᠦᠭ ᠬᠦᠷᠲᠡᠯᠡᠬᠢ ᠨᠢ ᠵᠢᠷᠭᠤᠭᠠᠨ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠭᠦᠷᠭᠡ ᠪᠣᠯᠣᠨ᠎ᠠ᠄ ᠭᠤᠷᠪᠠᠳᠤᠭᠠᠷ ᠪᠦᠯᠦᠭ ᠨᠢ ᠲᠦᠷᠪᠡᠨ ᠨᠢᠷᠤᠭᠤ ᠨᠠᠢᠮᠠᠨ ᠲᠤᠯᠭᠠᠭᠤᠷᠢ ᠶᠢ ᠪᠠᠬᠢᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ  ᠳᠡᠭᠦᠯᠳᠡᠷᠵᠢᠬᠦᠯᠦᠨ᠎ᠡ᠂ ᠡᠭᠦᠨ ᠳᠤ ᠭᠤᠣᠯᠳᠠᠭᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠠᠮᠢ ᠠᠬᠤᠢ ᠣᠷᠴᠢᠨ ᠠᠬᠤᠢ ᠶᠢ ᠬᠠᠮᠠᠭᠠᠯᠠᠬᠤ ᠬᠠᠷᠢᠭᠤᠴᠠᠯᠭ᠎ᠠ᠂ ᠤᠳᠤ ᠦᠶ᠎ᠡ ᠶᠢᠨ ᠣᠷᠴᠢᠨ ᠲᠣᠭᠤᠷᠢᠨ‌‍ᠲ᠋ᠣᠭᠤᠷᠢᠨ ᠤ ᠵᠠᠰᠠᠯᠲᠠ᠂ ᠠᠵᠤ ᠦᠢᠯᠡᠰ ᠤᠨ  ᠰᠢᠰᠲ᠋ᠧᠮᠵᠢ ᠶᠢᠨ ᠪᠠᠶᠢᠭᠤᠯᠤᠯᠲᠠ ᠪᠠ ᠣᠷᠣᠨ ᠪᠦᠰᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠳᠦᠷᠢᠮ ᠢ ᠲᠡᠭᠦᠯᠳᠡᠷᠵᠢᠬᠦᠯᠦᠨ᠎ᠡ︔ ᠳᠥᠷᠪᠡᠳᠦᠭᠡᠷ ᠪᠦᠯᠦᠭ ᠨᠢ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠨᠡᠭᠦᠷᠡᠰᠦᠲᠥ᠋ᠷᠥᠭᠴᠢ  ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠵᠤ᠂ ᠬᠥᠬᠡᠮᠳᠦᠭ ᠤᠰᠤ᠂ ᠴᠡᠯᠮᠡᠭ ᠣᠭᠲᠠᠷᠭᠤᠢ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠡᠷᠴᠢᠮ ᠢ ᠳᠡᠭᠡᠭᠰᠢᠯᠡᠭᠦᠯᠵᠦ᠂ ᠦᠢᠯᠡᠳᠪᠦᠷᠢᠯᠡᠯ ᠠᠮᠢ ᠠᠬᠤᠢ ᠠᠮᠢᠳᠤᠷᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠣᠷᠴᠢᠨ ᠲᠣᠭᠤᠷᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠲᠠᠪᠤᠳᠤᠭᠠᠷ ᠪᠦᠯᠦᠭ ᠨᠢ ᠠᠮᠢ ᠠᠬᠤᠢ ᠶᠢᠨ ᠣᠷᠣᠨ ᠵᠠᠢ ᠶᠢ ᠰᠠᠶᠢᠲᠤᠷ ᠰᠠᠬᠢᠨ ᠬᠠᠮᠠᠭᠠᠯᠠᠵᠤ᠂ ᠬᠠᠲᠤᠨ ᠭᠤᠣᠯ ᠤᠨ几 ᠦᠰᠦᠭ ᠤᠨ ᠪᠤᠯᠤᠩ ᠤᠨ ᠠᠮᠢ ᠠᠬᠤᠢ ᠶᠢᠨ ᠬᠠᠯᠬᠠᠪᠴᠢ ᠶᠢ ᠪᠠᠶᠢᠭᠤᠯᠵᠤ᠂ ᠠᠮᠢ ᠠᠬᠤᠢ ᠶᠢᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠨ᠎ᠠ︔ ᠵᠢᠷᠭᠤᠳᠤᠭᠠᠷ ᠪᠦᠯᠦᠭ ᠨᠢ ᠠᠵᠤ ᠦᠢᠯᠡᠰ ᠤᠨ ᠠᠮᠢ ᠠᠬᠤᠶᠢᠵᠢᠯᠲᠠ ᠪᠠ ᠠᠮᠢ ᠠᠬᠤᠢ ᠶᠢᠨ ᠠᠵᠤ ᠦᠶᠢᠯᠡᠰᠵᠢᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠂ ᠲᠠᠷᠢᠶᠠᠯᠠᠩ ᠣᠶ ᠰᠢᠭᠤᠢ ᠡᠪᠡᠰᠦ ᠪᠡᠯᠴᠢᠭᠡᠷ ᠤᠨ ᠦᠢᠯᠡᠰ ᠤᠨ ᠣᠳᠣᠬᠢᠴᠢᠯᠠᠯᠲᠠ ᠶᠢ ᠲᠦᠷᠭᠡᠳᠬᠡᠵᠦ᠂ ᠰᠢᠨ᠎ᠡ ᠠᠵᠤ ᠠᠬᠤᠢ ᠶᠢ ᠪᠣᠶᠢᠵᠢᠭᠤᠯᠤᠨ᠂  ᠳᠡᠭᠡᠳᠦ ᠲᠠᠰ ᠤᠨ ᠠᠵᠤ ᠦᠢᠯᠡᠰ ᠤᠨ ᠲᠠᠪᠴᠠᠩ ᠢ  ᠪᠣᠶᠢᠵᠢᠭᠤᠯᠤᠨ᠎ᠠ︔ ᠳᠣᠯᠣᠳᠤᠭᠠᠷ ᠪᠦᠯᠦᠭ ᠨᠢ ᠠᠮᠢ ᠠᠬᠤᠢ ᠶᠢᠨ ᠠᠮᠢᠳᠤᠷᠠᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠶᠢ ᠪᠦᠬᠦ ᠲᠠᠯ᠎ᠠ ᠪᠠᠷ ᠬᠦᠭᠵᠢᠬᠦᠯᠵᠦ᠂ ᠲᠠᠪᠤᠨ ᠬᠤᠳᠠ ᠶᠢ ᠬᠠᠮᠳᠤᠪᠡᠷ ᠡᠭᠦᠳᠴᠦ᠂ ᠰᠠᠶᠢᠨ ᠰᠠᠶᠢᠬᠠᠨ ᠢ ᠬᠠᠮᠳᠤᠪᠡᠷ ᠡᠭᠦᠳᠴᠦ᠂ ᠤᠰᠤ ᠨᠢ ᠲᠤᠩᠭᠠᠯᠠᠭ ᠡᠷᠭᠢ ᠨᠢ ᠨᠣᠭᠤᠭᠠᠨ ᠪᠣᠯᠵᠤ᠂  ᠴᠡᠪᠡᠷ ᠢᠯᠴᠢ ᠬᠠᠩᠭᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠬᠤᠭ ᠨᠣᠪᠰᠢ ᠶᠢ ᠲᠦᠷᠦᠯ ᠬᠤᠪᠢᠶᠠᠵᠤ᠂ ᠬᠤᠳᠠ ᠶᠢ ᠣᠶᠤᠨᠴᠢ ᠪᠠᠷ ᠬᠠᠮᠢᠶᠠᠷᠤᠨ᠎ᠠ︔ ᠨᠠᠢᠮᠠᠳᠤᠭᠠᠷ ᠪᠦᠯᠦᠭ ᠨᠢ ᠰᠣᠶᠣᠯ ᠵᠢᠭᠤᠯᠴᠢᠯᠠᠯ ᠢ ᠠᠭᠤᠰᠤᠯᠴᠠᠭᠤᠯᠵᠤ᠂ ᠠᠮᠢ ᠠᠬᠤᠢ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠪᠦᠬᠦ ᠠᠷᠠᠳ ᠤᠨ ᠠᠵᠢᠯᠯᠠᠭ᠎ᠠ ᠪᠠ ᠬᠥᠮᠦᠵᠢᠯ ᠢ ᠥᠷᠨᠢᠭᠦᠯᠵᠦ᠂ ᠪᠣᠬᠢᠷᠳᠤᠯ ᠦᠭᠡᠢ ᠬᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠪᠠᠷ ᠠᠮᠢ ᠠᠬᠤᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠵᠤ᠂ ᠴᠢᠳᠠᠪᠤᠷᠢᠲᠠᠨ ᠢ ᠤᠷᠢᠳᠠᠪᠡᠷ ᠪᠣᠳᠤᠯᠬᠢᠯᠠᠵᠤ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠰᠢᠨ᠎ᠡ ᠬᠦᠴᠦᠨ ᠢ ᠪᠤᠵᠠᠭᠠᠶᠢᠷᠠᠭᠤᠯᠤᠨ᠎ᠠ᠃       ᠶᠢᠰᠦᠳᠦᠭᠡᠷ ᠪᠦᠯᠦᠭ ᠨᠢ ᠭᠤᠣᠯᠳᠠᠯᠭ᠎ᠠ ᠲᠠᠢ ᠢᠨᠵᠧᠨᠧᠷᠢᠩ ᠵᠢᠴᠢ ᠦᠷ᠎ᠡ ᠠᠰᠢᠭ ᠤᠨ ᠵᠠᠳᠠᠯᠤᠯᠲᠠ᠂ ᠠᠮᠢ ᠠᠬᠤᠢ ᠶᠢᠨ ᠳᠦᠷᠢᠮ᠂ ᠠᠮᠢ ᠠᠬᠤᠢ ᠶᠢᠨ ᠣᠷᠣᠨ ᠵᠠᠢ᠂ ᠠᠮᠢ ᠠᠬᠤᠢ ᠶᠢᠨ ᠠᠵᠤ ᠠᠬᠤᠢ᠂ ᠠᠮᠢ ᠠᠬᠤᠢ ᠶᠢᠨ ᠣᠷᠴᠢᠨ ᠨᠥᠬᠦᠴᠡᠯ᠂ ᠠᠮᠢ ᠠᠬᠤᠢ ᠶᠢᠨ ᠠᠮᠢᠳᠤᠷᠠᠯ᠂ ᠠᠮᠢ ᠠᠬᠤᠢ ᠶᠢᠨ ᠰᠣᠶᠣᠯ ᠵᠡᠷᠭᠡ 6 ᠶᠡᠭᠡ ᠰᠢᠰᠲ᠋ᠧᠮᠵᠢ ᠠᠴᠠ ᠲᠦᠯᠦᠪᠯᠡᠵᠦ ᠬᠡᠷᠡᠭᠵᠢᠬᠦᠯᠬᠦ 83 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠳᠤᠷᠠᠳᠴᠤ᠂ ᠠᠵᠤ ᠠᠬᠤᠢ ᠨᠡᠶᠢᠭᠡᠮ ᠠᠮᠢ ᠠᠬᠤᠢ ᠵᠡᠷᠭᠡ ᠭᠤᠷᠪᠠᠨ ᠲᠠᠯ᠎ᠠ ᠶᠢᠨ ᠦᠷ᠎ᠡ ᠠᠰᠢᠭ ᠠᠴᠠ ᠵᠠᠳᠠᠯᠤᠯᠲᠠ ᠬᠢᠪᠡ᠃       ᠠᠷᠪᠠᠳᠤᠭᠠᠷ ᠪᠦᠯᠦᠭ ᠨᠢ ᠲᠤᠯᠭᠠᠭᠤᠷᠢᠯᠠᠯ ᠪᠠᠲᠤᠯᠠᠭ᠎ᠠ ᠶᠢᠨ ᠰᠢᠰᠲ᠋ᠧᠮᠵᠢ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ᠂ ᠳᠦᠷᠢᠮ ᠤᠨ ᠪᠠᠶᠢᠭᠤᠯᠤᠯᠲᠠ ᠶᠢᠨ ᠲᠠᠯ᠎ᠠ ᠠᠴᠠ ︽ᠲᠥᠯᠦᠪᠵᠢᠭᠦᠯᠭᠡ︾ ᠶᠢ ᠬᠡᠷᠡᠭᠵᠢᠭᠦᠯᠬᠦ ᠪᠣᠳᠠᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ  ᠭᠠᠷᠭᠠᠪᠠ᠃                       ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ            ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠯᠢ ᠮᠧᠩ ᠵᠢᠶᠣᠣ᠂ ᠬᠠᠷᠢᠯᠴᠠᠬᠤ ᠤᠲᠠᠰᠤ᠄ 0471-4606322                           ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ