︱ 2022 ᠣᠨ ᠤ 2 ᠳ᠋ᠤᠭᠠᠷ ᠰᠠᠷ᠎ᠠ ᠶᠢᠨ 10 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ | ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2021 ᠣᠨ ᠵᠢᠴᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | 2021 ᠣᠨ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 3121.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 9.5% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12.3% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 1104.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 228.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.4% ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 53026 ᠲᠥᠭᠦᠷᠢᠭ ᠪᠠ 22435 ᠲᠥᠭᠦᠷᠢᠭ ᠲᠤ ᠬᠦᠷᠴᠦ | ᠂ ᠲᠣᠰ ᠲᠣᠰ 6.5% ᠪᠠ 9.5% ᠨᠡᠮᠡᠭᠳᠡᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠴᠥᠮ ᠵᠢᠯ ᠤᠨ ᠡᠬᠢᠨ ᠤ ᠬᠠᠷᠠᠯᠲᠠ ᠶᠢ ᠳᠠᠪᠠᠭᠤᠯᠤᠨ | ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠪᠣᠳᠠᠲᠤ ᠬᠦᠴᠦᠨ ᠯᠠᠪᠳᠠᠭᠤᠨ ᠢᠶᠠᠷ ᠳᠠᠪᠰᠢᠪᠠ᠃ ᠠᠮᠤ ᠪᠤᠳᠠᠭᠠᠨ ᠤ ᠶᠡᠷᠦᠩᠬᠡᠢ ᠤᠨᠠᠯᠲᠠ 35.4 ᠳ᠋ᠦᠩᠰᠢᠭᠤᠷ | ᠵᠢᠩ ᠳᠤ ᠬᠦᠷᠴᠦ᠂ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ︔ ᠮᠠᠯ ᠤᠨ ᠲᠤᠭ᠎ᠠ ᠲᠣᠯᠣᠭᠠᠢ ᠨᠡᠶᠢᠲᠡ 328.5 ᠲᠦᠮᠡ ᠳᠤ ᠬᠦᠷᠴᠦ᠂ | 4% ᠨᠡᠮᠡᠭᠳᠡᠪᠡ︔ 51.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ︔ ︽ᠬᠤᠶᠠᠷ | ᠪᠦᠲᠦᠭᠡᠭᠳᠡᠬᠦᠨ ᠨᠢᠭᠡ ᠢᠯᠡᠷᠬᠡᠶᠢᠯᠡᠯ︾ ᠤᠨ ᠪᠦᠲᠦᠭᠡᠭᠳᠡᠬᠦᠨ 23 ᠰᠢᠨ᠎ᠡ ᠪᠠᠷ ᠨᠡᠮᠡᠭᠳᠡᠵᠦ᠂ 17 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠭᠠᠷᠴᠠᠭ︾ ᠲᠤ ᠣᠷᠣᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠨᠢ ︽ | ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠢ ᠲᠦᠷᠦᠯ ᠲᠡᠮᠳᠡᠭᠲᠦ︾ ᠶᠢᠨ ᠢᠷᠠᠭᠤ | ᠠᠯᠳᠠᠷ ᠢ ᠭᠥᠷᠳᠡᠪᠡ᠃ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ | ᠬᠡᠷᠡᠭᠵᠢᠭᠦᠯᠵᠦ᠂ ︽ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ︽ᠠᠵᠤ ᠦᠢᠯᠡᠳᠪᠦᠷᠢ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ ᠶᠢ ᠲᠣᠭᠲᠠᠭᠠᠨ ᠨᠡᠶᠢᠲᠡᠯᠡᠪᠡ︔ ᠢᠯᠢ ᠶᠢᠨ | ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠧᠩ ᠨᠢᠦ ᠶᠢᠨ ᠰᠦ ᠶᠢᠨ ᠦᠢᠯᠡᠰ ᠤᠨ | ᠠᠵᠤ ᠦᠢᠯᠡᠰ ᠤᠨ ᠬᠦᠷᠢᠶᠡᠯᠡᠩ ᠤᠨ ᠲᠦᠭᠦᠬᠡᠢ ᠰᠦ ᠶᠢᠨ ᠦᠢᠯᠡᠳᠪᠦᠷᠢ᠂ ᠵᠧᠩ ᠳ᠋ᠡ ᠪᠦᠯᠦᠭᠯᠡᠯ ᠤᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ | ᠵᠦᠢᠯ ᠲᠤᠰ ᠵᠢᠯ ᠳᠡᠭᠡᠨ ᠠᠵᠢᠯ ᠢᠶᠠᠨ ᠡᠬᠢᠯᠡᠭᠦᠯᠵᠦ᠂ ᠲᠤᠰ ᠵᠢᠯ ᠳᠡᠭᠡᠨ ᠠᠰᠢᠭᠯᠠᠯᠲᠠ ᠳᠤ ᠣᠷᠣᠪᠠ︔ ᠵᠥᠩ ᠬᠤᠸᠠᠨ ᠤ ᠲᠠᠪᠤᠳᠤᠭᠠᠷ ᠬᠤᠭᠤᠴᠠᠭ᠎ᠠ᠂ | ᠬᠤᠸᠠ ᠶᠣᠣ ᠬᠡᠷᠡᠯ ᠴᠠᠬᠢᠯᠭᠠᠨ ᠤ ᠨᠢᠭᠡᠳᠦᠭᠡᠷ ᠬᠤᠭᠤᠴᠠᠭ᠎ᠠ᠂ ᠳ᠋ᠦᠩ ᠹᠠᠩ ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠲᠡᠰ ᠠᠴᠠ ᠳᠠᠪᠠᠭᠰᠠᠨ | ᠺᠤᠮᠫᠢᠥ᠋ᠲ᠋ᠧᠷ ᠤᠨ ᠨᠢᠭᠡᠳᠦᠭᠡᠷ ᠬᠤᠭᠤᠴᠠᠭ᠎ᠠ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠳ᠋ᠠ ᠲᠠᠩ ᠤᠨ ᠵᠠᠭᠤᠨ | ᠲᠦᠮᠡᠨ ᠤ ᠳᠡᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠥᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ︔ ᠰᠢᠦᠢ ᠶᠠᠩ ᠵᠥᠩ ᠷᠠᠨ ᠤ 300 ᠲᠦᠮᠡᠨ ᠲᠣᠨ | ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠪᠠ︔ ᠵᠢᠦ | ᠲᠠᠢ ᠶᠢᠨ100 ᠲᠦᠮᠡᠨ ᠲᠣᠨ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠲᠤᠷᠰᠢᠨ ᠲᠣᠬᠢᠷᠠᠭᠤᠯᠬᠤ ᠱᠠᠲᠤᠨ ᠳᠤ ᠣᠷᠣᠪᠠ︔ ᠬᠥᠬᠡᠬᠤᠲᠠ ᠶᠢᠨ | ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠣᠯᠲᠠ ᠶᠢᠨ ᠴᠡᠭ ᠢ ᠵᠢᠩᠬᠢᠨᠢ ᠪᠠᠷ ᠨᠠᠪᠲᠠᠷᠡᠭᠦᠯᠵᠦ᠂ ᠤᠯᠤᠰ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠶᠡᠷᠦᠩᠬᠡᠶᠢᠯᠡᠭᠰᠡᠨ ᠬᠡᠯᠪᠡᠷᠢ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ | ᠴᠡᠭ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ | ᠤᠯᠤᠰ ᠤᠨ ᠵᠠᠩᠭᠢᠯᠠᠭ᠎ᠠ ᠶᠢᠨ ᠴᠡᠭ ᠢᠶᠠᠷ ᠵᠥᠪᠰᠢᠶᠡᠷᠡᠭᠳᠡᠵᠦ᠂ ᠪᠦᠬᠦ ᠤᠯᠤᠰ ᠤᠨ ᠠᠩᠬᠠᠨ ᠤ ᠪᠦᠯᠦᠭ ︽ᠮᠢᠩᠭᠠᠨ ᠮᠧᠭ᠎ᠠ ᠶᠢᠨ ᠬᠤᠳᠠ︾ ᠪᠠᠷ | ᠠᠮᠵᠢᠯᠲᠠ ᠲᠠᠢ ᠰᠣᠩᠭᠤᠭᠳᠠᠪᠠ᠃ ᠤᠮᠠᠷᠠᠲᠤ ᠬᠡᠰᠡᠭ ᠤᠨ ᠴᠡᠯᠡᠭᠡᠷ ᠲᠠᠯ᠎ᠠ᠂ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ ᠦᠵᠡᠮᠵᠢ ᠶᠢᠨ ᠰᠣᠶᠣᠯ | ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠵᠤ᠂ ᠬᠤᠸᠠ ᠢ ᠰᠢᠶᠦ᠋ᠩ ᠳ᠋ᠢ ᠴᠡᠯᠡᠭᠡᠷ ᠲᠠᠯ᠎ᠠ ᠶᠢᠨ ᠣᠳᠣᠨ | ᠵᠦᠴᠦᠭᠡ ᠶᠢᠨ ᠲᠢᠶᠠᠲᠷ᠂ ᠮᠣᠷᠢᠨ ᠬᠤᠭᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠴᠡᠯᠡᠭᠡᠷ ᠲᠠᠯ᠎ᠠ ᠶᠢᠨ ᠬᠠᠭᠤᠷᠠᠢ ᠭᠠᠵᠠᠷ ᠤᠨ | ᠵᠢᠭᠤᠯᠴᠢᠯᠠᠯ ᠤᠨ ᠭᠡᠷ ᠲᠡᠷᠭᠡ ᠶᠢᠨ ᠪᠠᠭᠤᠴᠠ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠪᠠ︔ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠠᠩᠬᠠᠨ ᠤ ᠲᠥᠯᠥᠪ ᠲᠠᠢ ᠪᠣᠯᠵᠤ᠂ ᠮᠠ ᠽᠥᠩ ᠱᠠᠨ | ᠠᠭᠤᠯᠠ ᠶᠢᠨ ᠴᠠᠨᠠᠯᠠᠯᠲᠠ ᠶᠢᠨ ᠲᠠᠯᠠᠪᠠᠢ ᠡᠬᠢᠯᠡᠨ ᠠᠵᠢᠯᠯᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠰᠢᠨ᠎ᠡ ᠬᠠᠯᠠᠭᠤᠨ ᠥᠷᠨᠢᠯᠲᠡ | ᠭᠠᠷᠪᠠ︔ ᠤᠰᠤᠨ ᠤ ᠡᠷᠭᠢ ᠶᠢᠨ ᠰᠡᠯᠡᠭᠦᠴᠡᠯ ᠤᠨ ᠵᠡᠭᠡᠯᠢ᠂ ᠸᠠᠩ ᠹᠦ᠋ ᠵᠢᠩ ᠤᠤᠯᠠᠢ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ ᠤ ᠣᠳᠣᠨ ᠵᠡᠭᠡᠯᠢ | ᠵᠡᠷᠭᠡ ᠨᠢ ᠥᠷᠭᠡᠨ ᠤᠯᠠᠨ ᠲᠦᠮᠡᠨ ᠤ ᠰᠡᠯᠡᠭᠦᠴᠡᠯ ᠤᠨ ᠬᠡᠷᠡᠭᠯᠡᠭᠡᠨ ᠤ ᠰᠢᠨ᠎ᠡ ᠵᠤᠭᠠᠴᠠᠬᠤ ᠭᠠᠵᠠᠷ ᠪᠣᠯᠪᠠ︔ ᠪᠣᠭᠤᠮᠲᠠ ᠶᠢᠨ ᠬᠠᠭᠤᠴᠢᠨ ᠵᠡᠭᠡᠯᠢ ᠶᠢᠨ ᠲᠡᠦᠬᠡ | ᠰᠣᠶᠣᠯ ᠤᠨ ᠵᠡᠭᠡᠯᠢ ᠲᠣᠭᠤᠷᠢᠭ ᠨᠢ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ | ᠲᠣᠭᠤᠷᠢᠭ᠂ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠰᠣᠩᠭᠤᠭᠳᠠᠪᠠ︔ ᠢᠯᠢ ᠶᠢᠨ ᠰᠦ ᠶᠢᠨ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠨᠢ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠪᠣᠯᠪᠠᠰᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ︔ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ | ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ︔ ᠶᠦᠨ ᠳ᠋ᠡ᠂ ᠵᠥᠩ ᠲᠦᠩ᠂ ᠶᠤᠸᠠᠨ ᠲᠦᠩ᠂ ᠵᠢᠦ ᠵᠧᠦ ᠲᠦᠩ ᠵᠡᠷᠭᠡ | ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠩᠬᠠᠳᠠᠭᠴᠢ ︽ᠴᠢᠩ ᠴᠧᠩ ᠨᠡᠷᠡᠮᠵᠢᠲᠦ︾ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠨ ᠠᠵᠢᠯᠯᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠬᠤᠲᠠ ᠪᠠᠷ ᠵᠥᠪᠰᠢᠶᠡᠷᠡᠭᠳᠡᠪᠡ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠰ ᠳᠠᠪᠰᠢᠵᠤ ᠳᠡᠭᠡᠭᠰᠢᠯᠡᠪᠡ᠃ ᠪᠦᠬᠦ ᠨᠡᠶᠢᠭᠡᠮ ᠤᠨ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ 50 ᠳ᠋ᠦᠩᠰᠢᠭᠤᠷ ᠰᠢᠬᠠᠮ ᠲᠥᠭᠦᠷᠢᠭ ᠲᠤ ᠬᠦᠷᠪᠡ᠃ 2 ᠲᠥᠷᠥᠯ ᠵᠦᠢᠯ ᠳᠤ ︽ᠵᠠᠷᠯᠠᠯ | ᠭᠥᠯᠢᠶᠡᠨ ᠬᠤᠰᠢᠭᠤᠷᠠᠨ ᠠᠵᠢᠯᠯᠠᠵᠤ︾᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠵᠦᠢᠯ ᠢ 22 ᠬᠡᠷᠡᠭᠵᠢᠭᠦᠯᠪᠡ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠲᠤ ᠡᠵᠡᠯᠡᠬᠦ | ᠬᠤᠪᠢ ᠶᠢᠨ ᠵᠢᠩ ᠨᠢ ᠲᠦᠷᠦᠭᠦᠦ ᠵᠢᠯ 18. 9% ᠪᠠᠶᠢᠭᠰᠠᠨ ᠠᠴᠠ ᠪᠠᠨ 28.1% ᠬᠦᠷᠪᠡ᠃ ᠴᠢᠨᠠᠷ ᠰᠠᠶᠢᠲᠠᠢ ᠴᠠᠷᠭᠠᠰᠤ ᠶᠢᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢᠨ 6 ᠵᠦᠢᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠳᠠᠩᠰᠠᠯᠠᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠰᠢᠨᠵᠢᠯᠡᠬᠦ ᠤᠬᠠᠭᠠᠨ ᠮᠡᠷᠭᠡᠵᠢᠯ ᠤᠨ | ᠶᠠᠮᠤᠨ ᠤ ᠴᠣᠬᠤᠯᠠᠪᠤᠷᠢ ᠶᠢ ᠣᠯᠪᠠ᠃ ᠠᠺᠠᠳᠧᠮᠢᠴᠢ ᠶᠢᠨ ᠠᠵᠢᠯ ᠤᠨ ᠦᠷᠳᠡᠭᠡ 1᠂ ᠰᠤᠳᠤᠯᠤᠨ ᠨᠡᠭᠡᠭᠡᠬᠦ ᠪᠠᠶᠢᠭᠤᠯᠤᠮᠵᠢ 53᠂ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 27 ᠶᠢ ᠰᠢᠨ᠎ᠡ ᠪᠠᠷ ᠨᠡᠮᠡᠪᠡ︔ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ | ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ᠂ ᠤᠯᠤᠰ ᠤᠨ ᠡᠭᠦᠳᠦᠯᠲᠡ ᠶᠢᠨ ᠨᠡᠶᠢᠭᠡᠮᠯᠢᠭ ᠤᠨ ᠠᠯᠳᠠᠨ ᠱᠠᠩᠨᠠᠯ ᠢ | ᠲᠤᠰ ᠪᠦᠷᠢ 1 ᠬᠦᠷᠲᠡᠪᠡ᠃ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠥᠬᠦ ᠤᠯᠤᠰ ᠲᠤ 10 ᠨᠡᠷᠡᠰ ᠳᠡᠪᠰᠢᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠲᠠᠢ ᠬᠠᠮᠲᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠫᠠᠶᠢᠰᠠ ᠡᠯᠭᠦᠨ ᠪᠠᠶᠢᠭᠤᠯᠤᠭᠳᠠᠵᠤ᠂ ᠠᠮᠵᠢᠯᠲᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠠᠭᠤᠨ ᠬᠦᠴᠦᠷᠬᠡᠭ ᠬᠤᠲᠠ ᠪᠠᠷ ᠰᠣᠩᠭᠤᠭᠳᠠᠪᠠ᠃ ︽ᠴᠢᠳᠠᠪᠤᠷᠢᠲᠠᠨ ᠢ ᠲᠠᠲᠠᠬᠤ 10 ᠵᠤᠷᠪᠤᠰ ᠲᠦᠷᠦ ᠶᠢᠨ ᠪᠣᠳᠣᠯᠭ᠎ᠠ︾ ᠶᠢ ᠲᠣᠭᠲᠠᠭᠠᠨ | ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠬᠥᠳᠡᠯᠭᠡᠭᠦᠷ ᠤᠨ ᠲᠥᠪ ᠢ ᠡᠬᠢᠯᠡᠨ ᠠᠵᠢᠯᠯᠠᠭᠤᠯᠪᠠ᠃ ᠶᠢᠦ ᠷᠠᠨ ᠮᠠᠯ | ᠠᠵᠤ ᠠᠬᠤᠢ᠂ ᠳ᠋ᠠ ᠲᠠᠩ ᠡᠮ ᠤᠨ ᠦᠢᠯᠡᠰ᠂ ᠰᠢᠨᠬᠤᠸᠠ ᠪᠦᠯᠦᠭᠯᠡᠯ ᠲᠤᠰ ᠲᠤᠰ ᠰᠢᠶᠠᠩᠭᠠᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ | ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ | ᠭᠠᠷᠴᠤ᠂ 9 ᠵᠢᠯ ᠤᠨ ᠲᠤᠷᠰᠢ ᠣᠷᠣᠨ ᠨᠤᠲᠤᠭ ᠤᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠤᠭᠰᠠᠨ ᠦᠭᠡᠢ ᠲᠡᠦᠬᠡ ᠶᠢ ᠡᠴᠦᠰᠯᠡᠭᠦᠯᠪᠡ᠃ | ︵ᠭᠤᠷᠪᠠ︶ ᠠᠮᠢ ᠠᠬᠤᠢ ᠶᠢᠨ ᠵᠠᠰᠠᠯᠲᠠ ᠬᠦᠴᠦᠲᠡᠢ ᠪᠥᠭᠡᠳ ᠪᠦᠲᠦᠮᠵᠢᠲᠡᠶ ᠪᠣᠯᠪᠠ᠃ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠪᠦᠬᠦᠨ ᠢ ᠪᠡᠶᠡᠯᠡᠭᠦᠯᠪᠡ᠃ 57 ᠲᠣᠰᠬᠤᠨ᠂ 6. 35 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ | ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠠᠭᠠᠷ ᠤᠨ ᠴᠡᠪᠡᠷᠴᠡ ᠰᠠᠶᠢᠨ ᠡᠳᠦᠷ ᠤᠨ ᠲᠤᠭ᠎ᠠ 318 ᠡᠳᠦᠷ ᠬᠦᠷᠴᠦ᠂ ᠲᠦᠷᠦᠭᠦᠦ ᠵᠢᠯ ᠤᠨ | ᠬᠢ ᠠᠴᠠ 6.8 ᠵᠠᠭᠤᠨ ᠤ ᠴᠡᠭ ᠳᠡᠭᠡᠭᠰᠢᠯᠡᠵᠦ᠂ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ 4 ᠣᠷᠣᠨ ᠳᠡᠪᠰᠢᠪᠡ᠃ | ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠪᠠᠷᠢᠯᠭ᠎ᠠ ᠶᠢ | ᠠᠰᠢᠭᠯᠠᠯᠲᠠ ᠳᠤ ᠣᠷᠣᠭᠤᠯᠵᠤ᠂ ᠬᠤᠳᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠳᠤ ︽ᠬᠥᠯᠦᠰᠢ ᠮᠠᠭᠤ ᠠᠴᠢᠶ᠎ᠠ ᠬᠦᠨᠳᠦ︾ ᠠᠰᠠᠭᠤᠳᠠᠯ ᠢ | ᠦᠨᠳᠦᠰᠦᠨ ᠳᠡᠭᠡᠨ ᠰᠢᠢᠳᠪᠦᠷᠢᠯᠡᠪᠡ᠃ 71 ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ ᠠᠬᠤᠶᠢᠯᠠᠯ ᠢ ᠬᠠᠭᠠᠵᠤ | ᠵᠣᠭᠰᠣᠭᠠᠵᠤ ᠴᠡᠭᠴᠡᠯᠡᠨ ᠵᠠᠰᠠᠵᠤ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠲᠣᠰ ᠲᠣᠰ 3.4 7% ᠪᠠ 2% ᠪᠠᠭᠤᠷᠠᠵᠤ | ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠲᠣᠰ ᠲᠣᠰ 81%᠂ | 91% ᠳᠤ ᠬᠥᠷᠪᠡ᠃ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠵᠦ᠂ ᠶᠡᠭᠡ ᠪᠠᠭ᠎ᠠ ᠲᠦᠷᠭᠡᠨ ᠭᠤᠣᠯ᠂ ᠬᠠᠷ᠎ᠠ | ᠤᠰᠤ ᠨᠠᠭᠤᠷ᠂ ᠬᠠᠲᠤᠨ ᠭᠤᠣᠯ ᠤᠨ ᠰᠠᠶᠢᠷᠭᠠᠯ ᠤᠨ ᠣᠷᠣᠨ ᠵᠡᠷᠭᠡ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ ᠪᠥᠬᠦ ᠣᠷᠣᠨ ᠳᠤ ᠡᠩ | ᠲᠡᠷᠢᠭᠦᠨ ᠳᠤ ︽ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠪᠠᠶᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ | ᠲᠣᠮᠣ ᠳ᠋ᠠᠶᠢᠲ᠋ᠠ ᠶᠢᠨ ᠲᠠᠪᠴᠠᠩ ᠵᠢᠴᠢ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ 43.7 ᠲᠦᠮᠡᠨ ᠮᠦ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠳᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠥᠷᠢᠰᠦᠯᠳᠦᠬᠦ | ᠬᠦᠴᠦᠨ ᠪᠦᠬᠦᠢ ᠬᠤᠲᠠ︾ ᠶᠢᠨ ᠢᠷᠠᠭᠤ ᠠᠯᠳᠠᠷ ᠢ ᠭᠥᠷᠳᠡᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ 7.5% ᠠᠴᠠ ᠳᠡᠭᠡᠭᠰᠢ | ᠪᠠᠭᠤᠷᠠᠵᠤ᠂ ᠪᠠᠷᠢᠮᠵᠢᠶ᠎ᠠ ᠨᠡᠭᠦᠷᠡᠰᠦ ᠶᠢ 30 ᠲᠦᠮᠡᠨ ᠲᠣᠨ ᠠᠴᠠ ᠳᠡᠭᠡᠭᠰᠢ ᠠᠷᠪᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠᠲᠤ | ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ | ︵ᠳᠥᠷᠪᠡ︶ ᠬᠤᠲᠠ ᠶᠢᠨ ᠴᠢᠳᠠᠪᠬᠢ ᠲᠠᠰ ᠲᠠᠰᠤᠷᠠᠯᠲᠠ ᠦᠭᠡᠢ ᠳᠡᠭᠡᠭᠰᠢᠯᠡᠪᠡ᠃ ᠲᠡᠷᠢᠭᠦᠨ ᠤ ᠬᠤᠳᠠ ᠶᠢᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠣᠨᠣᠯᠵᠢᠬᠤᠨ ᠲᠠᠢ ᠬᠠᠷᠭᠤᠭᠤᠯᠵᠤ᠂ ᠱᠠᠩᠬᠠᠢ ᠶᠢᠨ ᠬᠤᠸᠠ ᠳ᠋ᠦᠩ᠂ ᠬᠤᠳᠠ ᠶᠢᠨ ᠶᠠᠪᠤᠳᠠᠯ᠂ ᠴᠡᠴᠡᠷᠯᠢᠭ ᠵᠡᠷᠭᠡ 3 ᠶᠡᠭᠡ ᠤᠯᠤᠰ ᠤᠨ | ᠳᠣᠲᠣᠭᠠᠳᠤ ᠶᠢᠨ ᠲᠡᠷᠢᠭᠦᠨ ᠲᠡᠰ ᠤᠨ ᠵᠢᠷᠤᠭ ᠲᠥᠯᠥᠪᠯᠡᠭᠡ ᠶᠢᠨ ᠪᠦᠯᠬᠦᠮ ᠢ ᠣᠷᠣᠭᠤᠯᠤᠨ ᠠᠪᠴᠢᠷᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠪᠠ ᠭᠤᠣᠯᠳᠠᠯᠭ᠎ᠠ ᠲᠠᠢ ᠬᠡᠰᠡᠭ ᠤᠨ ᠣᠷᠣᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠴᠡᠭ ᠤᠨ ᠵᠢᠷᠤᠭ ᠲᠥᠯᠥᠪᠯᠡᠭᠡ ᠶᠢ ᠥᠨᠳᠥᠷ | ᠪᠠᠷᠢᠮᠵᠢᠶ᠎ᠠ ᠪᠠᠷ ᠥᠷᠨᠢᠭᠦᠯᠵᠦ᠂ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠪᠠ ᠬᠠᠲᠠᠭᠤ ᠬᠢᠵᠠᠭᠠᠷᠯᠠᠯ ᠢ ᠢᠯᠡᠳᠲᠡ | ᠳᠡᠭᠡᠭᠰᠢᠯᠡᠭᠦᠯᠪᠡ᠃ 27 ᠵᠤᠷᠪᠤᠰ ᠬᠤᠳᠠ ᠶᠢᠨ ᠶᠠᠪᠤᠳᠠᠯ ᠤᠨ ᠵᠠᠮ᠂ 22 ᠵᠤᠷᠪᠤᠰ ᠲᠠᠰᠤᠷᠬᠠᠢ ᠵᠠᠮ ᠤᠷᠤᠭᠰᠢᠲᠠᠢ ᠲᠡᠷᠭᠡ ᠨᠡᠪᠲᠡᠷᠡᠵᠦ᠂ ᠣᠨᠴᠠᠭᠠᠶᠢᠯᠠᠨ | ᠤᠯᠠᠨ ᠲᠦᠮᠡᠨ ᠤ ᠬᠦᠰᠡᠭᠡᠳ ᠤᠳᠠᠭᠰᠠᠨ ᠬᠢᠩᠭᠠᠨ ᠡᠮᠦᠨ᠎ᠡ ᠵᠠᠮ ᠤᠨ ᠲᠠᠰᠤᠷᠬᠠᠢ ᠵᠠᠮ ᠲᠡᠷᠭᠡ ᠨᠡᠪᠲᠡᠷᠡᠵᠦ᠂ ᠤᠯᠤᠰ ᠤᠨ ᠵᠠᠮ ᠤᠨ 209 ᠱᠤᠭᠤᠮ ᠤᠨ | ᠲᠤᠭᠤᠷ ᠤᠨ ᠴᠡᠴᠡᠭ ᠰᠦᠢᠳᠬᠡᠯ ᠬᠤᠷᠢᠶᠠᠬᠤ ᠦᠷᠳᠡᠭᠡ ᠶᠢ ᠬᠦᠴᠦᠨ ᠦᠭᠡᠢ ᠪᠣᠯᠭᠠᠵᠤ᠂ ᠬᠤᠳᠠ ᠶᠢᠨ ᠲᠣᠭᠤᠷᠢᠭ ᠠᠴᠠ ᠡᠮᠦᠨᠡᠰᠢ ︽ᠶᠠᠪᠤᠬᠤ ᠳᠤ | ᠬᠦᠴᠢᠷᠲᠡᠢ︾ ᠠᠰᠠᠭᠤᠳᠠᠯ ᠢ ᠲᠤᠶᠢᠯ ᠤᠨ ᠶᠡᠬᠡᠪᠡᠷ ᠨᠠᠮᠳᠠᠭᠤᠯᠪᠠ︔ ᠵᠤᠤ ᠤᠳᠠ ᠵᠢᠷᠢᠮ ᠬᠤᠷᠳᠤᠨ ᠤ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠶᠢᠨ | ᠬᠠᠢ᠂ ᠶᠢᠨ ᠱᠧᠩ ᠬᠤᠷᠳᠤᠨ ᠤ ᠵᠠᠮ ᠤᠨ ᠬᠡᠰᠡᠭ ᠵᠠᠮ ᠲᠡᠷᠭᠡ ᠨᠡᠪᠲᠡᠷᠡᠵᠦ᠂ ᠭᠤᠣᠯ ᠬᠤᠲᠠ ᠶᠢᠨ ᠲᠣᠭᠤᠷᠢᠭ ᠤᠨ ᠲᠡᠷᠭᠡ ᠬᠥᠰᠬᠡ ᠶᠢᠨ ᠳᠤᠮᠳᠠᠴᠢ ᠴᠠᠭ ᠤᠨ | ᠬᠤᠷᠳᠤᠴᠠ 6.7% ᠳᠡᠭᠡᠭᠰᠢᠯᠡᠪᠡ︔ 333 ᠬᠠᠭᠤᠴᠢᠨ ᠰᠠᠭᠤᠭᠠᠯᠢ ᠲᠣᠭᠤᠷᠢᠭ᠂ 466 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠵᠠᠰᠠᠵᠤ᠂ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ 17 ᠢᠨᠵᠧᠨᠧᠷᠢᠩ ᠢ ᠡᠬᠢᠯᠡᠭᠦᠯᠪᠡ︔ ᠬᠤᠲᠠ ᠶᠢᠨ ᠲᠣᠭᠤᠷᠢᠭ ᠤᠨ 64 | ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ 36.4 ᠺᠢᠯᠣᠮᠧᠲᠷ ᠤᠨ ᠬᠠᠭᠤᠴᠢᠷᠠᠭᠰᠠᠨ | ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ 35 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢᠨ | ᠥᠭᠡᠷᠡᠴᠢᠯᠡᠯᠲᠡ ᠶᠢ ᠪᠡᠶᠡᠯᠡᠭᠦᠯᠪᠡ᠃ ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ 186 ᠪᠠᠶᠢᠭᠤᠯᠵᠤ᠂ ᠬᠤᠳᠠ ᠶᠢᠨ | ᠨᠣᠭᠤᠭᠠᠨ ᠵᠠᠮ ᠢ 220 ᠺᠢᠯᠣᠮᠧᠲᠷ ᠪᠠᠶᠢᠭᠤᠯᠵᠤ᠂ ᠪᠦᠬᠦ ᠤᠯᠤᠰ ᠤᠨ 36 ᠭᠤᠣᠯᠳᠠᠯᠭ᠎ᠠ ᠲᠠᠢ ᠬᠤᠳᠠ ᠶᠢᠨ ᠳᠣᠲᠣᠷ᠎ᠠ ᠨᠣᠭᠤᠭᠠᠷᠠᠭᠤᠯᠤᠯᠲᠠ ᠶᠢᠨ ᠴᠡᠪᠡᠷ | ᠰᠠᠶᠢᠬᠠᠨ ᠢᠯᠡᠳᠬᠡᠮᠵᠢ ᠲᠤᠭ᠎ᠠ ᠪᠠᠷ 2 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠵᠠᠷ ᠮᠡᠳᠡᠭᠡ᠂ ᠠᠳᠠᠯ ᠠᠬᠤᠢ᠂ ᠵᠠᠮ ᠬᠠᠷᠢᠯᠴᠠᠭ᠎ᠠ᠂ ᠣᠷᠴᠢᠨ | ᠲᠣᠭᠤᠷᠢᠨ ᠤ ︽ᠳᠥᠷᠪᠡᠨ ᠶᠡᠭᠡ ᠶᠡᠷᠦᠩᠬᠡᠶᠢᠯᠡᠭᠰᠡᠨ ᠵᠠᠰᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠥᠷᠨᠢᠭᠦᠯᠵᠦ᠂ ᠡᠯ᠎ᠡ ᠲᠥᠷᠥᠯ ᠤᠨ ᠲᠣᠮᠣ ᠬᠡᠯᠪᠡᠷᠢ ᠶᠢᠨ | ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ 1200 ᠭᠠᠷᠤᠢ ᠨᠤᠷᠠᠭᠠᠵᠤ᠂ ᠠᠳᠠᠯ ᠠᠬᠤᠢ ᠶᠢᠨ ᠬᠠᠮᠢᠶᠠᠷᠤᠯᠲᠠ ᠦᠭᠡᠢ 1346 ᠬᠤᠷᠢᠶᠠᠯᠠᠯ ᠳᠤ ᠠᠳᠠᠯ | ᠠᠬᠤᠢ ᠶᠢᠨ ᠬᠠᠮᠢᠶᠠᠷᠤᠯᠲᠠ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠨᠢ ᠪᠥᠬᠦ | ᠤᠯᠤᠰ ᠤᠨ 76 ᠲᠣᠮᠣ ᠳᠤᠮᠳᠠ ᠬᠤᠲᠠ ᠶᠢᠨ ᠲᠥᠷᠥᠯ ᠢᠯᠭᠠᠯ ᠤᠨ ᠳᠣᠲᠣᠷ᠎ᠠ 28 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠶᠡᠭᠡ ᠲᠠᠷᠢᠬᠢ ᠲᠠᠰ | ᠳᠡᠪᠰᠢᠭᠡᠳ 2.0 ᠬᠡᠪ ᠳᠤ ᠬᠦᠷᠴᠦ᠂ 9 ᠲᠣᠮᠣ ᠬᠡᠰᠡᠭ᠂ 132 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠬᠠᠮᠤᠷᠤᠭᠰᠠᠨ | ︽ᠠᠢ ᠴᠢᠩ ᠴᠧᠩ︾ APP ᠶᠢ ᠠᠵᠢᠯᠯᠠᠭᠤᠯᠵᠤ ᠡᠬᠢᠯᠡᠪᠡ᠃ 2021 ᠬᠤᠲᠠ ᠶᠢᠨ ᠲᠣᠭᠠᠴᠢᠯᠠᠭᠰᠠᠨ ᠵᠠᠰᠠᠯᠲᠠ ᠶᠢᠨ ᠵᠠᠭᠤᠨ ᠬᠦᠴᠦᠷᠬᠡᠭ ᠤᠨ | ᠨᠡᠷᠡᠰ ᠤᠨ ᠵᠢᠭᠰᠠᠭᠠᠯᠲᠠ᠂ ᠬᠤᠲᠠ ᠶᠢᠨ ᠲᠤᠭᠠᠴᠢᠯᠠᠯᠲᠠ ᠲᠡᠰᠢ ᠬᠤᠪᠢᠷᠠᠭᠰᠠᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠵᠤ᠂ 2021 | ᠳᠤᠮᠳᠠᠳᠤ ᠤᠯᠤᠰ ᠤᠨ ᠳᠠᠭᠠᠭᠤᠯᠤᠭᠴᠢ ᠣᠶᠤᠨᠲᠤ ᠬᠤᠲᠠ ᠪᠠᠷ ᠦᠨᠡᠯᠡᠭᠳᠡᠪᠡ᠃ | ︵ᠲᠠᠪᠤ︶ ᠬᠥᠳᠡᠭᠡ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 5.73 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 237 ᠠᠷᠠᠳ ᠢ ᠪᠠᠶᠠᠵᠢᠭᠤᠯᠬᠤ ᠲᠥᠷᠥᠯ ᠵᠦᠢᠯ᠂ 58 ᠬᠠᠪᠰᠤᠷᠤᠨ ᠲᠡᠳᠬᠦᠬᠦ ᠲᠥᠷᠥᠯ | ᠵᠦᠢᠯ ᠢ ᠬᠡᠷᠡᠭᠵᠢᠭᠦᠯᠪᠡ᠃ 178.3 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 290 ᠺᠢᠯᠣᠮᠧᠲᠷ ᠤᠨ | ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠰᠬᠤᠨ ᠳᠤ ᠵᠠᠭᠤᠨ ᠮᠧᠭ᠎ᠠ ᠥᠷᠭᠡᠨ ᠪᠦᠰᠡᠲᠦ | ᠰᠦᠯᠵᠢᠶ᠎ᠡ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠪᠡ᠃ ︽ᠬᠠᠪᠤᠷ ᠵᠤᠨ ᠨᠠᠮᠤᠷ ᠡᠪᠦᠯ︾ ᠳᠥᠷᠪᠡᠨ ᠤᠯᠠᠷᠢᠯ ᠤᠨ ᠠᠶᠢᠯ ᠲᠣᠰᠬᠤᠨ ᠤ ᠠᠷᠢᠭᠤᠨ | ᠴᠡᠪᠡᠷ ᠢ ᠴᠡᠭᠴᠡᠯᠡᠨ ᠵᠠᠰᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 6.3 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ | ᠵᠠᠰᠠᠬᠤ ᠶᠢ ᠪᠡᠶᠡᠯᠡᠭᠦᠯᠵᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠪᠡ᠃ ᠬᠥᠳᠡᠭᠡ ᠲᠣᠰᠬᠤᠨ ᠤ | ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠦᠵᠡᠭᠦᠯᠦᠯᠭᠡ ᠶᠢᠨ ᠲᠣᠭᠯᠠᠯᠲᠠ ᠶᠢ 6000 ᠭᠠᠷᠤᠢ ᠲᠠᠯᠠᠪᠠᠢ ᠤᠳᠠᠭ᠎ᠠ ᠡᠷᠬᠢᠯᠡᠪᠡ᠃ ᠴᠢᠩ ᠱᠦᠢ ᠾᠧ | ᠰᠢᠶᠠᠨ ᠤ ᠵᠢᠦ ᠼᠠᠢ ᠵᠤᠸᠠᠩ ᠰᠢᠶᠠᠩ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ︽ᠪᠦᠬᠦ ᠤᠯᠤᠰ ᠤᠨ ᠨᠢᠭᠡ ᠲᠣᠰᠬᠤᠨ ᠨᠢᠭᠡ ᠪᠦᠲᠦᠭᠡᠭᠳᠡᠬᠦᠨ ᠤ | ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠰᠣᠩᠭᠤᠭᠳᠠᠵᠤ᠂ ᠬᠤᠷᠢᠨᠭᠡᠷ ᠰᠢᠶᠠᠨ ᠤ ᠵᠢᠶᠣᠣ ᠨᠢ ᠸᠠᠨ ᠲᠣᠰᠬᠤᠨ ︽ᠪᠦᠬᠦ ᠤᠯᠤᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ ᠰᠣᠩᠭᠤᠭᠳᠠᠪᠠ᠃ | ︵ᠵᠢᠷᠭᠤᠭ᠎ᠠ︶ ᠬᠥᠭᠵᠢᠯᠲᠡ ᠶᠢᠨ ᠬᠥᠳᠡᠯᠭᠡᠭᠴᠢ ᠬᠦᠴᠦᠨ ᠦᠷᠭᠦᠯᠵᠢᠯᠡᠨ ᠴᠢᠩᠭᠠᠷᠠᠪᠠ᠃ ᠬᠤᠲᠠ ᠶᠢᠨ ᠲᠣᠰ ᠱᠠᠲᠤᠨ ᠤ 545 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ | ᠴᠠᠭ ᠢ ᠬᠠᠭᠠᠰ ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠰᠢᠨ᠎ᠡ ᠪᠠᠷ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠪᠥᠬᠦ ᠶᠠᠪᠤᠴᠠ ᠳᠤ ︽ᠵᠠᠷᠤᠳᠠᠯ ᠦᠭᠡᠢ︾ | ᠪᠠᠶᠢᠵᠤ᠂ ᠠᠵᠤ ᠠᠬᠤᠶᠢᠯᠠᠯ ᠤᠨ ᠳᠠᠭᠠᠭᠠᠴᠢᠯᠠᠯᠲᠠ ᠳᠤ ᠣᠷᠤᠯᠴᠠᠬᠤ ᠪᠥᠬᠦ ᠶᠠᠪᠤᠴᠠ ᠶᠢ ᠡᠯᠧᠺᠲᠷᠤᠨᠴᠢᠯᠠᠪᠡ︔ 291 ᠬᠤᠲᠠ ᠰᠢᠯᠭᠠᠷᠠᠭᠤᠯᠤᠯᠲᠠ ᠳᠤ | ᠣᠷᠣᠯᠴᠠᠭᠰᠠᠨ 2021 ᠳᠤᠮᠳᠠᠳᠤ ᠤᠯᠤᠰ ᠤᠨ ᠬᠤᠳᠠᠯᠳᠤᠭ᠎ᠠ ᠡᠷᠬᠢᠯᠡᠬᠦ ᠵᠥᠭᠡᠯᠡᠨ ᠣᠷᠴᠢᠨ ᠤ ᠨᠡᠷᠡᠰ ᠤᠨ ᠵᠢᠭᠰᠠᠭᠠᠯᠲᠠ ᠳᠤ ᠮᠠᠨ ᠤ ᠬᠤᠲᠠ 46 | ᠳ᠋ᠤᠭᠠᠷ ᠲᠤ ᠵᠢᠭᠰᠠᠭᠠᠭᠳᠠᠪᠠ᠃ 36 ᠬᠤᠳᠠ ᠶᠢᠨ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ10 | ᠡᠷᠦᠭᠡ ᠪᠣᠯᠭᠠᠨ ᠨᠡᠶᠢᠯᠡᠭᠦᠯᠵᠦ᠂ 11 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ 3 ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ 5 | ᠨᠡᠭᠡᠭᠡᠯᠲᠡ ᠶᠢᠨ ᠲᠣᠭᠤᠷᠢᠭ ᠪᠣᠯᠭᠠᠨ ᠰᠢᠯᠢᠳᠡᠭᠵᠢᠭᠦᠯᠵᠦ ᠨᠡᠶᠢᠯᠡᠭᠦᠯᠦᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠯᠤᠰ ᠤᠨ | ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠤ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ 3 ᠣᠷᠣᠨ ᠳᠠᠪᠰᠢᠪᠠ᠃ ᠵᠠᠭᠤᠨ ᠳ᠋ᠦᠩᠰᠢᠭᠤᠷ | ᠲᠥᠭᠦᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ 2 ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 5.9 ᠲᠦᠮᠡᠨ ᠡᠷᠦᠬᠡ | ᠰᠢᠨ᠎ᠡ ᠪᠠᠷ ᠨᠡᠮᠡᠭᠳᠡᠵᠦ᠂ 18.7% ᠨᠡᠮᠡᠭᠳᠡᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ 37 ᠳ᠋ᠦᠩᠰᠢᠭᠤᠷ ᠲᠥᠭᠦᠷᠢᠭ ᠠᠴᠠ | ᠳᠡᠭᠡᠭᠰᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠥᠭᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠡᠶᠡᠯᠡᠭᠦᠯᠬᠦ | ᠶᠡᠭᠡ ᠬᠤᠷᠠᠯ ᠢ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ | ᠨᠡᠶᠢᠳᠡ 10.65 ᠳ᠋ᠦᠩᠰᠢᠭᠤᠷ ᠲᠥᠭᠦᠷᠢᠭ ᠥᠭᠴᠦ ᠠᠮᠠᠯᠠᠭᠰᠠᠨ ᠢᠶᠠᠨ ᠪᠡᠶᠡᠯᠡᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ᠂ ᠲᠠᠨᠢᠯᠴᠠᠭᠤᠯᠬᠤ ᠬᠤᠷᠠᠯ᠂ ᠭᠡᠷ᠎ᠡ ᠲᠣᠭᠲᠠᠬᠤ ᠬᠤᠷᠠᠯ ᠢ 60 ᠭᠠᠷᠤᠢ ᠲᠠᠯᠠᠪᠤᠷ | ᠡᠷᠭᠢᠯᠡᠵᠦ᠂ 417 ᠲᠥᠷᠥᠯ ᠵᠦᠢᠯ ᠢ ᠨᠠᠶᠢᠳᠠᠪᠤᠷᠢᠵᠢᠭᠤᠯᠤᠨ᠂ 245 ᠲᠥᠷᠥᠯ ᠵᠦᠢᠯ ᠢ ᠠᠵᠢᠯ ᠡᠬᠢᠯᠡᠭᠦᠯᠵᠦ᠂ 365.8 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 36% ᠨᠡᠮᠡᠭᠳᠡᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠡᠳᠦᠷ ᠢᠷᠡᠬᠦᠶ᠎ᠡ ᠨᠡᠮᠡᠭᠳᠡᠪᠡ᠃ ᠪᠥᠬᠦ ᠣᠷᠣᠨ ᠤ ᠠᠩᠬᠠᠳᠠᠭᠴᠢ ᠬᠥᠮᠥᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠬᠤᠲᠠ ᠪᠠᠯᠭᠠᠰᠤᠨ ᠤ 6.42 ᠲᠦᠮᠡᠨ ᠬᠥᠮᠥᠨ ᠳᠤ ᠰᠢᠨ᠎ᠡ ᠪᠠᠷ | ᠠᠵᠢᠯ ᠣᠯᠭᠤᠵᠤ᠂ 31.6 ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 2 ᠲᠦᠮᠡ ᠭᠠᠷᠤᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠣᠶᠤᠲᠠᠨ ᠣᠷᠣᠨ ᠤ ᠲᠥᠪ ᠢ ᠰᠣᠩᠭᠤᠵᠤ ᠦᠢᠯᠡᠰ ᠴᠣᠭᠴᠠᠯᠠᠨ ᠠᠵᠢᠯ ᠣᠯᠪᠠ᠃ 32 ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠨᠡᠷᠡᠲᠦ ᠰᠤᠷᠭᠠᠭᠤᠯᠢ ᠶᠢᠨ ᠵᠠᠬᠢᠷᠤᠯ᠂ ᠨᠡᠷᠡᠲᠦ ᠪᠠᠭᠰᠢ᠂ ᠨᠡᠷᠡᠲᠦ | ᠠᠩᠭᠢ ᠶᠢᠨ ᠡᠷᠬᠢᠯᠡᠭᠴᠢ 117 ᠬᠥᠮᠥᠨ ᠢ ᠰᠣᠩᠭᠤᠨ ᠪᠣᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢᠨ ︽ᠳᠥᠷᠪᠡᠨ ᠵᠠᠭᠤᠨ ᠤ ᠵᠠᠭᠤ ᠪᠠᠷ︾ | ᠢ ᠪᠦᠬᠦᠨ ᠢ ᠪᠠᠷᠢᠮᠵᠢᠶ᠎ᠠ ᠳᠤ ᠬᠦᠷᠭᠡᠪᠡ᠃ ᠪᠦᠬᠦ ᠣᠷᠣᠨ ᠳᠤ ᠤᠷᠢᠳᠠᠪᠠᠷ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠡᠬᠢᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠢᠲᠠᠳ ︵ᠮᠣᠩᠭᠤᠯ︶ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠪᠡᠭᠡᠵᠢᠩ ᠬᠤᠲᠠ ᠶᠢᠨ ᠬᠢᠲᠠᠳ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ ᠵᠢᠴᠢ 36 ᠡᠮᠴᠢᠯᠡᠭᠡᠨ ᠤ ᠪᠠᠶᠢᠭᠤᠯᠤᠮᠵᠢ ᠲᠠᠢ ᠭᠦᠨᠵᠡᠭᠡᠢ ᠬᠠᠮᠲᠤᠷᠠᠯᠴᠠᠨ | ᠂ 158 ᠨᠠᠷᠠᠲᠤ ᠲᠤᠰᠬᠠᠢ ᠮᠡᠷᠭᠡᠵᠢᠯᠲᠡᠨ ᠮᠠᠨ ᠤ ᠬᠤᠲᠠ ᠶᠢᠨ ᠣᠯᠠᠨ ᠭᠠᠵᠠᠷ ᠲᠤ ᠠᠵᠢᠯ ᠡᠷᠭᠢᠯᠡᠵᠦ᠂ ︽ᠭᠠᠵᠢᠮᠠᠯ ᠤᠷᠪᠠᠯ︾ ᠵᠡᠷᠭᠡ ᠤᠯᠤᠰ ᠤᠨ ᠲᠠᠰ ᠤᠨ | 4 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ ᠲᠥᠪ ᠢ ᠪᠠᠶᠢᠭᠤᠯᠵᠤ᠂ ᠨᠠᠩ ᠣᠯᠠᠨ ᠠᠷᠠᠳ ᠭᠡᠷ ᠤᠨ ᠡᠭᠦᠳᠡᠨ ᠳᠡᠭᠡᠨ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠦᠷᠲᠡᠪᠡ᠃ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 105 ᠪᠠᠶᠢᠭᠤᠯᠵᠤ᠂ | ᠬᠤᠲᠠ ᠶᠢᠨ ᠲᠣᠭᠤᠷᠢᠭ ᠤᠨ ᠪᠦᠷᠬᠦᠴᠡ ᠶᠢᠨ ᠨᠤᠷᠮ᠎ᠠ 80% ᠠᠴᠠ ᠳᠡᠭᠡᠭᠰᠢ ᠬᠦᠷᠪᠡ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ | ᠥᠷᠭᠡᠳᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠬᠢᠨᠠᠨ ᠲᠣᠭᠲᠠᠭᠠᠬᠤ ᠴᠣᠩᠬᠤᠪᠴᠢ ᠶᠢ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ︽ᠪᠥᠬᠦ ᠤᠯᠤᠰ ᠤᠨ ᠰᠢᠯᠢᠳᠡᠭ ᠦᠢᠯᠡᠴᠢᠯᠡᠭᠡᠨ ᠤ ᠴᠣᠩᠬᠤᠪᠴᠢ︾ ᠪᠠᠷ | ᠰᠣᠩᠭᠤᠪᠠ᠃ ᠠᠷᠠᠳ ᠲᠤ ᠳᠥᠭᠦᠮ ᠦᠵᠡᠭᠦᠯᠬᠦ 58 ᠬᠠᠯᠠᠮᠰᠢᠯ ᠤᠲᠠᠰᠤ ᠶᠢ ᠨᠡᠶᠢᠯᠡᠭᠦᠯᠦᠭᠡᠳ ᠨᠢᠭᠡᠳᠦᠭᠡᠷ ᠨᠣᠮᠧᠷᠲᠤ ᠭᠥᠯᠢᠶᠡᠨ ᠠᠪᠴᠤ ᠰᠢᠢᠳᠪᠦᠷᠢᠯᠡᠬᠦ ︽ | 12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ ᠪᠣᠯᠭᠠᠵᠤ᠂ 100 ᠲᠦᠮᠡ ᠰᠢᠬᠠᠮ ᠬᠤᠪᠢ ᠬᠦᠴᠦᠨ ᠪᠦᠬᠦᠢ | ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ 85.6% ᠳᠤ ᠬᠦᠷᠪᠡ᠃ ︽ᠭᠤᠷᠪᠠᠨ ᠶᠡᠭᠡ ᠨᠢᠭᠡ ᠴᠢᠩᠭ᠎ᠠ︾ | ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ | ᠰᠣᠷᠪᠤᠯᠵᠢᠯᠠᠭ᠎ᠠ ᠶᠢᠨ ᠵᠥᠷᠢᠴᠡᠯ ᠢ 606 ᠬᠤᠪᠢ ᠰᠢᠢᠳᠪᠦᠷᠢᠯᠡᠪᠡ᠃ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ | ᠭᠠᠷᠤᠭᠰᠠᠨ ᠦᠭᠡᠢ᠃ | ︵ᠨᠠᠢᠮᠠ︶ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠵᠡᠯ ᠰᠠᠨᠠᠭᠠᠨ ᠤ ᠡᠬᠢ ᠦᠨᠳᠦᠰᠦ ᠶᠢ ᠠᠭᠤᠳᠠᠯᠵᠤ᠂ | ᠬᠤᠣᠷ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢ ᠬᠤᠪᠢᠷᠠᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ᠂ ᠭᠠᠵᠠᠷ | ᠰᠢᠷᠣᠢ ᠶᠢᠨ ᠬᠠᠤᠯᠢ ᠶᠢ ᠵᠥᠷᠢᠴᠡᠬᠦ᠂ ᠲᠣᠭᠲᠠᠭᠠᠯ ᠢ ᠵᠥᠷᠢᠴᠡᠨ ᠵᠤᠰᠠᠯᠠᠩ ᠪᠠᠶᠢᠭᠤᠯᠬᠤ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠬᠦᠷᠢᠶ᠎ᠡ ᠴᠠᠷᠠᠭ᠎ᠠ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠬᠠᠩᠭᠠᠨ ᠪᠣᠷᠣᠯᠠᠭᠤᠯᠬᠤ | ᠰᠢᠰᠲ᠋ᠧᠮ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ︽ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠬᠤ ᠶᠢ | ᠠᠳᠬᠤᠬᠤ︾ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠡᠷᠡᠰ | ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ | ︵ᠶᠢᠰᠦ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠥᠭᠡᠳ ᠡᠮᠬᠢ ᠵᠢᠷᠤᠮ ᠲᠠᠢ ᠶᠠᠪᠤᠭᠳᠠᠭᠤᠯᠪᠠ᠃ 32 | ᠨᠢᠰᠬᠡᠯ ᠤᠳᠠᠭ᠎ᠠ᠂ 5466 ᠬᠥᠮᠥᠨ ᠤᠳᠠᠭ᠎ᠠ ᠶᠢᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ︔ ᠡᠵᠡᠨ᠎ᠡ᠂ ᠡᠷᠢᠶᠡᠨ ᠬᠤᠲᠠ ᠶᠢᠨ 182 ᠣᠨᠣᠰᠢᠯᠠᠭᠰᠠᠨ ᠡᠪᠡᠳᠴᠢᠲᠡᠨ ᠢ ᠬᠥᠬᠡᠬᠤᠲᠠ ᠳᠤ ᠡᠮᠨᠡᠨ ᠵᠠᠰᠠᠵᠤ ᠲᠤᠰᠠᠭᠠᠷᠯᠠᠨ | ᠰᠢᠯᠵᠢᠭᠦᠯᠦᠨ ᠵᠥᠭᠡᠭᠡᠪᠦᠷᠢᠯᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ︔ ︽ᠡᠩ ᠤᠨ ᠦᠶ᠎ᠡ ᠪᠠ ᠳᠠᠶᠢᠨ ᠤ | ᠦᠶ᠎ᠡ ᠶᠢ ᠤᠶᠠᠯᠳᠤᠭᠤᠯᠤᠭᠰᠠᠨ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ | ᠬᠢᠵᠢᠭ ᠢ ᠡᠰᠡᠷᠭᠦᠴᠡᠬᠦ ᠣᠶᠤᠨᠲᠤ ᠲᠠᠪᠴᠠᠩ︾ ᠢ ᠡᠬᠢᠯᠡᠨ ᠪᠠᠶᠢᠭᠤᠯᠵᠤ᠂ 10 ᠳ᠋ᠤᠭᠠᠷ ᠰᠠᠷ᠎ᠠ ᠶᠢᠨ 22 ᠤᠨ ᠡᠳᠦᠷ ᠡᠭᠦᠰᠦᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠬᠠᠮᠤᠭ ᠤᠨ ᠣᠬᠤᠷ ᠬᠤᠭᠤᠴᠠᠭᠠᠨ ᠳᠤ ᠣᠯᠵᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠥᠨᠳᠥᠷ | ᠦᠨᠡᠯᠡᠯᠲᠡ ᠶᠢ ᠣᠯᠪᠠ᠃ | ᠡᠭᠦᠨ ᠠᠴᠠ ᠭᠠᠳᠠᠨ᠎ᠠ᠂ ᠪᠢᠳᠡ ᠪᠥᠬᠦ ᠬᠤᠲᠠ ᠶᠢᠨ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠵᠢᠴᠢ ᠡᠯ᠎ᠡ ᠲᠥᠷᠥᠯ ᠤᠨ ᠶᠡᠷᠦᠩᠬᠡᠶᠢᠯᠡᠭᠰᠡᠨ | ᠲᠥᠯᠦᠪᠵᠢᠭᠦᠯᠭᠡ᠂ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽1+N+X︾ ᠲᠥᠯᠦᠪᠵᠢᠭᠦᠯᠭᠡ ᠶᠢᠨ ᠰᠢᠰᠲ᠋ᠧᠮᠵᠢ ᠶᠢ | ᠦᠨᠳᠦᠰᠦᠨ ᠳᠡᠭᠡᠨ ᠪᠦᠷᠢᠯᠳᠦᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠪᠠᠷᠢᠯᠭ᠎ᠠ ᠶᠢᠨ ᠵᠢᠷᠤᠭ ᠢ ᠵᠢᠷᠤᠭᠰᠠᠨ ᠪᠠᠶᠢᠨ᠎ᠠ᠃ | 2021 ᠣᠨ ᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ | ᠲᠤᠰᠢᠶᠠᠯ ᠤᠨ ᠬᠤᠭᠤᠴᠠᠭᠠᠨ ᠤ ᠬᠠᠷᠠᠯᠲᠠ ᠤᠷᠤᠭᠰᠢᠲᠠᠢ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃ ᠲᠦᠷᠪᠡᠨ ᠵᠢᠯ ᠤᠨ ᠲᠤᠷᠰᠢ᠂ ᠪᠢᠳᠡ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠬᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠤᠭᠲᠤᠬᠤ ᠵᠡᠷᠭᠡ ᠲᠡᠦᠬᠡᠲᠦ ᠴᠢᠨᠠᠷᠲᠠᠢ ᠠᠭᠤᠤ ᠶᠡᠭᠡ ᠴᠠᠭ ᠮᠥᠴᠡ ᠶᠢ | ᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠤᠨ ᠠᠷᠬᠠᠭ ᠭᠡᠮ ᠢ ᠦᠨᠳᠦᠰᠦᠨ ᠠᠴᠠ ᠨᠢ ᠵᠠᠰᠠᠬᠤ᠂ ᠤᠯᠤᠰ ᠲᠦᠷᠦ ᠶᠢᠨ ᠠᠮᠢ ᠠᠬᠤᠢ ᠶᠢ ᠲᠠᠬᠢᠨ ᠴᠣᠭᠴᠠᠯᠠᠬᠤ ᠵᠡᠷᠭᠡ ᠪᠦᠬᠦ ᠲᠠᠯ᠎ᠠ ᠶᠢᠨ | ᠴᠢᠨᠠᠷᠲᠠᠢ ᠣᠨᠴᠠᠭᠠᠢ ᠶᠡᠭᠡ ᠰᠢᠯᠭᠠᠯᠲᠠ ᠶᠢ ᠥᠩᠭᠡᠷᠡᠭᠦᠯᠵᠡᠢ᠃ ᠬᠠᠲᠠᠭᠤ ᠪᠡᠷᠬᠡ ᠡᠭᠦᠷᠭᠡ ᠪᠠ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠪᠦᠬᠦ | ᠬᠤᠲᠠ ᠪᠠᠷ ᠢᠶᠠᠨ ᠨᠠᠷᠢᠯᠢᠭ ᠣᠨᠣᠴᠠᠲᠠᠢ ᠪᠠᠷ ᠬᠦᠴᠦᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠴᠢᠷᠮᠠᠶᠢᠨ ᠠᠵᠢᠯᠯᠠᠵᠤ᠂ ᠤᠳᠠᠭᠠᠨ ᠵᠢᠯ ᠦᠯᠡᠳᠡᠭᠳᠡᠵᠦ | ᠢᠷᠡᠭᠰᠡᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠪᠠᠲᠤᠯᠠᠬᠤ ᠨᠢᠭᠡ ᠪᠦᠯᠦᠭ ᠶᠡᠭᠡ ᠶᠠᠪᠤᠳᠠᠯ ᠴᠢᠬᠤᠯᠠ ᠶᠠᠪᠤᠳᠠᠯ ᠢ ᠠᠬᠢᠭᠤᠯᠵᠤ᠂ | ᠨᠢᠭᠡ ᠪᠦᠯᠦᠭ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠨᠢᠭᠡ ᠨᠢᠭᠡ ᠠᠯᠬᠤᠮ ᠢᠶᠠᠷ | ᠤᠷᠤᠭᠰᠢᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠲᠡᠭᠦᠰᠬᠡᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠤᠷᠤᠭᠰᠢᠲᠠᠢ ᠡᠬᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠬᠡᠬᠤᠲᠠ ᠶᠠᠭ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠣᠮᠤᠭ | ᠲᠡᠭᠦᠯᠳᠡᠷ ᠡᠷᠡᠮᠡᠬᠡᠶᠢᠯᠡᠨ ᠤᠷᠤᠭᠰᠢᠯᠠᠵᠤ ᠪᠠᠶᠢᠨ᠎ᠠ᠃ | ᠲᠦᠷᠪᠡᠨ ᠵᠢᠯ ᠤᠨ ᠲᠤᠷᠰᠢ᠂ ᠪᠢᠳᠡ ︽ᠨᠡᠮᠡᠭᠳᠡᠯ ᠢ ᠲᠣᠭᠲᠠᠪᠤᠷᠢᠵᠢᠭᠤᠯᠵᠤ᠂ ᠣᠷᠣᠨ ᠲᠠᠪᠰᠢᠬᠤ ᠪᠠᠷ ᠴᠢᠷᠮᠠᠶᠢᠬᠤ︾ ᠳᠤ ᠠᠩᠬᠠᠷᠤᠯ ᠢᠶᠠᠨ | ᠲᠥᠪᠯᠡᠷᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ | 3000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ︔ ᠪᠠᠶᠢᠩᠭᠤ ᠰᠠᠭᠤᠭ᠎ᠠ ᠬᠥᠮᠥᠨ ᠠᠮᠠ ᠠᠷᠪᠠᠨ ᠵᠢᠯ ᠳᠤ ᠨᠡᠶᠢᠳᠡ 58 ᠲᠦᠮᠡ ᠨᠡᠮᠡᠭᠳᠡᠵᠦ᠂ | 345 ᠲᠦᠮᠡ ᠳᠤ ᠬᠦᠷᠴᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 100.2 ᠲᠦᠮᠡᠨ ᠮᠦ ᠪᠠᠶᠢᠭᠤᠯᠵᠤ ᠳᠠᠭᠤᠰᠬᠠᠪᠠ︔ ᠰᠦ ᠶᠢᠨ ᠦᠢᠯᠡᠰ ᠨᠢ | ᠪᠥᠬᠦ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠨᠢ 2000 ᠳ᠋ᠦᠩᠰᠢᠭᠤᠷ ᠲᠥᠭᠦᠷᠢᠭ ᠢ ᠳᠠᠪᠠᠭᠰᠠᠨ ᠠᠩᠬᠠᠨ ᠤ ᠲᠤᠯᠭᠠᠭᠤᠷᠢ ᠠᠵᠤ ᠦᠢᠯᠡᠰ ᠪᠣᠯᠵᠤ᠂ | ᠠᠵᠤ ᠦᠢᠯᠡᠳᠪᠦᠷᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ 22.8% ᠪᠠᠶᠢᠭᠰᠠᠨ ᠠᠴᠠ ᠪᠠᠨ 26. | 2% ᠪᠣᠯᠵᠤ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 60% ᠶᠢ | ᠳᠠᠪᠠᠪᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 368 ᠪᠣᠯᠵᠤ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ | ᠠᠵᠤ ᠠᠬᠤᠶᠢᠯᠠᠯ 24 ᠪᠣᠯᠵᠤ᠂ ᠴᠥᠮ ᠪᠥᠬᠦ ᠣᠷᠣᠨ ᠤ ᠲᠡᠷᠢᠭᠦᠨ ᠳᠤ ᠣᠷᠣᠪᠠ︔ ᠬᠤᠲᠠ ᠪᠠᠯᠭᠠᠰᠤᠵᠢᠯᠲᠠ ᠶᠢᠨ ᠨᠣᠷᠮ᠎ᠠ 75.6% | ᠪᠠᠶᠢᠭᠰᠠᠨ ᠠᠴᠠ ᠪᠠᠨ ᠳᠡᠭᠡᠭᠰᠢᠯᠡᠭᠡᠳ 80% ᠰᠢᠬᠠᠮ ᠪᠣᠯᠵᠤ᠂ ᠪᠥᠬᠦ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ | ᠪᠠᠬᠢᠯᠡᠯᠲᠡ︾ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠳᠤ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠪᠡ᠃ | ᠲᠦᠷᠪᠡᠨ ᠵᠢᠯ ᠤᠨ ᠲᠤᠷᠰᠢ᠂ ᠪᠢᠳᠡ ︽ᠥᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠶᠢ ᠠᠬᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠡᠷᠴᠢ ᠲᠠᠢ ᠪᠣᠯᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ | ᠲᠥᠯᠥᠪᠯᠡᠭᠡ ᠶᠢ ᠥᠷᠨᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠠᠷᠠᠯᠵᠢᠶ᠎ᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ ᠮᠠᠶ᠋ᠢᠭ︾ | ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠶᠢᠰᠢᠶᠠᠯ ᠢ ᠣᠯᠵᠤ᠂ ᠮᠠᠨ ᠤ ᠬᠤᠲᠠ | ᠪᠥᠬᠦ ᠤᠯᠤᠰ ᠤᠨ ᠬᠤᠳᠠᠯᠳᠤᠭ᠎ᠠ ᠡᠷᠬᠢᠯᠡᠬᠦ ᠳᠤ ᠲᠦᠭᠦᠮ ᠤᠨ ᠬᠡᠮᠵᠢᠶ᠎ᠡ ᠬᠠᠮᠤᠭ ᠤᠨ ᠲᠦᠷᠭᠡᠨ ᠳᠡᠭᠡᠭᠰᠢᠯᠡᠭᠰᠡᠨ ᠬᠤᠲᠠ ᠶᠢᠨ ᠨᠢᠭᠡ ᠪᠣᠯᠪᠠ᠃ ᠠᠵᠢᠯ | ᠦᠢᠯᠡᠰ ᠤᠨ ᠨᠢᠭᠡᠴᠡ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠳ᠋ ᠤᠨ ᠵᠠᠰᠠᠭ | ᠮᠥᠩᠭᠦᠨ ᠭᠦᠢᠯᠭᠡᠭᠡ᠂ ᠡᠮᠴᠢᠯᠡᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠬᠦᠴᠦᠲᠡᠢ ᠲᠦᠯᠬᠢᠨ ᠠᠬᠢᠭᠤᠯᠪᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 161 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠲᠤ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠬᠠᠲᠤᠨ ᠭᠤᠣᠯ ᠳᠠᠭᠠᠤ ᠶᠢᠨ 6 ᠮᠤᠵᠢ ᠶᠢᠨ ᠲᠥᠪ ᠬᠤᠲᠠ ᠯᠤᠭ᠎ᠠ | ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ | ᠲᠡᠮᠡᠭᠡᠲᠦ ᠤᠯᠠᠭᠠᠨᠴᠠᠪ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠳᠤ ᠰᠢᠭᠤᠳ ᠲᠠᠰᠤᠯᠤᠨ ᠪᠣᠳᠤᠬᠤ ᠶᠢ ᠪᠡᠶᠡᠯᠡᠭᠦᠯᠪᠡ᠃ ᠤᠯᠤᠰ ᠤᠨ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠨᠡᠭᠡᠭᠡᠨ ᠠᠵᠢᠯᠯᠠᠭᠤᠯᠵᠤ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠠᠵᠢᠯᠯᠠᠭᠤᠯᠵᠤ᠂ ᠬᠤᠶᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ | ᠳᠠᠭᠠᠭᠠᠴᠢᠯᠠᠨ ᠡᠷᠭᠢᠯᠡᠵᠦ᠂ ᠮᠣᠩᠭᠤᠯ ᠤᠯᠤᠰ ᠤᠨ ᠰᠡᠯᠡᠩᠭᠡ ᠮᠤᠵᠢ᠂ ᠴᠠᠭᠠᠨ ᠣᠷᠣᠰ ᠤᠨ ᠭᠤᠮᠧᠯᠢ ᠲᠠᠢ ᠣᠯᠠᠨ ᠤᠯᠤᠰ ᠤᠨ ᠨᠥᠬᠦᠷᠰᠡᠭ ᠬᠤᠲᠠ ᠶᠢᠨ | ᠬᠠᠷᠢᠴᠠᠭ᠎ᠠ ᠪᠠᠶᠢᠭᠤᠯᠵᠤ᠂ ᠣᠷᠣᠨ ᠤ ᠲᠥᠪ ᠤᠨ ᠨᠡᠭᠡᠭᠡᠯᠲᠡ ᠶᠢᠨ ᠬᠡᠮᠵᠢᠶ᠎ᠡ ᠤᠯᠠᠮ ᠠᠴᠠ ᠤᠯᠠᠮ ᠳᠡᠭᠡᠭᠰᠢᠯᠡᠵᠦ᠂ ᠨᠠᠶᠢᠵᠠ ᠶᠢᠨ ᠲᠣᠭᠤᠷᠢᠭ ᠤᠯᠠᠮ ᠠᠴᠠ | ᠤᠯᠠᠮ ᠥᠷᠭᠡᠵᠢᠪᠡ᠃ | ᠲᠦᠷᠪᠡᠨ ᠵᠢᠯ ᠤᠨ ᠲᠤᠷᠰᠢ᠂ ᠪᠢᠳᠡ ︽ᠰᠠᠭᠤᠷᠢ ᠶᠢ ᠪᠠᠲᠤᠳᠬᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠵᠦ᠂ ᠣᠷᠣᠨ ᠤ ᠲᠥᠪ ᠤᠨ ᠳᠦᠷᠢ ᠲᠥᠷᠬᠦ ᠢᠯᠡᠳᠲᠡ ᠳᠡᠭᠡᠭᠰᠢᠯᠡᠪᠡ᠃ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠡᠮᠡᠭᠳᠡᠭᠡᠳ 272 ᠲᠡᠭᠰᠢ | ᠳᠥᠷᠪᠡᠯᠵᠢᠨ ᠺᠢᠯᠣᠮᠧᠲᠷ ᠪᠣᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠪᠡᠭᠡᠵᠢᠩ ᠠᠴᠠ | ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠢ | ᠨᠡᠪᠲᠡᠷᠡᠭᠦᠯᠦᠨ ᠠᠵᠢᠯᠯᠠᠭᠤᠯᠵᠤ᠂ ︽ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 348 ᠺᠢᠯᠣᠮᠧᠲᠷ ᠰᠢᠨ᠎ᠡ ᠪᠠᠷ | ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 3947 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 214 ᠲᠣᠰᠬᠤᠨ᠂ | 13 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠣᠯᠠᠨ ᠲᠦᠮᠡᠨ ᠤ ︽ᠠᠭᠤᠰᠬᠢ | ᠵᠢᠷᠦᠬᠡᠨ ᠤ ᠡᠪᠡᠳᠴᠢᠨ︾ ᠢ ᠦᠨᠳᠦᠰᠦᠨ ᠳᠡᠭᠡᠨ ᠰᠢᠢᠳᠪᠦᠷᠢᠯᠡᠵᠦ᠂ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ | ᠦᠨᠳᠦᠰᠦᠨ ᠳᠡᠭᠡᠨ ᠠᠷᠢᠯᠭᠠᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 23% ᠳᠤ ᠬᠦᠷᠦᠭᠦᠯᠵᠦ᠂ ᠴᠡᠯᠡᠭᠡᠷ ᠲᠠᠯ᠎ᠠ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠠᠭᠠᠯᠢᠴᠢᠨ ᠰᠠᠭᠤᠷᠢᠨ ᠭᠠᠵᠠᠷ ᠪᠥᠬᠦ | ᠤᠯᠤᠰ ᠤᠨ ᠠᠩᠬᠠᠳᠠᠭᠴᠢ ᠪᠦᠯᠦᠭ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠲᠤ ᠣᠷᠣᠵᠤ᠂ ︽ | ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠨᠢ ᠲᠥᠪ ᠬᠤᠲᠠ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ | ᠬᠠᠭᠤᠳᠠᠰᠤ ᠪᠣᠯᠪᠠ᠃ | ᠳᠥᠷᠪᠡᠨ ᠵᠢᠯ ᠤᠨ ᠲᠤᠷᠰᠢ᠂ ᠪᠢᠳᠡ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠭᠦᠢᠴᠡᠳ ᠪᠣᠯᠭᠠᠪᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ | ᠠᠮᠢᠳᠤᠷᠠᠯ ᠳᠤ 1162 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠤᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠶᠢᠨ 70% ᠠᠴᠠ ᠳᠡᠭᠡᠭᠰᠢ ᠶᠢ ᠡᠵᠡᠯᠡᠬᠦ ᠶᠢ ᠢᠮᠠᠭᠲᠠ ᠪᠠᠲᠤᠯᠠᠪᠠ᠃ 15 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ | ᠪᠡᠯᠡ ᠮᠥᠩᠭᠦ ᠣᠷᠣᠭᠤᠯᠵᠤ᠂ 2 ᠶᠠᠳᠠᠭᠤ ᠬᠦᠴᠢᠷᠳᠡᠯᠲᠡᠢ ᠰᠢᠶᠠᠨ᠂ 207 ᠶᠠᠳᠠᠭᠤ ᠬᠦᠴᠢᠷᠳᠡᠯᠲᠡᠢ ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ 6.5 | ᠲᠦᠮᠡᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠤᠳᠠ ᠶᠢᠨ ᠶᠠᠳᠠᠭᠤ ᠶᠢ | ᠲᠡᠳᠬᠦᠬᠦ ᠠᠯᠪᠠᠨ ᠭᠡᠷ ᠪᠦᠬᠦ ᠤᠯᠤᠰ ᠤᠨ ᠶᠠᠳᠠᠭᠤ ᠶᠢ ᠲᠡᠳᠬᠦᠬᠦ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ ᠪᠠᠷ ᠱᠠᠩᠨᠠᠭᠳᠠᠵᠤ᠂ ᠦᠴᠦᠸᠠᠨ ᠰᠢᠶᠠᠨ ᠤ | ᠨᠠᠮ ᠤᠨ ᠬᠤᠷᠢᠶ᠎ᠠ ᠨᠢ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠡᠷᠢᠭᠦᠨ ᠤ ᠬᠠᠮᠲᠤ ᠨᠢᠭᠡᠴᠡ ᠶᠢᠨ ᠴᠣᠯᠠ ᠶᠢ | ᠬᠦᠷᠲᠡᠪᠡ᠃ ᠬᠤᠲᠠ ᠪᠠᠯᠭᠠᠰᠤ ᠶᠢᠨ 20.7 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠶᠡᠷᠦᠩᠬᠡᠢ ᠬᠡᠮᠵᠢᠶ᠎ᠡ ᠨᠢ ᠣᠯᠠᠨ ᠵᠢᠯ ᠳᠠᠷᠠᠭᠠᠯᠠᠨ ᠪᠥᠬᠦ | ᠣᠷᠣᠨ ᠳᠤ ᠨᠢᠭᠡᠳᠦᠭᠡᠷ ᠲᠤ ᠵᠢᠭᠰᠠᠭᠠᠭᠳᠠᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 44 ᠶᠢ ᠰᠢᠨ᠎ᠡ ᠪᠠᠷ ᠪᠠᠶᠢᠭᠤᠯᠵᠤ᠂ | ᠦᠷᠭᠦᠯᠵᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ 18 ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠤ᠂ ᠤᠯᠠᠨ ᠲᠦᠮᠡᠨ ᠤ | ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠳᠤ ᠨᠡᠩ ᠲᠦᠬᠦᠮ ᠪᠣᠯᠭᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠤ | ᠦᠯᠡᠳᠡᠭᠳᠡᠵᠦ ᠢᠷᠡᠭᠰᠡᠨ 589 ᠠᠰᠠᠭᠤᠳᠠᠯ ᠢ ᠰᠢᠢᠳᠪᠦᠷᠢᠯᠡᠵᠦ᠂ 31.58 ᠲᠦᠮᠡᠨ ᠬᠤᠪᠢ ᠡᠷᠦᠬᠡ ᠰᠠᠯᠬᠤ ᠳᠠᠩᠰᠠᠯᠠᠯᠲᠠ ᠶᠢ ᠭᠦᠢᠴᠡᠳᠬᠡᠵᠦ᠂ ᠤᠯᠠᠨ | ᠲᠦᠮᠡᠨ ᠤ ᠣᠷᠣᠵᠤ ᠰᠠᠭᠤᠬᠤ ᠳᠤ ᠬᠦᠴᠢᠷᠲᠡᠢ᠂ ᠪᠤᠴᠠᠵᠤ ᠨᠡᠭᠦᠬᠦ ᠳᠤ ᠬᠦᠴᠢᠷᠲᠡᠢ᠂ ᠦᠨᠡᠮᠯᠡᠯ ᠠᠪᠬᠤ ᠳᠤ ᠬᠦᠴᠢᠷᠲᠡᠢ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠪᠡ᠃ ᠪᠥᠬᠦ ᠤᠯᠤᠰ ᠤᠨ ᠳᠥᠷᠪᠡᠳᠦᠭᠡᠷ ᠪᠦᠯᠦᠭ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠵᠦ᠂ ᠭᠤᠷᠪᠠᠳᠤᠭᠠᠷ ᠪᠦᠯᠦᠭ ᠤᠯᠤᠰ ᠤᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠶᠢᠰᠦᠨ ᠵᠢᠯ ᠳᠠᠷᠠᠭᠠᠯᠠᠨ ︽ᠪᠥᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠣᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢᠨ ᠢᠷᠠᠭᠤ ᠠᠯᠳᠠᠷ ᠢ ᠭᠥᠷᠳᠡᠪᠡ᠃ | ᠲᠦᠷᠪᠡᠨ ᠵᠢᠯ ᠤᠨ ᠲᠤᠷᠰᠢ᠂ ᠪᠢᠳᠡ ︽ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠬᠤ︾ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠡᠷᠡᠰ ᠪᠠᠲᠤ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠥᠮᠦᠵᠢᠯ ᠢ | ᠭᠦᠨᠵᠡᠭᠡᠢ ᠲᠦᠯᠬᠢᠨ ᠠᠬᠢᠭᠤᠯᠵᠤ᠂ ᠪᠥᠬᠦ ᠣᠷᠣᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠰᠤᠷᠭᠠᠭᠤᠯᠢ ᠳᠤ ︽ᠭᠤᠷᠪᠠᠨ ᠬᠢᠴᠢᠶᠡᠯ ᠲᠦᠷᠦᠯ︾ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ︽ᠨᠡᠶᠢᠳᠡᠮ ᠪᠥᠷᠬᠦᠭᠦᠯᠬᠦ︾ ᠶᠢ ᠤᠷᠢᠳᠠᠪᠠᠷ | ᠪᠡᠶᠡᠯᠡᠭᠦᠯᠵᠦ᠂ ᠦᠨᠳᠦᠰᠦᠲᠡᠨ ᠤ ᠠᠵᠢᠯ ᠤᠨ ᠵᠥᠷᠢᠶ᠎ᠡ ᠶᠢ ᠬᠦᠴᠦᠲᠡᠢ ᠵᠠᠯᠠᠷᠠᠭᠤᠯᠪᠠ᠃ ᠣᠯᠠᠨ ᠵᠦᠢᠯ ᠤᠨ ᠠᠷᠭ᠎ᠠ ᠵᠠᠮ ᠢᠶᠠᠷ ᠵᠠᠰᠠᠭ ᠤᠨ ᠣᠷᠳᠣᠨ ᠤ ᠳᠠᠯᠳᠠ | ᠥᠷᠢ ᠥᠭᠴᠡᠭᠡ ᠶᠢ ᠠᠷᠢᠯᠭᠠᠵᠤ᠂ ᠪᠥᠬᠦ ᠬᠤᠲᠠ ᠶᠢᠨ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ | ᠪᠠᠭᠤᠷᠠᠭᠤᠯᠪᠠ᠃ ᠾᠧᠩ ᠳ᠋ᠡ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠯᠠᠪᠳᠠᠭᠤᠨ ᠢᠶᠠᠷ | ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠢᠶᠠᠷ ᠠᠬᠢᠭᠤᠯᠵᠤ᠂ ᠰᠢᠰᠲ᠋ᠧᠮ ᠤᠨ ᠴᠢᠨᠠᠷᠲᠠᠢ | ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ︽ᠣᠷᠣᠨ ᠤ ᠲᠥᠪ ᠤᠨ ᠲᠣᠭᠲᠠᠭᠤᠨ ᠢᠶᠠᠷ ᠣᠷᠣᠨ ᠤ ᠲᠣᠭᠲᠠᠭᠤᠨ ᠢ | ᠬᠠᠮᠠᠭᠠᠯᠠᠬᠤ᠂ ᠨᠡᠶᠢᠰᠯᠡᠯ ᠤᠨ ᠲᠣᠭᠲᠠᠭᠤᠨ ᠢ ᠬᠠᠮᠠᠭᠠᠯᠠᠬᠤ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ᠃ | ᠲᠥᠯᠥᠭᠡᠯᠡᠭᠴᠢᠳ ᠠ᠋᠂ ᠥᠩᠭᠡᠷᠡᠭᠰᠡᠨ ᠲᠦᠷᠪᠡᠨ ᠵᠢᠯ ᠳᠤ ᠪᠢᠳᠡ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ | ᠬᠢᠯᠪᠡᠷ ᠪᠤᠰᠤ ᠠᠮᠵᠢᠯᠲᠠ ᠪᠦᠲᠦᠮᠵᠢ ᠶᠢ ᠣᠯᠪᠠ᠃ ᠡᠳᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠣᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠤ ᠪᠣᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠳᠤ ᠪᠣᠢ᠂ | ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠳᠤ ᠪᠣᠢ᠂ | ᠥᠷᠭᠡᠨ ᠤᠯᠠᠨ ᠺᠠᠳ᠋ᠷ ᠤᠨ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠭᠰᠠᠨ ᠳᠤ ᠪᠣᠢ᠃ ᠠᠳᠡ᠂ ᠪᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠯᠮᠵᠢᠯᠠᠵᠤ᠂ ᠳᠡᠮᠵᠢᠵᠦ᠂ | ᠣᠷᠣᠯᠴᠠᠭᠰᠠᠨ ᠪᠣᠶ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ᠂ ᠪᠢᠳᠡ ᠪᠠᠰᠠ ᠠᠵᠢᠯ ᠤᠨ ᠳᠤᠮᠳᠠ ᠮᠥᠨ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠠᠴᠠ ᠪᠠᠰᠠ ᠮᠠᠰᠢ | ᠶᠡᠭᠡ ᠵᠥᠷᠢᠶ᠎ᠡ ᠲᠠᠢ ᠪᠠᠶᠢᠵᠤ᠂ ︽ᠣᠷᠣᠨ ᠤ ᠲᠥᠪ︾ ᠪᠠ ︽ᠣᠷᠣᠨ ᠪᠦᠰᠡ ᠶᠢᠨ ᠲᠥᠪ︾ ᠤᠨ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ᠂ | ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠵᠤ ᠦᠢᠯᠡᠰ ᠤᠨ ᠰᠠᠭᠤᠷᠢ ᠨᠢᠮᠭᠡᠨ᠂ ᠨᠢᠭᠡᠳᠦᠭᠡᠷ ᠠᠵᠤ ᠦᠢᠯᠡᠰ | ᠂ ᠬᠤᠶᠠᠳᠤᠭᠠᠷ ᠠᠵᠤ ᠦᠢᠯᠡᠰ ᠨᠢ ᠬᠠᠷᠢᠴᠠᠭᠤᠯᠤᠭᠰᠠᠨ ᠳᠠᠪᠠᠭᠤᠯᠢᠭ ᠢ ᠪᠦᠷᠢᠯᠳᠦᠭᠦᠯᠦᠭᠰᠡᠨ ᠦᠭᠡᠢ᠂ ᠭᠤᠷᠪᠠᠳᠤᠭᠠᠷ ᠠᠵᠤ ᠦᠢᠯᠡᠰ ᠤᠨ ᠣᠯᠠᠩᠬᠢ ᠨᠢ | ᠤᠯᠠᠮᠵᠢᠯᠠᠯᠲᠤ ᠬᠡᠯᠪᠡᠷᠢ ᠶᠢᠨ ᠦᠢᠯᠡᠴᠢᠯᠡᠭᠡᠨ ᠤ ᠦᠢᠯᠡᠰ ᠪᠠᠶᠢᠵᠤ᠂ ᠠᠵᠤ ᠠᠬᠤᠢ ᠶᠢᠨ ᠬᠥᠭᠵᠢᠯᠲᠡ ᠳᠤᠮᠳᠠᠬᠢ ᠠᠵᠤ ᠦᠢᠯᠡᠰ ᠤᠨ ᠲᠤᠯᠭᠠᠭᠤᠷᠢᠯᠠᠬᠤ | ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ︔ ᠠᠮᠢ ᠠᠬᠤᠢ ᠶᠢᠨ ᠵᠠᠰᠠᠯᠲᠠ ᠨᠢ ᠶᠠᠰᠤ ᠴᠢᠨᠠᠷ ᠢ ᠳᠡᠭᠡᠭᠰᠢᠯᠡᠭᠦᠯᠬᠦ ᠪᠠ ᠲᠣᠭᠲᠠᠭᠤᠨ ᠴᠢᠨᠠᠷ ᠢ | ᠳᠡᠭᠡᠭᠰᠢᠯᠡᠭᠦᠯᠬᠦ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ︔ ᠬᠤᠲᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠡᠮᠴᠢᠯᠡᠭᠡ᠂ ᠣᠷᠣᠨ ᠰᠠᠭᠤᠴᠠ ᠶᠢᠨ | ᠪᠠᠲᠤᠯᠠᠭ᠎ᠠ᠂ ︽ᠨᠠᠰᠤᠲᠠᠨ ᠨᠢᠯᠬᠠᠰ︾᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠲᠦᠭᠵᠢᠷᠡᠯ ᠵᠡᠷᠭᠡ ᠣᠯᠠᠨ ᠲᠦᠮᠡᠨ ᠤ | ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠮᠥᠨ ᠬᠦ ᠶᠡᠬᠡᠪᠡᠷ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠺᠠᠳ᠋ᠷ ᠤᠨ ᠰᠤᠷᠲᠠᠯ ᠢ ᠦᠨᠳᠦᠰᠦᠨ ᠠᠴᠠ ᠨᠢ ᠬᠤᠪᠢᠷᠠᠭᠤᠯᠬᠤ ᠳᠤ ᠪᠠᠰᠠ ᠴᠥᠭᠡᠨ ᠪᠤᠰᠤ | ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠤᠨ ᠵᠠᠷᠢᠮ ᠨᠢ ᠠᠯᠢ ᠡᠷᠲᠡ ᠠᠴᠠ ᠪᠠᠶᠢᠵᠤ᠂ ᠵᠠᠷᠢᠮ ᠨᠢ ᠬᠠᠭᠤᠴᠢᠨ ᠠᠷᠬᠠᠭ ᠪᠣᠯᠵᠠᠢ᠂ ᠪᠢᠳᠡ | ᠡᠷᠬᠡᠪᠰᠢ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ᠂ ᠲᠡᠮᠦᠷ ᠪᠠᠷᠢᠬᠤ ᠳᠤ ᠣᠷᠣᠮ ᠦᠯᠡᠳᠡᠭᠡᠬᠦ ᠬᠡᠲᠦ ᠴᠢᠩᠭ᠎ᠠ ᠠᠷᠭ᠎ᠠ ᠬᠡᠮᠵᠢᠶ᠎ᠡ ᠪᠠᠷ ᠣᠷᠣᠨ ᠤ | ᠲᠥᠪ ᠤᠨ ᠳᠦᠷᠰᠦ ᠪᠠᠶᠢᠳᠠᠯ ᠤᠨ ᠬᠤᠪᠢᠷᠠᠯᠲᠠ ᠶᠢᠨ ᠲᠥᠯᠥᠭᠡ ︽ᠪᠡᠷᠬᠡ ᠠᠰᠠᠭᠤᠳᠠᠯ︾ ᠢ ᠰᠢᠢᠳᠪᠦᠷᠢᠯᠡᠵᠦ᠂ ︽ᠰᠠᠭᠠᠳ︾ ᠢ ᠴᠡᠪᠡᠷᠯᠡᠵᠦ᠂ ︽ᠲᠣᠳᠬᠠᠷ︾ | ᠢ ᠠᠷᠢᠯᠭᠠᠬᠤ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ | ᠬᠤᠶᠢᠰᠢᠳᠠ ᠶᠢᠨ ᠲᠠᠪᠤᠨ ᠵᠢᠯ ᠪᠣᠯ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠣᠷᠣᠨ ᠤ ᠲᠥᠪ | ᠬᠤᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ | ᠪᠡᠶᠡᠯᠡᠭᠦᠯᠬᠦ︾ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭ᠎ᠠ ᠶᠢᠨ ᠬᠤᠷᠠᠯ ᠠᠴᠠ ᠳᠤᠷᠠᠳᠤᠭᠰᠠᠨ ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠶᠢ ᠳᠡᠮᠵᠢᠬᠦ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠳᠠ ᠶᠢ ᠴᠢᠷᠮᠠᠶᠢᠨ ᠡᠭᠦᠳᠦᠨ ᠪᠠᠶᠢᠭᠤᠯᠵᠤ᠂ ᠲᠦᠷᠪᠡᠨ ᠣᠷᠣᠨ | ᠪᠦᠰᠡ ᠶᠢᠨ ᠲᠥᠪ ᠢ ᠪᠠᠶᠢᠭᠤᠯᠵᠤ᠂ ᠲᠦᠷᠪᠡᠨ ᠶᠡᠭᠡ ᠠᠵᠤ ᠠᠬᠤᠢ ᠶᠢᠨ ᠴᠠᠭᠠᠷᠢᠭ ᠲᠤ ᠠᠭᠤᠰᠤᠯᠴᠠᠬᠤ ᠶᠢ ᠠᠬᠢᠭᠤᠯᠵᠤ᠂ ᠲᠠᠪᠤᠨ ᠲᠣᠬᠢᠷᠠᠮᠵᠢᠲᠠᠢ ᠬᠤᠳᠠ ᠶᠢ | ᠪᠦᠲᠦᠭᠡᠨ ᠪᠠᠶᠢᠭᠤᠯᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠬᠤ︾ ᠬᠠᠷᠠᠯᠲᠠ ᠶᠢᠨ ᠲᠣᠭᠤᠷᠢᠨ ᠳᠤ᠂ ᠪᠠᠶᠢᠷᠢ ᠲᠣᠭᠲᠠᠭᠠᠯᠲᠠ ᠶᠢ | ᠡᠵᠡᠮᠳᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ | ᠦᠷ᠎ᠡ ᠠᠰᠢᠭ ᠢ ᠨᠡᠮᠡᠭᠳᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠦᠵᠡᠰᠬᠦᠯᠡᠩᠲᠦ | ᠰᠠᠶᠢᠬᠠᠨ ᠬᠥᠬᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ | ︵ᠨᠢᠭᠡ︶ ᠣᠷᠣᠨ ᠤ ᠲᠥᠪ ᠤᠨ ︽ᠬᠦᠴᠦᠷᠬᠡᠭ ᠪᠣᠳᠠᠲᠤ ᠬᠦᠴᠦᠨ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠠᠳᠬᠤᠨ᠂ ᠶᠠᠰᠤ ᠴᠢᠨᠠᠷ ᠢ | ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠶᠢ ᠥᠷᠭᠡᠳᠬᠡᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠢᠮᠠᠭᠲᠠ ᠥᠨᠳᠥᠷ ᠪᠠᠶᠢᠷᠢᠨ ᠳᠤ ᠨᠡᠮᠡᠭᠳᠡᠭᠦᠯᠦᠨ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠪᠣᠳᠠᠲᠤ ᠬᠦᠴᠦᠨ ᠢ | ᠦᠷᠭᠦᠯᠵᠢᠯᠡᠨ ᠴᠢᠩᠭᠠᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠣᠷᠴᠢᠮ | ᠪᠠᠶᠢᠯᠭᠠᠵᠤ᠂ ᠶᠡᠷᠦᠩᠬᠡᠢ ᠥᠷᠲᠡᠭ ᠢ 4000 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠪᠥᠬᠦ ᠤᠯᠤᠰ ᠤᠨ ᠮᠤᠵᠢ ᠶᠢᠨ ᠲᠥᠪ ᠬᠤᠲᠠ᠂ ᠪᠥᠬᠦ | ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷ᠎ᠠ ᠨᠡᠷ᠎ᠡ ᠠᠯᠳᠠᠷᠰᠢᠵᠤ ᠣᠷᠣᠨ ᠳᠡᠪᠰᠢᠬᠦ ᠪᠠᠷ ᠴᠢᠷᠮᠠᠶᠢᠨ᠎ᠠ᠃ ᠬᠤᠲᠠ ᠶᠢᠨ ᠣᠷᠣᠨ ᠵᠠᠢ ᠶᠢ ᠵᠦᠢ | ᠵᠣᠬᠢᠰᠲᠠᠢ ᠪᠠᠶᠢᠷᠢᠰᠢᠭᠤᠯᠵᠤ᠂ ᠵᠡᠭᠦᠨ ᠬᠡᠰᠡᠭ ᠲᠤ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠲᠣᠭᠤᠷᠢᠨ ᠳᠤ ᠠᠮᠢ ᠠᠬᠤᠢ ᠶᠢᠨ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ ᠣᠷᠣᠨ ᠢ ᠪᠠᠶᠢᠭᠤᠯᠵᠤ᠂ ᠪᠠᠷᠠᠭᠤᠨ ᠬᠡᠰᠡᠭ ᠲᠤ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ | ᠲᠣᠭᠤᠷᠢᠨ ᠳᠤ ᠠᠵᠤ ᠦᠢᠯᠡᠰ ᠪᠠ ᠬᠤᠲᠠ ᠠᠭᠤᠰᠤᠯᠴᠠᠭᠰᠠᠨ ᠣᠷᠣᠨ ᠢ ᠪᠠᠶᠢᠭᠤᠯᠵᠤ᠂ ᠡᠮᠦᠨᠡᠲᠦ ᠬᠡᠰᠡᠭ ᠲᠤ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ | ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ ᠬᠤᠲᠠ ᠶᠢᠨ ᠳᠡᠳ᠋ ᠲᠥᠪ ᠢ ᠪᠠᠶᠢᠭᠤᠯᠵᠤ | ᠂ ᠬᠤᠲᠠ ᠶᠢᠨ ᠪᠣᠷᠣ ᠲᠥᠯᠥᠪ ᠢ ᠦᠷᠭᠦᠯᠵᠢᠯᠡᠨ ᠥᠷᠭᠡᠳᠬᠡᠨ᠎ᠡ᠃ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠥᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠰᠠᠭᠤᠷᠢ ᠪᠡᠯᠡᠳᠬᠡᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃ ᠬᠤᠲᠠ ᠶᠢᠨ ᠲᠣᠭᠤᠷᠢᠭ ᠤᠨ ᠬᠥᠮᠥᠨ ᠠᠮᠠ ᠶᠢ ᠦᠷᠭᠦᠯᠵᠢᠯᠡᠨ ᠨᠡᠮᠡᠭᠳᠡᠭᠦᠯᠵᠦ᠂ ᠪᠥᠬᠦ ᠬᠤᠲᠠ ᠶᠢᠨ ᠬᠥᠮᠥᠨ | ᠠᠮᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ︽ᠣᠷᠣᠨ ᠬᠤᠲᠠ ᠬᠠᠮᠲᠤᠪᠠᠷ ᠪᠠᠶᠢᠭᠤᠯᠬᠤ︾ ᠶᠢ ᠢᠳᠡᠪᠬᠢᠲᠡᠢ ᠠᠬᠢᠭᠤᠯᠵᠤ᠂ ᠣᠯᠠᠨ ᠲᠠᠯ᠎ᠠ ᠶᠢᠨ | ᠬᠢᠨ ᠤ ᠳᠡᠮᠵᠢᠯᠭᠡ ᠶᠢ ᠴᠢᠷᠮᠠᠶᠢᠨ ᠣᠯᠵᠤ᠂ ᠣᠷᠣᠨ ᠤ ᠲᠥᠪ ᠢ ᠵᠢᠩᠬᠢᠨᠢ ᠪᠠᠷ ︽ᠲᠦᠷᠦᠭᠦᠯᠡᠭᠦᠯᠦᠨᠡ︾᠃ | ︵ᠬᠤᠶᠠᠷ︶ ᠬᠤᠲᠠ ᠪᠠᠶᠢᠭᠤᠯᠬᠤ ︽ᠬᠦᠴᠦᠷᠬᠡᠭ ᠬᠥᠲᠥᠯᠥᠨ ᠳᠠᠭᠠᠭᠤᠯᠭ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ | ᠤᠯᠠᠮᠵᠢᠯᠠᠨ ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠢᠷᠭᠡᠳ ᠤᠨ ᠶᠣᠰᠣ ᠮᠣᠷᠠᠯ ᠬᠡᠪ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠬᠡᠪ ᠴᠢᠨᠠᠷ ᠪᠠ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢᠵᠢᠯ ᠤᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ | ᠰᠡᠳᠬᠢᠯ ᠲᠠᠯᠪᠢᠨ ᠰᠠᠶᠢᠲᠤᠷ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠪᠣᠯᠭᠠᠨ | ᠡᠭᠦᠳᠦᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠣᠷᠣᠨ ᠪᠦᠰᠡ᠂ ᠪᠦᠬᠦ ᠶᠠᠪᠤᠴᠠ ᠪᠠᠷ ᠴᠢᠩᠭᠠᠳᠬᠠᠵᠤ᠂ ᠪᠣᠬᠢᠷᠳᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠷᠢᠶ᠎ᠡ᠂ ᠪᠦᠬᠦ ᠲᠠᠯ᠎ᠠ ᠪᠠᠷ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠲᠠᠢ ᠴᠠᠭ ᠠᠭᠤᠷ ᠢ ᠦᠨᠳᠦᠰᠦᠨ ᠳᠡᠭᠡᠨ | ᠠᠷᠢᠯᠭᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠣᠯᠭᠠᠨ ᠡᠭᠦᠳᠦᠨ ᠪᠠᠶᠢᠭᠤᠯᠤᠨ᠎ᠠ᠃ | ︵ᠭᠤᠷᠪᠠ︶ ᠠᠵᠤ ᠦᠢᠯᠡᠰ ᠤᠨ ︽ᠬᠦᠴᠦᠷᠬᠡᠭ ᠳᠠᠪᠠᠭᠤᠯᠢᠭ ᠲᠠᠯ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠵᠢᠷᠭᠤᠭᠠᠨ ᠶᠡᠭᠡ ᠠᠵᠤ | ᠦᠢᠯᠡᠰ ᠤᠨ ᠪᠦᠯᠦᠭᠵᠢᠯ︾ ᠢᠶᠠᠷ ᠭᠤᠣᠯᠳᠠᠯᠭ᠎ᠠ ᠪᠣᠯᠭᠠᠵᠤ᠂ ︽ᠵᠠᠷᠢᠮ ᠢ ᠨᠢ ᠬᠢᠵᠦ᠂ ᠵᠠᠷᠢᠮ ᠢ ᠨᠢ ᠬᠢᠬᠦ ᠦᠭᠡᠢ︾ ᠪᠠᠶᠢᠬᠤ ᠶᠢ ᠪᠠᠷᠢᠮᠲᠠᠯᠠᠨ᠂ ︽ᠬᠤᠶᠠᠷ | ᠶᠡᠬᠡᠲᠡᠢ︾ ᠲᠦᠷᠦᠯ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ᠂ ᠡᠨᠧᠷᠭᠢ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠲᠣᠬᠢᠷᠠᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠠᠵᠤ | ᠦᠢᠯᠡᠰ ᠤᠨ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠢᠩᠭᠠᠨ ᠳ᠋ᠦᠩᠰᠢᠭᠤᠷ ᠤᠨ | ᠲᠠᠰ ᠤᠨ ᠠᠵᠤ ᠦᠢᠯᠡᠰ ᠤᠨ ᠪᠦᠯᠦᠭᠵᠢᠯ 2᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 3᠂ ᠵᠠᠭᠤᠨ | ᠳ᠋ᠦᠩᠰᠢᠭᠤᠷ ᠤᠨ ᠲᠠᠰ ᠤᠨ ᠠᠵᠤ ᠠᠬᠤᠶᠢᠯᠠᠯ 10᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠠᠵᠤ ᠠᠬᠤᠶᠢᠯᠠᠯ 10 ᠶᠢ | ᠴᠣᠭᠴᠠᠯᠠᠨ᠎ᠠ᠃ ︽ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠲᠤᠯᠭᠠᠭᠤᠷᠢᠯᠠᠭᠴᠢ ᠲᠣᠮᠣ ᠲᠦᠷᠦᠯ ᠵᠦᠢᠯ ᠢ ᠠᠳᠬᠤᠬᠤ ᠪᠠᠷ ᠪᠠᠷᠠᠬᠤ ᠦᠭᠡᠢ ᠪᠠᠰᠠ ᠲᠤᠰᠬᠠᠢ ᠨᠠᠷᠢᠯᠢᠭ ᠣᠨᠴᠠ ᠰᠢᠨ᠎ᠡ ᠰᠠᠶᠢᠨ ᠲᠦᠷᠦᠯ ᠵᠦᠢᠯ ᠪᠣᠯᠣᠨ | ᠨᠡᠶᠢᠳᠡᠮ ᠢ ᠪᠦᠷᠬᠦᠭᠰᠡᠨ ᠵᠢᠵᠢᠭ ᠲᠦᠷᠦᠯ ᠵᠦᠢᠯ ᠢ ᠠᠳᠬᠤᠵᠤ᠂ ᠬᠥᠲᠥᠴᠢ ᠠᠵᠤ ᠠᠬᠤᠶᠢᠯᠠᠯ ᠢ 50 ᠠᠴᠠ ᠳᠡᠭᠡᠭᠰᠢ ᠣᠷᠣᠭᠤᠯᠤᠨ ᠠᠪᠴᠢᠷᠠᠵᠤ᠂ ᠨᠡᠩ | ᠤᠯᠠᠨ ᠰᠢᠨ᠎ᠡ ᠲᠤᠯᠭᠠᠭᠤᠷᠢ ᠠᠵᠤ ᠦᠢᠯᠡᠰ ᠤᠨ ᠪᠦᠷᠢᠯᠳᠦᠬᠦ ᠶᠢ ᠠᠬᠢᠭᠤᠯᠤᠨ᠎ᠠ᠃ | ︵ᠳᠥᠷᠪᠡ︶ ᠲᠥᠪ ᠤᠨ ︽ᠬᠦᠴᠦᠷᠬᠡᠭ ᠲᠥᠪᠯᠡᠷᠡᠯ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ | ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠴᠣᠭᠴᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠴᠣᠭᠴᠠᠯᠠᠨ᠎ᠠ᠃ ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ᠂ | ᠬᠥᠬᠡᠬᠤᠲᠠ ᠣᠷᠳᠣᠰ ᠤᠨ ᠲᠦᠷᠭᠡᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠵᠠᠮ ᠬᠠᠷᠢᠯᠴᠠᠭᠠᠨ ᠤ ᠢᠨᠵᠧᠨᠧᠷᠢᠩ ᠢ ᠶᠡᠬᠡᠪᠡᠷ ᠠᠬᠢᠭᠤᠯᠵᠤ᠂ ᠠᠶᠠᠨᠴᠢᠳ ᠤᠨ | ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠨᠢᠭᠲᠠ ᠨᠡᠮᠡᠵᠦ ᠨᠡᠭᠡᠭᠡᠨ᠂ ᠣᠷᠣᠨ ᠪᠦᠰᠡ ᠶᠢᠨ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡᠨ ᠤ ᠲᠥᠪ ᠢ ᠴᠣᠭᠴᠠᠯᠠᠨ᠎ᠠ᠃ ᠪᠣᠬᠢᠷᠳᠤᠯ ᠦᠭᠡᠢ ᠬᠡᠷᠡᠭᠯᠡᠭᠡ᠂ ᠰᠥᠨᠢ ᠶᠢᠨ ᠬᠡᠷᠡᠭᠯᠡᠭᠡ᠂ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠤ ᠬᠡᠷᠡᠭᠯᠡᠭᠡ᠂ ᠬᠡᠷᠡᠭᠴᠡᠭᠡ ᠳᠤ ᠨᠡᠶᠢᠴᠡᠭᠦᠯᠦᠭᠰᠡᠨ ᠬᠡᠷᠡᠭᠯᠡᠭᠡ ᠵᠡᠷᠭᠡ ᠣᠨᠴᠠᠯᠢᠭᠲᠤ ᠬᠡᠷᠡᠭᠯᠡᠭᠡ ᠶᠢ ᠢᠳᠡᠪᠬᠢᠲᠡᠢ ᠬᠥᠭᠵᠢᠭᠦᠯᠵᠦ᠂ ᠭᠡᠷ ᠤᠨ | ᠭᠠᠳᠠᠨᠠᠬᠢ ᠠᠵᠤ ᠠᠬᠤᠢ᠂ ᠮᠥᠰᠥ ᠴᠠᠰᠤᠨ ᠤ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠣᠷᠣᠨ | ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠤᠮᠠᠷᠠᠲᠤ | ᠬᠡᠰᠡᠭ ᠤᠨ ᠴᠡᠯᠡᠭᠡᠷ ᠲᠠᠯ᠎ᠠ ᠪᠠ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠥᠨᠳᠥᠷ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠴᠣᠭᠴᠠᠯᠠᠨ᠎ᠠ᠃ | ︵ᠲᠠᠪᠤ︶ ᠨᠡᠭᠡᠭᠡᠯᠲᠡ ᠶᠢᠨ ︽ᠬᠦᠴᠦᠷᠬᠡᠭ ᠠᠮᠢᠵᠢᠷᠠᠯ ᠤᠨ ᠬᠦᠴᠦᠨ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠬᠤᠳᠠ ᠬᠥᠳᠡᠭᠡ ᠶᠢ ᠨᠢᠭᠡ | ᠴᠣᠭᠴᠠᠵᠢᠭᠤᠯᠬᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ︾ ᠶᠢ ᠪᠠᠷᠢᠮᠲᠠᠯᠠᠵᠤ᠂ ᠬᠤᠳᠠ ᠶᠢᠨ ᠲᠦᠷᠪᠡᠨ ᠲᠣᠭᠤᠷᠢᠭ ᠲᠤ ᠰᠢᠨᠵᠢᠯᠡᠬᠦ ᠤᠬᠠᠭᠠᠨ | ᠮᠡᠷᠭᠡᠵᠢᠯ᠂ ᠮᠥᠩᠭᠦᠨ ᠭᠦᠢᠯᠭᠡᠭᠡ᠂ ᠬᠡᠷᠡᠭᠯᠡᠭᠡ᠂ ᠶᠡᠷᠦᠩᠬᠡᠢ ᠬᠡᠯᠲᠡᠰ ᠤᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠣᠯᠳᠠᠯᠭ᠎ᠠ ᠲᠠᠢ | ᠬᠥᠭᠵᠢᠭᠦᠯᠦᠨ᠎ᠡ︔ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠬᠤᠷᠢᠨᠭᠡᠷ ᠰᠢᠨ᠎ᠡ ᠲᠣᠭᠤᠷᠢᠭ ᠲᠤ ᠠᠵᠤ ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ︔ ᠴᠢᠩ ᠱᠦᠢ ᠾᠧ ᠰᠢᠶᠠᠨ᠂ ᠦᠴᠦᠸᠠᠨ | ᠰᠢᠶᠠᠨ ᠳᠤ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠪᠤᠶᠢᠯᠭᠠᠵᠦ᠂ ᠲᠤᠰ ᠲᠤᠰ ᠤᠨ | ᠭᠤᠣᠯᠳᠠᠯᠭ᠎ᠠ ᠲᠠᠢ ᠪᠠᠶᠢᠯᠭᠠᠵᠤ᠂ ᠬᠠᠷᠢᠯᠴᠠᠨ ᠵᠣᠯᠭᠠᠭᠤᠯᠵᠤ᠂ ᠣᠨᠴᠠᠯᠢᠬᠵᠢᠭᠤᠯᠤᠭᠰᠠᠨ᠂ ᠵᠦᠷᠢᠶᠡᠵᠢᠬᠦᠯᠦᠭᠰᠡᠨ ᠬᠥᠭᠵᠢᠯᠲᠡ ᠶᠢ ᠪᠡᠶᠡᠯᠡᠭᠦᠯᠵᠦ᠂ ᠣᠷᠣᠨ ᠤ | ᠲᠥᠪ ᠤᠨ ︽ᠬᠠᠭᠠᠰ ᠴᠠᠭ ᠤᠨ ᠬᠤᠳᠠ ᠶᠢᠨ ᠴᠠᠭᠠᠷᠢᠭ︾ ᠢ ᠪᠠᠶᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ | ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ | ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠨᠡᠪᠲᠡᠷᠡᠯᠴᠡᠬᠦ᠂ ᠤᠯᠠᠨ ᠨᠡᠶᠢᠳᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠤ ᠦᠢᠯᠡᠰ ᠤᠨ | ᠪᠦᠯᠦᠭᠵᠢᠯ ᠬᠠᠮᠵᠢᠯᠴᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠵᠠᠰᠠᠬᠤ ᠶᠢ ᠭᠦᠨᠵᠡᠭᠡᠶᠢᠷᠡᠭᠦᠯᠦᠨ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ︽ᠨᠢᠭᠡ ᠴᠠᠭ ᠤᠨ ᠬᠤᠳᠠ ᠶᠢᠨ ᠴᠠᠭᠠᠷᠢᠭ︾ ᠢ ᠬᠥᠲᠥᠯᠥᠨ ᠳᠠᠭᠠᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ᠂ | ᠴᠢᠳᠠᠪᠤᠷᠢᠲᠠᠨ᠂ ᠮᠡᠷᠭᠡᠵᠢᠯ ᠵᠡᠷᠭᠡ ᠶᠢᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ᠂ ᠰᠡᠯᠡᠭᠦᠴᠡᠯ ᠠᠮᠠᠷᠠᠯᠲᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠡᠭᠡᠵᠢᠩ | ᠲᠢᠶᠠᠨᠵᠢᠨ ᠾᠧᠪᠧᠢ ᠶᠢᠨ ︽ᠬᠤᠶᠠᠷ ᠴᠠᠭ ᠤᠨ ᠠᠵᠤ ᠠᠬᠤᠢ ᠶᠢᠨ ᠴᠠᠭᠠᠷᠢᠭ︾ ᠲᠤ ᠠᠭᠤᠰᠤᠯᠴᠠᠨ᠎ᠠ᠃ ᠳᠤᠮᠳᠠᠳᠤ ᠮᠣᠩᠭᠤᠯ ᠤᠨ ᠦᠵᠡᠰᠬᠦᠯᠡᠩ ᠤᠨ | ᠴᠤᠭᠯᠠᠭᠠᠨ᠂ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ | ᠮᠣᠩᠭᠤᠯ ᠣᠷᠣᠰ ᠡᠸᠦ᠋ᠷᠦᠫᠡ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠣᠩᠭᠤᠯ ᠣᠷᠣᠰ ᠡᠸᠦ᠋ᠷᠦᠫᠡ ᠳᠤ | ᠬᠠᠨᠳᠤᠭᠤᠯᠤᠭᠰᠠᠨ ︽ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠴᠠᠭᠠᠷᠢᠭ︾ ᠢ ᠴᠣᠭᠴᠠᠯᠠᠨ᠎ᠠ᠃ | ︵ᠵᠢᠷᠭᠤᠭ᠎ᠠ︶ ᠬᠤᠲᠠ ᠶᠢᠨ ︽ᠬᠦᠴᠦᠷᠬᠡᠭ ᠶᠠᠰᠤ ᠴᠢᠨᠠᠷ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠤᠯᠤᠰ ᠤᠨ ᠨᠢᠭᠡᠳᠦᠭᠡᠷ ᠪᠦᠯᠦᠭ ᠤᠨ | ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠵᠢᠭᠰᠠᠭᠠᠭᠳᠠᠭᠰᠠᠨ ᠠᠵᠠ ᠲᠣᠬᠢᠶᠠᠯ ᠢ ᠠᠮᠵᠢᠵᠤ᠂ ᠬᠤᠶᠠᠳᠤᠭᠠᠷ ᠲᠣᠭᠤᠷᠢᠯ ᠵᠠᠮ ᠤᠨ | ᠳᠣᠲᠣᠷᠠᠬᠢ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠲᠠᠰᠤᠷᠬᠠᠢ ᠵᠠᠮ ᠢ ᠪᠦᠬᠦᠨ ᠢ | ᠨᠡᠪᠲᠡᠷᠡᠭᠦᠯᠬᠦ ᠪᠠᠷ ᠴᠢᠷᠮᠠᠶᠢᠵᠤ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠂ ᠬᠤᠲᠠ ᠶᠢᠨ | ᠣᠶᠤᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠣᠷᠣᠨ ᠤ ᠲᠥᠪ ᠢ ᠣᠷᠣᠰᠢᠨ | ᠰᠠᠭᠤᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ︽ᠬᠥᠮᠥᠨ ᠢ ᠲᠠᠲᠠᠬᠤ᠂ ᠬᠥᠮᠥᠨ ᠢ ᠬᠥᠮᠥᠵᠢᠭᠦᠯᠬᠦ᠂ ᠬᠥᠮᠥᠨ ᠢ ᠦᠯᠡᠳᠡᠭᠡᠬᠦ᠂ ᠬᠥᠮᠥᠨ ᠢ ᠬᠡᠷᠡᠭᠯᠡᠬᠦ︾ ᠳᠤ | ᠰᠠᠭᠤᠷᠢᠯᠠᠵᠤ᠂ ᠲᠡᠷᠢᠭᠦᠨ ᠵᠡᠷᠭᠡ ᠶᠢᠨ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠬᠥᠭᠵᠢᠯᠲᠡ ᠶᠢᠨ | ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠤᠯᠠᠠ ᠴᠢᠳᠠᠪᠤᠷᠢᠲᠠᠨ ᠢ ᠣᠷᠣᠨ ᠤ ᠲᠥᠪ ᠲᠤ ᠢᠷᠡᠭᠦᠯᠵᠦ᠂ ᠣᠷᠣᠨ ᠤ ᠲᠥᠪ ᠲᠤ ᠦᠯᠡᠳᠡᠭᠡᠵᠦ᠂ ᠦᠢᠯᠡᠰ | ᠪᠣᠰᠬᠠᠵᠤ ᠠᠵᠢᠯ ᠣᠯᠬᠤ ᠪᠣᠯᠭᠠᠵᠤ᠂ ᠣᠷᠣᠨ ᠤ ᠲᠥᠪ ᠲᠤ ᠦᠢᠯᠡᠰ ᠪᠣᠰᠬᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠰᠢᠯᠢᠳᠡᠭ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯᠵᠢᠭᠰᠡᠨ ᠨᠡᠶᠢᠳᠡᠮ ᠢ ᠬᠠᠷᠠᠭᠠᠯᠵᠠᠭᠰᠠᠨ | ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠤᠯᠠᠨ ᠶᠠᠩᠵᠤ ᠶᠢᠨ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠣᠨᠴᠠᠯᠢᠭᠲᠤ ᠬᠥᠭᠵᠢᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠭᠰᠢᠯᠡᠭᠦᠯᠦᠨ ᠰᠢᠨ᠎ᠡ ᠶᠢ ᠡᠭᠦᠳᠬᠦ | ᠬᠥᠭᠵᠢᠯᠲᠡ ᠶᠢ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠡᠷᠳᠡᠮ ᠤᠨ ᠴᠣᠯᠠ ᠶᠢ 5 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠣᠷᠣᠨ ᠤ ᠲᠥᠪ ᠢ ᠰᠤᠷᠤᠯᠴᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ | ᠡᠷᠡᠭᠦᠯ ᠮᠡᠨᠲᠦ ᠶᠢᠨ ᠡᠮᠴᠢᠯᠡᠭᠡ ᠰᠤᠪᠢᠯᠠᠯᠲᠠ᠂ ᠠᠮᠢ ᠠᠬᠤᠢ ᠶᠢᠨ ᠵᠢᠭᠤᠯᠴᠢᠯᠠᠯ ᠰᠤᠪᠢᠯᠠᠯᠲᠠ᠂ ᠲᠠᠮᠢᠷ ᠤᠨ ᠬᠥᠳᠡᠯᠭᠡᠭᠡᠨ ᠪᠡᠶ᠎ᠡ ᠰᠤᠪᠢᠯᠠᠯᠲᠠ ᠵᠡᠷᠭᠡ ᠡᠷᠡᠭᠦᠯᠵᠢᠯ | ᠰᠤᠪᠢᠯᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠠᠶᠢᠷᠢᠰᠢᠭᠤᠯᠵᠤ᠂ ᠣᠷᠣᠨ ᠤ ᠲᠥᠪ ᠢ ᠪᠡᠶ᠎ᠡ ᠰᠤᠪᠢᠯᠠᠬᠤ ᠳᠤ ᠨᠡᠩ ᠲᠣᠬᠢᠷᠠᠮᠵᠢᠲᠠᠢ | ᠪᠣᠯᠭᠠᠨ᠎ᠠ᠃ ᠵᠢᠭᠤᠯᠴᠢᠯᠠᠯ ᠤᠨ ᠴᠢᠬᠤᠯᠠ ᠲᠥᠪᠯᠡᠷᠡᠭᠦᠯᠦᠨ ᠲᠠᠷᠬᠠᠭᠠᠬᠤ ᠲᠥᠪ ᠢ ᠪᠥᠬᠦ ᠲᠠᠯ᠎ᠠ ᠪᠠᠷ ᠪᠠᠶᠢᠭᠤᠯᠵᠤ᠂ ᠤᠮᠠᠷᠠᠰᠢ ᠲᠠᠯ᠎ᠠ ᠨᠤᠲᠤᠭ ᠢᠶᠠᠷ | ᠵᠢᠭᠤᠯᠴᠢᠯᠠᠬᠤ᠂ ᠪᠠᠷᠠᠭᠤᠨᠰᠢ ᠡᠯᠡᠰᠦᠨ ᠴᠥᠯ ᠢᠶᠠᠷ ᠲᠣᠭᠤᠷᠢᠬᠤ᠂ ᠡᠮᠦᠨᠡᠰᠢ ᠬᠠᠲᠤᠨ ᠭᠤᠣᠯ ᠢ ᠰᠣᠨᠢᠷᠬᠠᠬᠤ᠂ ᠵᠡᠭᠦᠨᠰᠢ ᠪᠡᠭᠡᠵᠢᠩ ᠲᠢᠶᠠᠨᠵᠢᠨ ᠢ ᠪᠠᠷᠠᠯᠠᠬᠤ | ᠴᠢᠬᠤᠯᠠ ᠵᠢᠭᠤᠯᠴᠢᠯᠠᠯ ᠤᠨ ᠵᠣᠷᠢᠬᠤ ᠭᠠᠵᠠᠷ᠂ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠵᠤ᠂ ᠣᠷᠣᠨ ᠤ ᠲᠥᠪ ᠢ ᠵᠤᠭᠠᠴᠠᠬᠤ ᠳᠤ ᠨᠠᠩ | ᠲᠣᠬᠢᠷᠠᠮᠵᠢᠲᠠᠢ ᠪᠣᠯᠭᠠᠨ᠎ᠠ᠃ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 7% ᠣᠷᠴᠢᠮ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 10% | ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 8% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠯᠢ ᠤᠯᠠᠨ ᠲᠣᠭᠲᠠᠭᠤᠨ ᠢᠶᠠᠷ | ᠨᠡᠮᠡᠭᠳᠡᠭᠦᠯᠬᠦ ᠲᠦᠷᠦ ᠶᠢᠨ ᠪᠣᠳᠣᠯᠭ᠎ᠠ ᠶᠢᠨ ᠦᠢᠯᠡᠳᠦᠯ ᠨᠥᠯᠥᠭᠡ ᠶᠠᠭ ᠪᠠᠳᠠᠷᠠᠵᠤ ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠣᠷᠣᠨ ᠤ ᠲᠥᠪ ᠤᠨ ᠲᠤᠬᠠᠢ ᠳᠤᠷᠠᠳᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ︾ | ᠬᠠᠷᠠᠯᠲᠠ ᠶᠢᠨ ᠱᠠᠭᠠᠷᠳᠠᠯᠭ᠎ᠠ ᠳᠤ ᠰᠠᠭᠤᠷᠢᠯᠠᠪᠠ︔ ᠮᠠᠨ ᠤ ᠬᠤᠲᠠ ᠶᠢᠨ ᠪᠥᠬᠦ ᠣᠷᠣᠨ ᠳᠤ ᠡᠭᠦᠷᠭᠡᠯᠡᠵᠦ ᠪᠠᠶᠢᠭ᠎ᠠ ︽ᠨᠢᠷᠤᠭᠤᠪᠴᠢ ᠪᠣᠯᠬᠤ︾ ︽ᠣᠷᠣᠨ ᠤ | ᠲᠥᠪ ᠢ ᠬᠦᠴᠦᠷᠬᠡᠭᠵᠢᠭᠦᠯᠬᠦ︾ ᠤᠯᠤᠰ ᠲᠥᠷᠥ ᠶᠢᠨ ᠡᠭᠦᠷᠭᠡ ᠳᠤ ᠰᠠᠭᠤᠷᠢᠯᠠᠪᠠ︔ ᠨᠢᠭᠡᠨᠲᠡ ᠪᠦᠷᠢᠯᠳᠦᠭᠰᠡᠨ ᠯᠠᠪᠳᠠᠭᠤᠨ ᠪᠠᠲᠤᠲᠠᠢ ᠬᠥᠭᠵᠢᠯᠲᠡ ᠶᠢᠨ | ᠰᠠᠭᠤᠷᠢ ᠪᠠ ᠬᠡᠷᠡᠭᠵᠢᠭᠦᠯᠦᠭᠰᠡᠨ ᠠᠯᠢ ᠤᠯᠠᠨ ᠴᠢᠬᠤᠯᠠ ᠶᠡᠭᠡ ᠲᠦᠷᠦᠯ ᠵᠦᠢᠯ ᠤᠨ ᠬᠦᠴᠦᠲᠡᠢ ᠲᠤᠯᠭᠠᠭᠤᠷᠢᠯᠠᠯ ᠳᠤ ᠰᠠᠭᠤᠷᠢᠯᠠᠪᠠ᠃ | ᠪᠢᠳᠡ ᠡᠷᠬᠡᠪᠰᠢ ᠡᠯ᠎ᠡ ᠲᠠᠯ᠎ᠠ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠰᠠᠶᠢᠲᠤᠷ ᠠᠰᠢᠭᠯᠠᠵᠤ᠂ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ | ᠶᠡᠭᠡ ᠬᠥᠳᠡᠯᠭᠡᠭᠦ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ︔ ᠪᠢᠳᠡ ᠡᠷᠬᠡᠪᠰᠢ ᠬᠤᠳᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ | ᠰᠠᠶᠢᠲᠤᠷ ᠪᠠᠳᠠᠷᠠᠭᠤᠯᠵᠤ᠂ ︽ᠣᠷᠣᠨ ᠤ ᠲᠥᠪ︾ ᠪᠣᠯᠣᠨ ︽ᠣᠷᠣᠨ ᠪᠦᠰᠡ ᠶᠢᠨ ᠲᠥᠪ︾ ᠤᠨ ᠴᠢᠳᠠᠪᠬᠢ ᠶᠢ ᠲᠤᠪᠤᠶᠢᠯᠭᠠᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠭᠤᠣᠯ ᠵᠠᠩᠭᠢᠯᠠᠭ᠎ᠠ ᠶᠢ ᠪᠦᠲᠦᠮᠵᠢᠲᠡᠢ ᠪᠣᠶᠢᠵᠢᠭᠤᠯᠬᠤ ᠬᠡᠷᠡᠭᠲᠡᠢ︔ ᠪᠢᠳᠡ ᠡᠷᠬᠡᠪᠰᠢ ᠲᠦᠷᠦᠯ ᠵᠦᠢᠯ ᠢ ᠶᠡᠷᠦᠩᠬᠡᠶᠢᠯᠡᠨ ᠵᠠᠬᠢᠷᠬᠤ ᠶᠢ | ᠰᠠᠶᠢᠲᠤᠷ ᠲᠤᠪᠤᠶᠢᠯᠭᠠᠵᠤ᠂ ᠰᠠᠶᠢᠲᠤᠷ ᠪᠠᠷᠢᠮᠲᠠᠯᠠᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠲᠦᠷᠦᠯ ᠵᠦᠢᠯ ᠢ ᠪᠣᠳᠠᠲᠠᠢ ᠠᠳᠬᠤᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢᠨ ᠬᠥᠲᠥᠯᠥᠨ ᠳᠠᠭᠠᠭᠤᠯᠬᠤ ᠲᠤᠯᠭᠠᠭᠤᠷᠢᠯᠠᠯ ᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ︔ ᠪᠢᠳᠡ ᠡᠷᠬᠡᠪᠰᠢ ᠬᠦᠨᠳᠦ ᠶᠡᠭᠡ | ᠠᠶᠤᠯ ᠲᠦᠭᠰᠢᠭᠦᠷᠢ ᠶᠢ ᠰᠠᠶᠢᠲᠤᠷ ᠰᠡᠷᠭᠡᠶᠢᠯᠡᠵᠦ᠂ ᠰᠠᠶᠢᠲᠤᠷ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠲᠤᠯᠠᠭ᠎ᠠ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠭᠠᠭᠴᠠ ᠬᠦ ᠬᠠᠷᠠᠯᠲᠠ ᠪᠠᠨ | ᠰᠤᠯᠠᠷᠠᠭᠤᠯᠤᠯ ᠦᠭᠡᠢ ᠪᠠᠷᠢᠮᠲᠠᠯᠠᠵᠤ᠂ ᠡᠭᠦᠷᠭᠡ ᠪᠠᠨ ᠴᠢᠩᠭ᠎ᠠ ᠠᠩᠬᠠᠷᠴᠤ ᠡᠴᠦᠰ ᠲᠤᠨᠢ ᠲᠤᠯᠲᠠᠯ᠎ᠠ ᠬᠢᠳᠡᠭ ᠯᠡ ᠶᠤᠮ ᠪᠣᠯ ᠮᠠᠨ ᠤ ᠲᠣᠭᠲᠠᠭᠠᠭᠰᠠᠨ ᠬᠠᠷᠠᠯᠲᠠ | ᠯᠠᠪᠲᠠᠢ ᠪᠡᠶᠡᠯᠡᠭᠳᠡᠬᠦ ᠶᠤᠮ᠃ | ︵ᠨᠢᠭᠡ︶ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠪᠠᠷ ᠬᠦᠴᠦᠯᠡᠨ᠎ᠡ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠨᠢᠭᠡᠳᠦᠭᠡᠷ ᠨᠣᠮᠧᠷᠲᠤ | ᠢᠨᠵᠧᠨᠧᠷᠢᠩ︾ ᠪᠣᠯᠭᠠᠨ ᠠᠳᠬᠤᠬᠤ ᠶᠢ ᠪᠠᠷᠢᠮᠲᠠᠯᠠᠵᠤ᠂ ︽ᠬᠤᠣᠰ ᠨᠢᠭᠡ ᠮᠢᠩᠭ᠎ᠠ︾ ᠶᠢᠨ ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠲᠥᠷᠥᠯ ᠵᠦᠢᠯ ᠢ | 1000 ᠠᠴᠠ ᠳᠡᠭᠡᠭᠰᠢ ᠶᠢ ᠬᠡᠷᠡᠭᠵᠢᠭᠦᠯᠵᠦ᠂ 1000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠂ ᠡᠭᠦᠨ ᠳᠤ | 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 26᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ | ᠲᠥᠷᠥᠯ ᠵᠦᠢᠯ ᠢ 201 ᠶᠢ ᠬᠡᠷᠡᠭᠵᠢᠭᠦᠯᠦᠨ᠎ᠡ᠃ ᠪᠥᠬᠦ ᠵᠢᠯ ᠳᠤ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 551᠂ ᠠᠷᠠᠳ ᠤᠨ ᠠᠮᠢᠳᠤᠷᠠᠯ ᠤᠨ | ᠲᠥᠷᠥᠯ ᠤᠨ ᠲᠥᠷᠥᠯ ᠵᠦᠢᠯ ᠢ163᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠬᠠᠷᠢᠯᠴᠠᠭᠠᠨ ᠤ ᠲᠥᠷᠥᠯ ᠤᠨ ᠲᠥᠷᠥᠯ ᠵᠦᠢᠯ ᠢ 328 ᠶᠢ | ᠬᠡᠷᠡᠭᠵᠢᠭᠦᠯᠦᠨ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ᠂ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ | ᠳᠠᠮᠵᠢᠭᠤᠯᠤᠨ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ︾᠂ ᠪᠥᠬᠦ ᠵᠢᠯ ᠳᠤ ︽ᠬᠠᠷᠠᠯᠲᠠ ᠲᠣᠭᠲᠠᠭᠤᠨ︾ ᠪᠠᠶᠢᠬᠤ ᠶᠢ ᠦᠨᠡᠨᠬᠦ ᠪᠠᠲᠤᠯᠠᠨ᠎ᠠ᠃ | ᠬᠡᠷᠡᠭᠯᠡᠭᠡ ᠶᠢ ᠠᠬᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠨ᠎ᠡ᠃ SKP ᠬᠤᠰᠢᠭᠤᠴᠢ ᠳᠡᠯᠭᠡᠭᠦᠷ᠂ ᠦ᠋ ᠶᠤᠸᠠᠢ | ᠲᠠᠯᠠᠪᠠᠶ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠬᠤᠲᠠ ᠶᠢᠨ ᠡᠮᠦᠨᠡᠬᠢ ᠸᠠᠨ ᠳ᠋ᠠ | ᠲᠠᠯᠠᠪᠠᠶ᠂ ᠶᠦᠩ ᠲᠠᠢ ᠴᠧᠩ ᠤᠨ ᠸᠠᠨ ᠳ᠋ᠠ ᠲᠠᠯᠠᠪᠠᠶ᠂ ᠬᠤᠸᠠ ᠷᠦᠨ ᠸᠠᠨ ᠰᠢᠶᠠᠩ ᠬᠤᠲᠠ ᠵᠡᠷᠭᠡ ᠴᠢᠨᠠᠷ ᠰᠠᠶᠢᠲᠠᠢ ᠬᠡᠷᠡᠭᠯᠡᠭᠡᠨ ᠤ ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠦᠨ᠎ᠡ︔ ᠵᠥᠩ ᠱᠠᠨ ᠵᠠᠮ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ | ᠲᠦᠯᠬᠢᠨ ᠠᠬᠢᠭᠤᠯᠵᠤ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ ᠤᠳᠤᠨ ᠵᠡᠭᠡᠯᠢ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠣᠨᠴᠠᠯᠢᠭᠲᠤ | ᠬᠡᠷᠡᠭᠯᠡᠭᠡᠨ ᠤ ᠲᠥᠷᠥᠯ ᠵᠦᠢᠯ ᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ︔ ᠨᠡᠶᠢᠭᠡᠮ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠰᠢᠨ᠎ᠡ ᠰᠣᠷᠭᠤᠭ | ᠢᠳᠡᠭᠡᠨ ᠤ ᠳᠡᠯᠭᠡᠭᠦᠷ ᠢ 100 ᠠᠴᠠ ᠳᠡᠭᠡᠭᠰᠢ ᠶᠢ ᠪᠠᠶᠢᠭᠤᠯᠵᠤ᠂ 68 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ | ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠲᠥᠷᠥᠯ ᠵᠦᠢᠯ ᠢ ᠣᠯᠠᠨ ᠶᠠᠩᠵᠤ ᠪᠠᠷ ᠪᠠᠶᠢᠷᠢᠰᠢᠭᠤᠯᠤᠨ᠎ᠠ᠃ ᠰᠢᠨ᠎ᠡ ᠬᠡᠷᠡᠭᠯᠡᠭᠡᠨ ᠤ ᠬᠡᠷᠡᠭᠴᠡᠭᠡ | ᠱᠠᠭᠠᠷᠳᠠᠯᠭ᠎ᠠ ᠳᠤ ᠵᠣᠬᠢᠴᠠᠭᠤᠯᠤᠨ᠂ ᠪᠥᠬᠦ ᠣᠷᠣᠨ᠂ ᠪᠥᠬᠦ ᠤᠯᠤᠰ ᠤᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠦᠢᠯᠡᠴᠢᠯᠡᠭᠡᠨ ᠤ ᠨᠠᠷᠠᠲᠤ ᠬᠤᠲᠠ ᠶᠢ ᠴᠣᠭᠴᠠᠯᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠦᠢᠯᠡᠰ ᠤᠨ ᠪᠦᠯᠦᠭᠵᠢᠯ ᠪᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠤᠣᠰ ᠲᠤᠰᠬᠠᠢ ᠠᠩᠭᠢ︾ ᠶᠢ ᠬᠦᠴᠦᠷᠬᠡᠭᠵᠢᠭᠦᠯᠦᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠬᠢᠨᠠᠨ ᠰᠢᠯᠭᠠᠬᠤ ᠤᠷᠮᠠᠰᠢᠭᠤᠯᠬᠤ ᠳᠦᠷᠢᠮ ᠢ ᠡᠷᠡᠰ ᠬᠡᠷᠡᠭᠵᠢᠭᠦᠯᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠴᠡᠭ ᠠᠴᠠ ᠴᠡᠭ ᠲᠤ ᠭᠠᠳᠠᠭᠰᠢ ᠭᠠᠷᠴᠤ᠂ ᠨᠠᠷᠢᠯᠢᠭ ᠣᠨᠣᠴᠠᠲᠠᠢ ᠪᠠᠷ ᠲᠠᠲᠠᠨ ᠣᠷᠣᠭᠤᠯᠵᠤ᠂ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠢ ᠴᠢᠭᠯᠡᠵᠦ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠨᠡᠶᠢᠭᠡᠮᠯᠢᠭ ᠢᠶᠠᠷ ᠬᠤᠳᠠᠯᠳᠤᠭᠠᠴᠢᠨ ᠤᠷᠢᠵᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠵᠤ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 300 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠪᠡᠯᠡ ᠣᠷᠣᠭᠤᠯᠤᠯᠲᠠ ᠶᠢ | 400 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠪᠣᠶᠢᠵᠢᠭᠤᠯᠬᠤ | ᠬᠥᠮᠥᠷᠭᠡ ᠶᠢ ᠪᠠᠶᠢᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ 15 ᠠᠴᠠ ᠳᠡᠭᠡᠭᠰᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 7 | ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠬᠦᠴᠦᠲᠡᠢ ᠰᠠᠶᠢᠲᠤᠷ ᠠᠳᠬᠤᠨ᠎ᠠ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ | ᠬᠥᠭᠵᠢᠭᠦᠯᠦᠨ᠎ᠡ᠃ 83 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ | ᠪᠠ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠢᠯᠢ ᠶᠢᠨ ᠳᠡᠭᠡᠳᠦ ᠲᠠᠰ ᠤᠨ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ ᠰᠦᠨ ᠲᠠᠯᠬ᠎ᠠ ᠪᠠ ᠳᠡᠭᠡᠳᠦ ᠲᠠᠰ ᠤᠨ ᠰᠢᠩᠭᠡᠨ ᠲᠥᠯᠥᠪᠲᠦ | ᠰᠦ᠂ ᠮᠧᠩ ᠨᠢᠦ ᠶᠢᠨ ᠪᠢᠰᠢᠯᠠᠭ ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠢᠯᠢ ᠶᠢᠨ ᠪᠢᠰᠢᠯᠠᠭ᠂ | ᠮᠧᠩ ᠨᠢᠦ ᠶᠢᠨ ᠳᠣᠣᠷ᠎ᠠ ᠳᠤᠯᠠᠭᠠᠨᠲᠤ ᠰᠦ ᠪᠣᠯᠣᠨ ᠶᠢᠦ ᠷᠠᠨ ᠮᠠᠯ ᠠᠵᠤ ᠠᠬᠤᠢ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ᠂ ᠱᠧᠩ ᠵᠢᠶᠠᠨ ᠤ | ᠰᠠᠭᠠᠯᠢ ᠶᠢᠨ ᠢᠮᠠᠭᠠᠨ ᠤ ᠰᠠᠭᠤᠷᠢᠨ ᠭᠠᠵᠠᠷ᠂ ᠵᠧᠩ ᠳ᠋ᠡ ᠭᠠᠭ᠋ᠠᠢ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ︔ ᠵᠢᠶᠠ | ᠭᠦᠸᠧ ᠯᠦᠩ ᠭᠦᠩᠹᠦ᠋ ᠼᠠᠢ ᠲᠥᠪ ᠲᠣᠭᠤᠭᠠᠨ ᠭᠡᠷ᠂ ᠳ᠋ᠠ ᠶᠣᠣ ᠶᠢᠨ ᠵᠢᠯ ᠤᠨ ᠭᠠᠷᠤᠯᠲᠠ 30 ᠲᠦᠮᠡᠨ ᠲᠣᠨ ᠤ ᠤᠮᠳᠠᠭᠠᠨ ᠵᠢᠴᠢ ᠵᠢᠮᠢᠰ ᠢᠳᠡᠰᠢᠨ | ᠨᠣᠭᠤᠭ᠎ᠠ ᠶᠢᠨ ᠰᠢᠭᠦᠰᠦ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠳᠡᠯᠡᠬᠡᠢ ᠶᠢᠨ | ᠰᠦ ᠶᠢᠨ ᠬᠤᠲᠠ︾ ᠳᠠᠰᠢ ᠲᠦᠷᠭᠡᠨ ᠤᠷᠤᠭᠰᠢᠯᠠᠨ᠎ᠠ᠃ | ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 70 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠦᠨ᠎ᠡ᠃ ᠶᠤᠸᠠᠨ ᠵᠢᠩ ᠤᠨ 40 ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ | ᠬᠤᠰᠢᠭᠤᠴᠢ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠤᠯᠠᠨ ᠤᠯᠤᠰ ᠤᠨ ᠡᠨᠧᠷᠭᠢ ᠶᠢᠨ ᠬᠤᠰᠢᠭᠤᠴᠢ ᠣᠷᠣᠨ ᠤ ᠤᠮᠠᠷᠠᠲᠤ ᠶᠢᠨ | ᠲᠥᠪ᠂ ᠯᠦᠩ ᠶᠤᠸᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠡᠬᠢᠯᠡᠭᠦᠯᠦᠨ᠎ᠡ︔ ᠳ᠋ᠠ ᠲᠠᠩ ᠤᠨ ᠵᠠᠭᠤᠨ | ᠲᠦᠮᠡᠨ ᠤ ᠲᠠᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠬᠤᠲᠠ ᠶᠢᠨ | ᠡᠨᠧᠷᠭᠢ ᠶᠢᠨ ᠶᠡᠷᠦᠩᠬᠡᠶᠢᠯᠡᠭᠰᠡᠨ ᠴᠣᠭᠴᠠ᠂ ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ | ᠠᠬᠢᠭᠤᠯᠤᠨ᠎ᠠ︔ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ᠂ ᠮᠧᠩ ᠨᠢᠦ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠥᠬᠦ ᠠᠵᠤ ᠦᠢᠯᠡᠰ ᠤᠨ ᠬᠡᠯᠬᠢᠶᠡᠨ ᠤ ᠵᠢᠱᠢᠶ᠎ᠡ ᠦᠵᠡᠭᠦᠯᠬᠦ ᠣᠷᠣᠨ ᠢ | ᠪᠦᠲᠦᠭᠡᠨ ᠪᠠᠶᠢᠭᠤᠯᠤᠨ᠎ᠠ︔ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ | ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠶᠢᠨ ᠠᠮᠢᠳᠤᠯᠢᠭ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠤᠯᠤᠰ ᠤᠨ ᠴᠡᠪᠡᠷ | ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠮᠠᠷᠠᠲᠤ ᠶᠢᠨ ᠴᠡᠪᠡᠷ ᠡᠨᠧᠷᠭᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ | ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 18 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠦᠨ᠎ᠡ᠃ ᠵᠢᠦ ᠲᠠᠢ ᠶᠢᠨ 100 ᠲᠦᠮᠡᠨ ᠲᠣᠨ ᠡᠲ᠋ᠠ ᠬᠤᠶᠠᠷᠴᠢ ᠠᠯᠺᠣᠣᠯ᠂ ᠰᠢᠦᠢ ᠶᠠᠩ ᠵᠦᠩ ᠷᠠᠨ ᠤ 300 ᠲᠦᠮᠡᠨ | ᠲᠣᠨ ᠤ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ︔ ᠵᠢᠦ ᠲᠠᠢ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠵᠠᠳᠠᠷᠠᠵᠤ ᠪᠣᠯᠬᠤ ᠮᠠᠲ᠋ᠧᠷᠢᠶᠠᠯ᠂ ᠵᠢᠦ ᠲᠠᠢ ᠶᠢᠨ ᠤᠰᠤᠲᠥ᠋ᠷᠥᠭᠴᠢ ᠶᠢ ᠰᠢᠩᠭᠡᠨᠵᠢᠭᠦᠯᠦᠨ | ᠴᠡᠪᠡᠷᠰᠢᠭᠦᠯᠬᠦ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ ᠥᠭᠡᠷᠡᠴᠢᠯᠡᠯᠲᠡ᠂ ᠳᠤᠮᠳᠠᠳᠤ | ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠫᠷᠣᠫᠠᠨ ᠢᠶᠠᠷ ᠤᠰᠤᠲᠥ᠋ᠷᠥᠭᠴᠢ ᠶᠢ ᠠᠯᠳᠠᠭᠤᠯᠬᠤ ᠵᠡᠷᠭᠡ ᠲᠥᠷᠥᠯ | ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 65 | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠵᠦᠩ ᠬᠤᠸᠠᠨ ᠤ ᠠᠵᠤ ᠦᠢᠯᠡᠰ ᠤᠨ ᠬᠤᠲᠠ ᠶᠢ ᠡᠬᠢᠯᠡᠨ ᠪᠦᠲᠦᠭᠡᠨ ᠪᠠᠶᠢᠭᠤᠯᠤᠨ᠎ᠠ︔ ᠵᠦᠩ | ᠬᠤᠸᠠᠨ ᠤ ᠲᠠᠪᠤᠳᠤᠭᠠᠷ ᠬᠤᠭᠤᠴᠠᠭᠠᠨ ᠤ ᠴᠢᠳᠠᠮᠵᠢ ᠶᠢ ᠥᠷᠭᠡᠳᠬᠡᠬᠦ᠂ ᠵᠦᠩ ᠬᠤᠸᠠᠨ ᠤ 25GW ᠶᠢᠨ ᠣᠶᠤᠨᠴᠢᠯᠠᠭᠰᠠᠨ ᠬᠡᠷᠴᠢᠮᠡᠯ ᠢᠯᠲᠠᠰᠤ᠂ ᠵᠦᠩ | ᠬᠤᠸᠠᠨ ᠯᠢᠩ ᠰᠢᠶᠠᠨ ᠤ ᠬᠤᠶᠠᠳᠤᠭᠠᠷ ᠬᠤᠭᠤᠴᠠᠭᠠᠨ ᠤ ᠬᠠᠭᠠᠰ ᠳᠠᠮᠵᠢᠭᠤᠯᠤᠭᠴᠢ ᠶᠢᠨ ᠲᠠᠰ ᠤᠨ ᠲᠠᠩ ᠲᠠᠯᠠᠰᠲᠤ ᠴᠠᠬᠢᠭᠤᠷ᠂ ᠬᠤᠸᠠ ᠶᠣᠣ ᠬᠡᠷᠡᠯ | ᠴᠠᠬᠢᠯᠭᠠᠨ ᠤ ᠬᠤᠶᠠᠳᠤᠭᠠᠷ ᠬᠤᠭᠤᠴᠠᠭᠠᠨ ᠤ 12GW ᠶᠢᠨ ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ︽ᠳᠤᠮᠳᠠᠳᠤ ᠤᠯᠤᠰ ᠤᠨ ᠴᠠᠬᠢᠭᠤᠷ ᠤᠨ ᠬᠥᠨᠳᠡᠢ︾ ᠶᠢ ᠴᠣᠭᠴᠠᠯᠠᠨ᠎ᠠ᠃ ᠶᠤᠸᠠᠨ ᠵᠢᠩ ᠤᠨ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠵᠦᠩ ᠯᠢ ᠶᠢᠨ ᠯᠢᠲ᠋ᠢ ᠴᠠᠬᠢᠯᠭᠠᠨ ᠴᠡᠨᠡᠭ ᠤᠨ ᠲᠠᠰᠤᠯᠤᠪᠴᠢ ᠶᠢᠨ ᠦᠢᠯᠡᠳᠪᠦᠷᠢᠯᠡᠯ | ᠤᠨ ᠱᠤᠭᠤᠮ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠳ᠋ᠦᠩ ᠹᠠᠩ ᠴᠠᠬᠢᠯᠭᠠᠨ ᠤ ᠰᠠᠯᠬᠢᠨ | ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ᠂ ᠴᠠᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ ᠲᠣᠨᠣᠭᠯᠠᠯ ᠤᠨ ᠦᠢᠯᠡᠳᠪᠦᠷᠢᠯᠡᠯ | ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ︔ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠵᠦᠢᠯ ᠢ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 36 ᠭᠤᠣᠯᠳᠠᠯᠭ᠎ᠠ ᠲᠠᠢ ᠲᠦᠷᠦᠯ ᠵᠦᠢᠯ | ᠢ ᠬᠡᠷᠡᠭᠵᠢᠭᠦᠯᠦᠨ᠎ᠡ᠃ ᠶᠢᠨ ᠢᠦᠢ ᠭᠦᠩ ᠯᠢ ᠶᠢᠨ ᠡᠩᠬᠦᠷᠡᠢ ᠠᠮᠢᠲᠠᠨ ᠤ ᠸᠠᠺᠼᠢᠨ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ᠂ ᠬᠤᠸᠠ ᠰᠢ ᠠᠮᠢᠳᠤ | ᠪᠣᠳᠠᠰ ᠤᠨ ᠠᠮᠢᠲᠠᠨ ᠤ ᠸᠠᠺᠼᠢᠨ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠳ᠋ᠠ ᠲᠠᠩ ᠡᠮ ᠤᠨ ᠦᠢᠯᠡᠰ ᠤᠨ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠪᠥᠸᠧ ᠬᠤᠶ ᠴᠤᠸᠠᠩ ᠰᠢᠨ ᠤ ᠠᠮᠢᠳᠤ ᠪᠣᠳᠠᠰ ᠤᠨ ᠮᠡᠷᠭᠡᠵᠢᠯ ᠤᠨ | ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠶᠢᠨ ᠳ᠋ᠠ ᠸᠧᠢ ᠶᠢᠨ ᠳᠠᠭᠠᠯᠲᠠ | ᠢᠰᠬᠡᠭᠦᠷ ᠤᠨ Q10 ᠶᠢᠨ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠵᠤ᠂ ᠪᠥᠬᠦ ᠤᠯᠤᠰ ᠤᠨ | ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠠᠮᠢᠳᠤ ᠪᠣᠳᠠᠰ ᠤᠨ ᠡᠮ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 50 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠳ᠋ᠦᠩ | ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠨᠢᠭᠡᠳᠦᠭᠡᠷ ᠬᠤᠭᠤᠴᠠᠭ᠎ᠠ᠂ ᠳ᠋ᠦᠩ | ᠹᠠᠩ ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠳᠡᠰ ᠠᠴᠠ ᠳᠠᠪᠠᠭᠰᠠᠨ ᠺᠣᠮᠫᠢᠦ᠋ᠲ᠋ᠧᠷ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ︔ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠪᠠ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ | ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ | ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠪ᠂ ᠵᠦᠩ ᠱᠤ᠋ ᠰᠢᠩ ᠱᠧᠩ ᠤᠨ ᠤᠮᠠᠷᠠᠲᠤ ᠶᠢᠨ ᠲᠤᠭ᠎ᠠ ᠪᠠᠷᠢᠮᠲᠠ ᠶᠢᠨ ᠨᠠᠭᠤᠷ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ ᠤᠨ | ᠥᠪᠥᠷ ᠮᠣᠩᠭᠤᠯ ᠤᠨ ᠳᠡᠭᠡᠳᠦ ᠴᠢᠳᠠᠮᠵᠢᠲᠤ ᠪᠤᠳᠤᠬᠤ ᠬᠦᠴᠦᠨ ᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ | ᠤᠯᠤᠰ ᠤᠨ ᠤᠮᠠᠷᠠᠲᠤ ᠶᠢᠨ ᠪᠤᠳᠤᠬᠤ ᠬᠦᠴᠦᠨ ᠤ ᠲᠥᠪ ᠢ ᠪᠦᠲᠦᠭᠡᠨ ᠪᠠᠶᠢᠭᠤᠯᠤᠨ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠴᠣᠭᠴᠠᠯᠠᠨ᠎ᠠ᠃ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠴᠢᠳᠠᠪᠬᠢ ᠶᠢᠨ ᠪᠠᠶᠢᠷᠢ | ᠲᠣᠭᠲᠠᠭᠠᠯᠲᠠ ᠶᠣᠰᠣᠭᠠᠷ᠂ ᠨᠡᠭᠡᠭᠡᠯᠲᠡ ᠶᠢᠨ ᠲᠣᠭᠤᠷᠢᠭ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ᠃ ᠨᠡᠭᠡᠭᠡᠯᠲᠡ ᠶᠢᠨ | ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠯᠠ ᠪᠠᠶᠢᠭ᠎ᠠ ᠳᠣᠣᠷ᠎ᠠ ᠠᠰᠢᠭᠯᠠᠮᠵᠢ ᠲᠠᠢ | ᠭᠠᠵᠠᠷ ᠢ ᠢᠯᠭᠠᠷᠠᠭᠤᠯᠵᠤ᠂ ︽ᠠᠮᠠᠯᠠᠯᠲᠠ ᠶᠢᠨ ᠳᠦᠷᠢᠮ ᠢᠶᠠᠷ ᠤᠷᠢᠳᠴᠢᠯᠠᠨ ᠠᠵᠢᠯ ᠡᠬᠢᠯᠡᠭᠦᠯᠬᠦ︾ ︽ᠣᠷᠣᠨ ᠪᠦᠰᠡ ᠶᠢᠨ ᠦᠨᠡᠯᠡᠨ ᠵᠢᠱᠢᠯᠲᠡ︾ ︽ | ᠪᠠᠷᠢᠮᠵᠢᠶ᠎ᠠ ᠭᠠᠵᠠᠷ︾ ᠵᠡᠷᠭᠡ ᠥᠭᠡᠷᠡᠴᠢᠯᠡᠯᠲᠡ ᠶᠢ ᠳᠡᠯᠭᠡᠷᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ︵ᠬᠦᠷᠢᠶᠡᠯᠡᠩ ᠲᠣᠭᠤᠷᠢᠭ︶ ᠤᠨ | ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠮᠡᠳᠡᠭᠦᠯᠦᠨ᠎ᠡ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠲᠤ ᠡᠷᠬᠡ ᠶᠢ ᠪᠠᠭᠤᠯᠭᠠᠵᠤ ᠴᠢᠳᠠᠪᠤᠷᠢ ᠣᠯᠭᠤᠬᠤ ᠬᠦᠴᠦᠯᠡᠴᠡ ᠶᠢ ᠨᠡᠮᠡᠭᠳᠡᠭᠦᠯᠦᠨ᠎ᠡ᠃ ᠣᠶᠤᠨᠲᠤ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠲᠤ ᠬᠦᠷᠢᠶᠡᠯᠡᠩ ᠲᠣᠭᠤᠷᠢᠭ ᠢ ︽ᠨᠡᠶᠢᠳᠡᠮ ᠪᠦᠷᠬᠦᠭᠦᠯᠬᠦ︾ ᠶᠢ | ᠪᠡᠶᠡᠯᠡᠭᠦᠯᠦᠨ᠎ᠡ᠃ | ︵ᠭᠤᠷᠪᠠ︶ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠶᠤᠸᠠᠨ ᠵᠢᠩ ᠤᠨ ᠦᠴᠦᠸᠠᠨ ᠤ ᠨᠡᠭᠦᠷᠡᠰᠦᠲᠥ᠋ᠷᠥᠭᠴᠢ | ᠦᠯᠦ ᠭᠠᠳᠠᠭᠰᠢᠯᠠᠭᠤᠯᠬᠤ ᠠᠮᠢ ᠠᠬᠤᠢ ᠶᠢᠨ ᠴᠡᠴᠡᠷᠯᠢᠭ᠂ ᠮᠠ ᠽᠥᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ | ᠮᠣᠷᠢᠨ ᠬᠤᠭᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠷᠠᠰᠢᠶᠠᠨᠲᠤ ᠰᠢᠯᠢ ᠶᠢᠨ ᠦᠵᠡᠮᠵᠢ ᠶᠢᠨ ᠣᠷᠣᠨ ᠢ | ᠥᠭᠡᠷᠡᠴᠢᠯᠡᠬᠦ᠂ ᠶᠡᠭᠡ ᠲᠦᠷᠭᠡᠨ ᠭᠤᠣᠯ ᠲᠡᠭᠦᠷᠭᠡ ᠶᠢᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠡᠮᠦᠨ᠎ᠡ ᠨᠠᠭᠤᠷ ᠤᠨ ᠨᠤᠭᠤ ᠭᠠᠵᠠᠷ ᠤᠨ ᠴᠡᠴᠡᠷᠯᠢᠭ ᠢ | ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ | ᠦᠵᠡᠮᠵᠢ ᠶᠢᠨ ᠣᠷᠣᠨ ᠢ ᠪᠠᠶᠢᠭᠤᠯᠤᠨ᠎ᠠ︔ ᠴᠡᠯᠡᠭᠡᠷ ᠲᠠᠯ᠎ᠠ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠪᠦᠰᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠠᠶᠠᠯᠠᠵᠤ ᠵᠣᠷᠴᠢᠬᠤ ᠲᠣᠭᠤᠷᠢᠵᠤ ᠵᠤᠭᠠᠴᠠᠬᠤ ᠶᠠᠭᠤᠮ᠎ᠠ ᠪᠠᠷᠠᠭ᠎ᠠ | ᠬᠤᠳᠠᠯᠳᠤᠨ ᠠᠪᠬᠤ ᠵᠤᠭᠠᠯᠠᠵᠤ ᠴᠡᠩᠭᠡᠬᠦ︾ ᠪᠦᠬᠦ ᠡᠯᠧᠮᠧᠨ᠋ᠲ ᠤᠨ ︽ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ︾ ᠶᠢ 7 ᠶᠢ | ᠪᠠᠶᠢᠭᠤᠯᠤᠨ᠎ᠠ︔ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠤᠯᠤᠰ ᠤᠨ 5A ᠳᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ︔ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ | ︽ᠨᠢᠭᠡ ᠡᠳᠦᠷ ᠤᠨ ᠵᠢᠭᠤᠯᠴᠢᠯᠠᠯ᠂ ᠬᠤᠶᠠᠷ ᠡᠳᠦᠷ ᠤᠨ ᠵᠢᠭᠤᠯᠴᠢᠯᠠᠯ︾ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠠᠵᠤ | ᠦᠢᠯᠡᠳᠪᠦᠷᠢ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ | ᠠᠬᠤᠢ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ | ᠵᠢᠭᠤᠯᠴᠢᠯᠠᠭᠴᠢᠳ ᠢ ᠬᠥᠬᠡᠬᠤᠲᠠ ᠳᠤ ᠬᠠᠶᠢᠷᠠᠲᠠᠢ ᠪᠣᠯᠭᠠᠵᠤ᠂ ᠣᠷᠣᠨ ᠤ ᠲᠥᠪ ᠤᠨ ᠵᠢᠭᠤᠯᠴᠢᠯᠠᠯ ᠢ ᠵᠢᠯ ᠤᠨ ᠳᠥᠷᠪᠡᠨ ᠤᠯᠠᠷᠢᠯ ᠳᠤ ᠬᠥᠭᠵᠢᠶᠡᠨᠲᠡᠢ | ᠪᠣᠯᠭᠠᠨ᠎ᠠ᠃ | ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠠᠰ ᠳᠡᠪᠰᠢᠭᠰᠡᠨ ᠬᠥᠭᠵᠢᠯᠲᠡ ᠶᠢ ᠠᠬᠢᠭᠤᠯᠤᠨ᠎ᠠ᠃ ᠱᠧᠨ ᠲᠦᠩ᠂ ᠢ ᠱᠦᠨ ᠵᠡᠷᠭᠡ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠶᠦᠨ ᠳ᠋ᠡ᠂ ᠵᠥᠩ ᠲᠦᠩ᠂ ᠶᠤᠸᠠᠨ ᠲᠦᠩ᠂ ᠵᠢᠦ ᠵᠧᠦ ᠲᠦᠩ ᠵᠡᠷᠭᠡ ᠶᠢᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠵᠢᠵᠢᠭ ᠲᠠᠷᠠᠬᠠᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠰᠢᠯᠢᠳᠡᠭᠵᠢᠭᠦᠯᠦᠨ | ᠨᠡᠶᠢᠯᠡᠭᠦᠯᠵᠦ᠂ ᠮᠢᠩ ᠫᠢᠨ ᠹᠦ᠋᠂ ᠵᠦᠩ ᠨᠦᠩ ᠯᠢᠶᠠᠨ᠂ ᠸᠠᠨ ᠺᠧ᠂ ᠲᠢᠶᠧ ᠲᠦᠩ ᠵᠡᠷᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ | ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠡᠰᠡᠭ ᠢ ᠪᠠᠶᠢᠭᠤᠯᠵᠤ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠦᠲᠦᠭᠡᠨ ᠪᠠᠶᠢᠭᠤᠯᠵᠤ᠂ ᠤᠯᠤᠰ ᠤᠨ | ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ᠮᠥᠩᠭᠦᠨ ᠭᠦᠢᠯᠭᠡᠭᠡᠨ ᠤ ᠠᠵᠤ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠬᠥᠬᠡᠬᠤᠲᠠ ᠶᠢᠨ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠪᠠᠩᠬᠢ ᠶᠢ ᠪᠡᠯᠡᠳᠬᠡᠨ ᠪᠠᠶᠢᠭᠤᠯᠵᠤ᠂ ᠭᠤᠸᠠᠩ ᠹᠠ ᠪᠠᠩᠬᠢ ᠶᠢᠨ ᠮᠠᠨ ᠤ ᠬᠤᠲᠠ ᠳᠤ ᠣᠷᠣᠵᠤ ᠰᠠᠭᠤᠬᠤ ᠶᠢ ᠠᠬᠢᠭᠤᠯᠤᠨ᠎ᠠ᠃ ᠵᠠᠰᠠᠭ ᠮᠥᠩᠭᠦᠨ | ᠭᠦᠢᠯᠭᠡᠭᠡ ᠠᠵᠤ ᠠᠬᠤᠶᠢᠯᠠᠯ ᠤᠨ ᠲᠦᠷᠦᠭᠦᠴᠦᠳ ᠤᠨ ᠬᠤᠷᠠᠯ ᠢ ᠪᠠᠶᠢᠩᠭᠤᠵᠢᠭᠤᠯᠤᠨ ᠡᠷᠬᠢᠯᠡᠵᠦ᠂ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠠᠵᠤ ᠠᠬᠤᠶᠢᠯᠠᠯ ᠱᠠᠲᠤ ᠳᠠᠷᠠᠭᠠᠯᠠᠨ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ | ᠭᠠᠷᠬᠤ ᠶᠢ ᠲᠦᠷᠭᠡᠳᠬᠡᠵᠦ᠂ 3 ︱ 5 ᠠᠵᠤ ᠠᠬᠤᠶᠢᠯᠠᠯ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠴᠢᠷᠮᠠᠶᠢᠨ᠎ᠠ᠃ | ᠠᠮᠢ ᠨᠠᠰᠤᠨ ᠤ ᠡᠷᠡᠭᠦᠯ ᠮᠡᠨᠳᠤ ᠶᠢᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠲᠠᠢ ᠺᠠᠩ ᠡᠮᠴᠢᠯᠡᠭᠡ | ᠰᠤᠪᠢᠯᠠᠯᠲᠠ ᠶᠢᠨ ᠠᠵᠤ ᠦᠢᠯᠡᠰ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠵᠢᠱᠢᠶ᠎ᠡ ᠦᠵᠡᠭᠦᠯᠬᠦ ᠴᠢᠨᠠᠷᠲᠠᠢ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠡᠬᠢᠯᠡᠵᠦ ᠠᠵᠢᠯᠯᠠᠭᠤᠯᠤᠨ᠎ᠠ᠃ ᠣᠶᠣᠨ ᠰᠠᠨᠠᠭᠠᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ | ᠰᠤᠪᠢᠯᠠᠯᠲᠠ ᠶᠢᠨ ᠲᠥᠪ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ ᠣᠷᠣᠰᠢᠭᠤᠯᠭ᠎ᠠ ᠶᠢᠨ | ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠡᠦᠬᠡᠳ ᠠᠰᠠᠷᠠᠬᠤ | ᠪᠠᠶᠢᠭᠤᠯᠤᠮᠵᠢ ᠶᠢ 42᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 100 ᠶᠢ ᠰᠢᠨ᠎ᠡ ᠪᠠᠷ | ᠪᠠᠶᠢᠭᠤᠯᠤᠨ᠎ᠠ᠃ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ 200 ᠶᠢ ᠰᠢᠨ᠎ᠡ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠲᠥᠪ ᠤᠨ ᠭᠡᠷ ᠳᠣᠲᠣᠷᠠᠬᠢ ᠮᠥᠰᠥᠨ | ᠲᠠᠯᠠᠪᠤᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠷᠭᠡᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠵᠤ ᠬᠥᠳᠡᠯᠭᠡᠭᠡᠨ ᠬᠢᠬᠦ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠶᠡᠷᠦᠩᠬᠡᠢ ᠬᠡᠯᠲᠡᠰ ᠤᠨ ᠠᠵᠤ ᠠᠬᠤᠢ᠂ ᠬᠤᠷᠠᠯ ᠦᠵᠡᠰᠬᠦᠯᠡᠩ ᠤᠨ ᠠᠵᠤ ᠠᠬᠤᠢ᠂ | ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠰᠢᠪᠲᠤᠯᠤᠯᠲᠠ ᠲᠠᠢ ᠬᠥᠭᠵᠢᠯᠲᠡ ᠶᠢ ᠠᠬᠢᠭᠤᠯᠤᠨ᠎ᠠ᠃ ᠶᠤᠸᠠᠨ ᠵᠢᠩ᠂ ᠬᠤᠸᠠ ᠸᠧᠢ᠂ ᠺᠧ ᠳ᠋ᠠ ᠰᠢᠶᠦ᠋ᠨ | ᠹᠧᠢ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠪᠣᠯᠣᠨ ᠶᠢᠦ ᠷᠠᠨ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠮᠣ ᠬᠡᠯᠪᠡᠷᠢ ᠶᠢᠨ ᠦᠵᠡᠭᠦᠯᠦᠯᠭᠡ ᠶᠢᠨ | ᠴᠤᠭᠯᠠᠭᠠᠨ ᠢ 30 ᠲᠠᠯᠠᠪᠠᠢ ᠠᠴᠠ ᠳᠡᠭᠡᠭᠰᠢ ᠡᠷᠬᠢᠯᠡᠬᠦ ᠶᠢ ᠬᠥᠲᠥᠯᠥᠨ ᠵᠢᠯᠣᠭᠤᠳᠤᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠠᠰ ᠳᠡᠪᠰᠢᠬᠦ ᠶᠢ | ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠣᠯᠠᠨ ᠤᠯᠤᠰ ᠤᠨ | ᠨᠥᠬᠦᠷᠰᠡᠭ ᠬᠤᠲᠠ ᠶᠢᠨ ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢ ᠪᠠᠶᠢᠩᠭᠤ ᠶᠢᠨ ᠴᠢᠨᠠᠷᠲᠠᠢ ᠠᠵᠢᠯᠯᠠᠭᠤᠯᠤᠨ᠎ᠠ᠃ | ︵ᠳᠥᠷᠪᠡ︶ ᠬᠥᠭᠵᠢᠯᠲᠡ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠬᠥᠬᠡᠬᠤᠲᠠ | ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ︾ ᠢ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠳᠤ ᠣᠷᠣᠭᠤᠯᠬᠤ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠮᠠᠷᠠᠲᠤ | ᠬᠡᠰᠡᠭ ᠤᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ︽ᠰᠤᠳᠤᠯᠤᠨ ᠨᠡᠭᠡᠭᠡᠬᠦ ᠣᠷᠣᠨ︾ ᠳᠤ ᠲᠠᠯ᠎ᠠ ᠨᠤᠲᠤᠭ ᠤᠨ ᠨᠣᠭᠤᠭᠠᠨ | ᠬᠥᠨᠳᠡᠢ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠤᠳᠤᠯᠤᠨ | ᠨᠡᠭᠡᠭᠡᠬᠦ᠂ ᠶᠡᠷᠦᠩᠬᠡᠢ ᠬᠡᠯᠲᠡᠰ᠂ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ︔ ᠳᠤᠮᠳᠠ ᠬᠡᠰᠡᠭ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ | ᠴᠣᠭᠴᠠᠯᠠᠬᠤ ᠬᠦᠷᠢᠶᠡᠯᠡᠩ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠬᠦᠷᠢᠶᠡᠯᠡᠩ᠂ ᠶᠢᠨ ᠴᠢᠶᠣᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠦᠢᠯᠡᠰ ᠤᠨ ᠬᠦᠷᠢᠶᠡᠯᠡᠩ ᠤᠨ ︽ᠨᠡᠪᠴᠢᠭᠦᠯᠬᠦ ᠣᠷᠣᠨ︾ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠯᠲᠡ ᠪᠠ ᠰᠢᠨ᠎ᠡ ᠶᠢ ᠡᠭᠦᠳᠦᠨ ᠦᠢᠯᠡᠰ | ᠴᠣᠭᠴᠠᠯᠠᠬᠤ ᠶᠢ ᠥᠷᠨᠢᠭᠦᠯᠦᠨ᠎ᠡ︔ ᠡᠮᠦᠨᠡᠲᠦ ᠬᠡᠰᠡᠭ ᠤᠨ ᠬᠤᠷᠢᠨᠭᠡᠷ ᠰᠢᠨ᠎ᠡ ᠲᠣᠭᠤᠷᠢᠭ ᠤᠨ ︽ᠬᠡᠷᠡᠭᠯᠡᠭᠡᠨ ᠤ ᠲᠣᠭᠤᠷᠢᠭ︾ ᠲᠤ ᠺᠧ ᠲᠦᠸᠧ ᠠᠮᠢᠳᠤ | ᠪᠣᠳᠠᠰ ᠤᠨ ᠪᠢᠴᠢᠯ ᠠᠮᠢ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ᠂ ᠱᠠᠨ ᠰᠢ ᠶᠢᠨ ᠪᠠᠢ ᠰᠢᠨ ᠦᠢᠯᠡᠴᠢᠯᠡᠭᠦᠷ ᠤᠨ ᠦᠢᠯᠡᠳᠬᠡᠯ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠲᠦᠷᠦᠯ ᠵᠦᠢᠯ ᠢ ᠪᠠᠶᠢᠷᠢᠰᠢᠭᠤᠯᠤᠨ᠎ᠠ᠃ ᠤᠯᠤᠰ ᠤᠨ | ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠰᠦ ᠰᠠᠶᠢᠲᠠᠢ ᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ᠂ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ | ᠰᠦᠨ ᠲᠠᠯᠬ᠎ᠠ ᠶᠢ ᠡᠬᠡ ᠶᠢᠨ ᠰᠦ ᠶᠢᠨ ᠠᠮᠲᠠ ᠲᠠᠢ ᠪᠣᠯᠭᠠᠬᠤ ᠵᠢᠴᠢ ᠰᠦᠨ ᠤ ᠪᠦᠲᠦᠭᠡᠭᠳᠡᠬᠦᠨ ᠤ ᠲᠦᠭᠦᠬᠡᠢ ᠡᠳ᠋ ᠢ ᠨᠡᠭᠡᠭᠡᠨ ᠬᠥᠭᠵᠢᠭᠦᠯᠬᠦ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠤᠨ᠎ᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ᠂ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠰᠠᠶᠢᠲᠤᠷ ᠬᠡᠷᠡᠭᠯᠡᠨ᠎ᠡ᠃ ᠳᠤᠮᠳᠠᠳᠤ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠰᠤᠳᠤᠯᠭᠠᠨ ᠤ ᠬᠦᠷᠢᠶᠡᠯᠡᠩ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠲᠥᠪ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠡᠷ ᠤᠨ ᠮᠠᠯ ᠤᠨ ᠡᠭᠦᠯᠳᠡᠷ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ | ᠭᠠᠵᠠᠷ᠂ ᠽᠢ ᠭᠤᠸᠠᠩ ᠪᠦᠯᠦᠭᠯᠡᠯ ᠤᠨ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ ᠤᠮᠠᠷᠠᠲᠤ ᠶᠢᠨ ᠰᠤᠳᠤᠯᠤᠨ ᠨᠡᠭᠡᠭᠡᠬᠦ ᠲᠥᠪ᠂ ᠶᠢᠨ ᠢᠦᠢ ᠠᠮᠢᠳᠤ ᠪᠣᠳᠠᠰ ᠤᠨ ᠠᠶᠤᠯᠭᠦᠢ ᠶᠢᠨ ᠠᠮᠢᠲᠠᠨ ᠤ ᠲᠤᠷᠰᠢᠯᠲᠠ ᠶᠢᠨ ᠲᠠᠰᠤᠭ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠦ ᠶᠢᠨ ᠦᠢᠯᠡᠰ᠂ ᠡᠪᠡᠰᠦᠨ | ᠦᠷ᠎ᠡ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ 40 ᠵᠦᠢᠯ ᠠᠴᠠ ᠳᠡᠭᠡᠭᠰᠢ ᠬᠡᠷᠡᠭᠵᠢᠭᠦᠯᠦᠨ᠎ᠡ︔ ᠰᠦ ᠶᠢᠨ ᠦᠢᠯᠡᠰ᠂ ᠡᠪᠡᠰᠦᠨ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠤᠯᠤᠰ ᠤᠨ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠴᠢᠷᠮᠠᠶᠢᠨ ᠪᠠᠶᠢᠭᠤᠯᠤᠨ᠎ᠠ︔ ︽ᠵᠠᠷᠯᠠᠯ ᠭᠥᠯᠢᠶᠡᠨ ᠬᠤᠰᠢᠭᠤᠷᠠᠨ ᠠᠵᠢᠯᠯᠠᠬᠤ︾ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠮᠡᠷᠭᠡᠵᠢᠯ ᠤᠨ | ᠵᠠᠬ᠎ᠠ ᠳᠡᠯᠭᠡᠭᠦᠷ ᠤᠨ ᠭᠡᠷ᠎ᠡ ᠶᠢᠨ ᠠᠷᠠᠯᠵᠢᠶ᠎ᠠ ᠪᠦᠲᠦᠬᠦ ᠲᠤᠭ᠎ᠠ ᠶᠢ 13 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠮᠡᠷᠭᠡᠵᠢᠯ ᠤᠨ ︽ᠪᠣᠭᠤᠮᠢ︾ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠭᠦᠬᠦ ᠲᠢᠩᠬᠢᠮ ᠢ ᠪᠡᠯᠡᠳᠬᠡᠨ ᠪᠠᠶᠢᠭᠤᠯᠵᠤ᠂ ᠳᠤᠮᠳᠠᠳᠤ ᠤᠯᠤᠰ ︵ᠬᠥᠬᠡᠬᠤᠲᠠ︶ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢᠶᠠᠷ ᠵᠥᠪᠰᠢᠶᠡᠷᠡᠭᠳᠡᠬᠦ ᠪᠠᠷ ᠴᠢᠷᠮᠠᠶᠢᠨ᠎ᠠ᠃ ︽ᠠᠷᠪᠠᠨ ᠲᠦᠮᠡᠨ | ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠬᠡᠷᠡᠭᠵᠢᠭᠦᠯᠵᠦ᠂ ᠵᠢᠯ ᠤᠨ ᠳᠣᠲᠣᠷ᠎ᠠ 3 ᠲᠦᠮᠡᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠬᠥᠬᠡᠬᠤᠲᠠ ᠳᠤ ᠦᠢᠯᠡᠰ ᠴᠣᠭᠴᠠᠯᠠᠨ ᠠᠵᠢᠯ ᠣᠯᠬᠤ ᠶᠢ ᠲᠠᠲᠠᠵᠤ᠂ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠴᠢᠳᠠᠪᠤᠷᠢᠲᠠᠨ ᠤ ᠲᠥᠪ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠨ᠎ᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠲᠦᠷᠭᠡᠳᠬᠡᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠮᠣ | ᠳ᠋ᠠᠶᠢᠲ᠋ᠠ ᠶᠢᠨ ᠬᠡᠷᠡᠭᠯᠡᠯᠲᠡ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ︽ᠴᠠᠬᠢᠯᠭᠠᠨ ᠤ ᠬᠡᠮᠵᠢᠶ᠎ᠡ ᠪᠠᠷ | ᠤᠰᠤᠨ ᠤ ᠬᠡᠮᠵᠢᠶ᠎ᠡ ᠶᠢ ᠪᠣᠳᠤᠬᠤ︾ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠶᠢ ᠬᠢᠨᠠᠨ ᠬᠡᠮᠵᠢᠬᠦ ᠶᠢ ︽ᠨᠡᠶᠢᠳᠡᠮ ᠪᠦᠷᠬᠦᠭᠦᠯᠬᠦ︾ ᠶᠢ | ᠪᠡᠶᠡᠯᠡᠭᠦᠯᠦᠨ᠎ᠡ᠃ ᠬᠥᠳᠡᠭᠡ ᠲᠣᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠥᠭᠡᠷᠡᠴᠢᠯᠡᠯᠲᠡ ᠶᠢ ᠥᠷᠨᠢᠭᠦᠯᠵᠦ᠂ ᠭᠠᠵᠠᠷ ᠰᠢᠷᠣᠢ ᠶᠢᠨ ᠡᠷᠬᠡ ᠶᠢ ᠨᠤᠲᠠᠯᠠᠨ | ᠲᠣᠭᠲᠠᠭᠠᠬᠤ ᠪᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠯᠠᠭᠠᠨ | ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠶᠢ ᠭᠦᠨᠵᠡᠭᠡᠢ | ᠬᠡᠷᠡᠭᠵᠢᠭᠦᠯᠵᠦ᠂ ︽ᠵᠠᠬ᠎ᠠ ᠳᠡᠯᠭᠡᠭᠦᠷ ᠢ ᠰᠠᠭᠠᠳ ᠦᠭᠡᠢ ᠨᠠᠪᠲᠠᠷᠡᠭᠦᠯᠵᠦ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ | ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ︽ᠨᠢᠭᠡ ᠯᠡ ᠥᠷᠲᠡᠭᠡ ᠳᠤ ᠦᠢᠯᠡᠴᠢᠯᠡᠬᠦ᠂ ᠨᠢᠭᠡ ᠯᠡ ᠤᠳᠠᠭ᠎ᠠ ᠳᠤ ᠭᠦᠢᠴᠡᠳᠬᠡᠵᠦ | ᠳᠠᠭᠤᠰᠬᠠᠬᠤ᠂ ᠥᠪᠡᠷ ᠤᠨ ᠥᠷᠲᠡᠭ ᠢ ᠵᠠᠰᠠᠭ ᠤᠨ ᠣᠷᠳᠣᠨ ᠠᠴᠠ ᠲᠣᠭᠠᠴᠠᠭ᠎ᠠ ᠬᠢᠬᠦ︾ ᠳᠦᠷᠢᠮ ᠢ ᠭᠦᠨᠵᠡᠭᠡᠶᠢᠷᠡᠭᠦᠯᠦᠨ᠂ 750 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 500 ᠵᠦᠢᠯ ᠢ ︽ᠠᠯᠠᠭᠠᠨ | ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠤᠯᠤᠰ ᠤᠨ ᠰᠢᠨ᠎ᠡ ᠬᠠᠮ ᠬᠡᠯᠪᠡᠷᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠭᠡᠷ᠎ᠡ ᠲᠣᠭᠲᠠᠭᠰᠠᠨ᠂ ᠰᠢᠨ᠎ᠡ ᠪᠠᠷ ᠪᠣᠳᠠᠲᠠᠶᠢᠵᠢᠭᠰᠠᠨ | ᠠᠵᠤ ᠠᠬᠤᠶᠢᠯᠠᠯ ᠳᠤ ︽ᠬᠠᠪᠰᠤᠷᠤᠭᠴᠢ︾ ᠲᠣᠮᠢᠯᠠᠨ ᠰᠠᠭᠤᠯᠭᠠᠵᠤ᠂ ᠬᠦᠰᠡᠭᠰᠡᠨ ᠪᠦᠬᠦᠨ ᠢ ᠨᠢ ᠪᠡᠶᠡᠯᠡᠭᠦᠯᠵᠦ᠂ ᠤᠴᠢᠷ ᠦᠭᠡᠢ ᠪᠣᠯ ᠬᠠᠷᠰᠢᠯᠠᠬᠤ ᠦᠭᠡᠢ | ᠪᠠᠶᠢᠬᠤ ᠶᠢ ᠪᠡᠶᠡᠯᠡᠭᠦᠯᠦᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠵᠤ᠂ ᠲᠤᠬᠠᠶᠢᠯᠠᠭᠰᠠᠨ ᠠᠵᠢᠯ ᠤᠨ ᠶᠠᠪᠤᠴᠠ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ ᠲᠠᠬᠢᠨ ᠡᠭᠦᠳᠴᠦ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠤᠨ ᠳᠡᠰ ᠳᠡᠪᠰᠢᠭᠰᠡᠨ ᠬᠡᠪ ᠵᠠᠭᠪᠤᠷ ᠢ ᠲᠦᠷᠭᠡᠪᠴᠢᠯᠡᠨ ᠪᠤᠢ ᠪᠣᠯᠭᠠᠨ᠎ᠠ᠃ | ︵ᠲᠠᠪᠤ︶ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠠᠮᠤ ᠪᠤᠳᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠨᠠᠢᠮᠠᠨ ᠵᠠᠭᠤᠨ ᠲᠦᠮᠡᠨ ᠤ ᠲᠠᠰ︾ ᠤᠨ ᠠᠮᠢ ᠠᠬᠤᠢ ᠶᠢᠨ ᠣᠨᠴᠠᠯᠢᠭᠲᠤ ᠲᠠᠷᠢᠶᠠᠯᠠᠩ ᠮᠠᠯ | ᠠᠵᠤ ᠠᠬᠤᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 37 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ 50 ᠲᠦᠮᠡᠨ ᠮᠦ ᠲᠠᠷᠢᠶᠠᠯᠠᠬᠤ ᠭᠠᠵᠠᠷ ᠲᠤ ᠡᠭᠡᠯᠵᠢᠯᠡᠨ ᠳᠠᠷᠢᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠰᠦ ᠶᠢᠨ ᠢᠷᠡᠯᠲᠡ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ 20 ᠶᠢ ᠰᠢᠨ᠎ᠡ ᠪᠠᠷ ᠪᠠᠶᠢᠭᠤᠯᠵᠤ ᠦᠷᠭᠦᠯᠵᠢᠯᠡᠨ | ᠪᠠᠶᠢᠭᠤᠯᠵᠤ᠂ ᠴᠢᠨᠠᠷ ᠰᠠᠶᠢᠲᠠᠢ ᠡᠪᠡᠰᠦ ᠪᠡᠯᠴᠢᠭᠡᠷ ᠢ 3 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ︽ᠬᠤᠯᠢᠰᠢᠨ ᠢᠳᠡᠭᠡᠨ︾ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠯᠡᠳᠭᠡᠮᠵᠢᠳᠤ ᠲᠠᠷᠢᠶᠠᠯᠠᠩ ᠢ 1000 ᠮᠦ᠂ ᠵᠠᠳᠠᠭᠠᠢ ᠭᠠᠵᠠᠷ ᠤᠨ ᠨᠣᠭᠤᠭ᠎ᠠ ᠶᠢ 1 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 14 ᠲᠦᠮᠡᠨ ᠮᠦ ᠠᠴᠠ ᠳᠡᠭᠡᠭᠰᠢ ᠳᠤ ᠬᠦᠷᠦᠭᠦᠯᠦᠨ᠎ᠡ᠃ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠬᠡᠪᠴᠢᠶᠡᠵᠢᠭᠰᠡᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 5 ᠶᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠬᠥᠲᠥᠴᠢ ᠠᠵᠤ ᠠᠬᠤᠶᠢᠯᠠᠯ ᠤᠨ | ᠪᠣᠷᠣᠯᠠᠭᠤᠯᠤᠯᠲᠠ ᠶᠢᠨ ᠣᠷᠣᠯᠭ᠎ᠠ ᠶᠢ 2350 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9% ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠤᠷᠮ᠎ᠠ ᠶᠢ | 99% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠨᠤᠷᠮ᠎ᠠ ᠶᠢ 95% ᠠᠴᠠ ᠳᠡᠭᠡᠭᠰᠢ ᠳᠤ | ᠬᠦᠷᠦᠭᠦᠯᠦᠨ᠎ᠡ᠃ ︽ᠴᠡᠯᠡᠭᠡᠷ ᠲᠠᠯ᠎ᠠ ᠶᠢᠨ ᠦᠨᠦᠷ ᠠᠮᠲᠠ︾ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠬᠤᠷᠢᠨᠭᠡᠷ ᠰᠢᠶᠠᠨ ᠤᠯᠤᠰ ᠤᠨ ᠲᠠᠰ ᠤᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠲᠦᠮᠡᠳ ᠵᠡᠭᠦᠨ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ︽ | ᠲᠤᠯᠤᠭ᠎ᠠ ᠶᠢ ᠢᠵᠢ ᠪᠦᠷᠢᠳᠦᠭᠦᠯᠬᠦ︾ ᠶᠢ ᠦᠷᠭᠦᠯᠵᠢᠯᠡᠨ ᠴᠢᠩᠭᠠᠳᠬᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ | ᠬᠤᠳᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ 3 ᠲᠦᠮᠡᠨ ᠡᠷᠦᠬᠡ ᠶᠢᠨ | ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ ᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ | ᠳᠠᠭᠤᠷᠢᠶᠠᠯ ᠢᠶᠠᠷ ᠵᠢᠱᠢᠶ᠎ᠡ ᠦᠵᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ 1 | ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠰᠢᠶᠠᠩ ᠪᠠᠯᠭᠠᠰᠤ ᠪᠠᠶᠢᠭᠤᠯᠵᠤ᠂ ᠰᠢᠶᠠᠩ ᠪᠠᠯᠭᠠᠰᠤ ᠨᠢᠭᠡᠪᠦᠷᠢ ᠳᠤ 1-2 ᠵᠢᠱᠢᠶ᠎ᠡ ᠦᠵᠡᠭᠦᠯᠬᠦ ᠥᠯᠢᠭᠡᠷ | ᠳᠠᠭᠤᠷᠢᠶᠠᠯ ᠲᠣᠰᠬᠤᠨ ᠢ ᠪᠠᠶᠢᠭᠤᠯᠤᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠬᠡᠪ | ᠪᠣᠯᠪᠠᠰᠤᠷᠠᠯ ᠲᠠᠢ ᠲᠠᠷᠢᠶᠠᠴᠢᠨ ᠢ 1500 ᠬᠥᠮᠥᠨ ᠠᠴᠠ ᠳᠡᠭᠡᠭᠰᠢ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠶ ᠶᠢᠨ ᠵᠠᠯᠠᠭᠤ ᠡᠵᠡᠨ ᠪᠠ ᠪᠠᠶᠠᠵᠢᠯ ᠤᠨ | ᠳᠠᠭᠠᠭᠤᠯᠤᠭᠴᠢ ᠶᠢ120 ᠬᠥᠮᠥᠨ ᠠᠴᠠ ᠳᠡᠭᠡᠭᠰᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ 450 ᠬᠥᠮᠥᠨ ᠠᠴᠠ ᠳᠡᠭᠡᠭᠰᠢ | ᠬᠥᠮᠥᠵᠢᠭᠦᠯᠦᠨ᠎ᠡ᠃ ᠬᠥᠳᠡᠭᠡ ᠲᠣᠰᠬᠤᠨ ᠤ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ︽ᠲᠦᠷᠪᠡᠨ | ᠵᠥᠪᠯᠡᠯ︾ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠳᠬᠠᠵᠤ᠂ ᠬᠡᠪ ᠰᠤᠷᠲᠠᠯ ᠰᠠᠶᠢᠨ᠂ ᠨᠡᠶᠢᠭᠡᠮ ᠡᠶ᠎ᠡ ᠵᠣᠬᠢᠴᠠᠯ ᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ | ︵ᠵᠢᠷᠭᠤᠭ᠎ᠠ︶ ᠬᠤᠲᠠ ᠶᠢᠨ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠦᠨ᠎ᠡ | ᠬᠤᠲᠠ ᠶᠢ ᠨᠠᠷᠢᠨ ᠨᠢᠮᠪᠠᠢ ᠲᠥᠯᠥᠪᠵᠢᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠵᠤ ᠳᠠᠭᠤᠰᠬᠠᠨ᠂ ᠵᠡᠭᠦᠨ ᠬᠡᠰᠡᠭ ᠤᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ ᠣᠷᠣᠨ᠂ ᠪᠠᠷᠠᠭᠤᠨ ᠬᠡᠰᠡᠭ ᠤᠨ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠠᠵᠤ ᠦᠢᠯᠡᠰ ᠪᠠ ᠬᠤᠲᠠ | ᠠᠭᠤᠰᠤᠯᠴᠠᠭᠰᠠᠨ ᠣᠷᠣᠨ ᠵᠢᠴᠢ ᠡᠮᠦᠨᠡᠲᠦ ᠬᠡᠰᠡᠭ ᠤᠨ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠲᠠ ᠶᠢᠨ ᠳᠡᠳ᠋ ᠲᠥᠪ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠥᠯᠦᠪᠵᠢᠭᠦᠯᠭᠡ ᠶᠢ | ᠡᠬᠢᠯᠡᠭᠦᠯᠵᠦ᠂ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ | ᠨᠢᠭᠡᠳᠦᠯᠲᠡᠢ ᠲᠥᠯᠥᠪᠯᠡᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ᠂ ᠶᠡᠭᠡ ᠲᠦᠷᠭᠡᠨᠭᠤᠣᠯ ᠤᠨ ᠬᠤᠶᠠᠷ ᠡᠷᠭᠢ ᠵᠡᠷᠭᠡ ᠶᠢᠨ ᠲᠥᠯᠦᠪᠵᠢᠭᠦᠯᠭᠡ ᠵᠢᠷᠤᠭ | ᠲᠥᠯᠥᠪᠯᠡᠭᠡ ᠶᠢ ᠰᠢᠯᠢᠳᠡᠭᠵᠢᠭᠦᠯᠦᠨ᠎ᠡ᠃ ᠪᠠᠷᠢᠯᠭ᠎ᠠ ᠶᠢᠨ ᠨᠢᠭᠲᠠᠴᠠ᠂ ᠳᠦᠷᠰᠦ ᠪᠠᠶᠢᠳᠠᠯ᠂ ᠬᠡᠪ ᠨᠠᠮᠪᠠ᠂ ᠥᠩᠭᠡ ᠪᠤᠳᠤᠭ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠲᠥᠯᠦᠪᠵᠢᠭᠦᠯᠭᠡ ᠶᠢᠨ ᠪᠦᠬᠦᠯᠢ ᠴᠣᠭᠴᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠂ ᠲᠥᠪ ᠴᠢᠩᠭ᠎ᠠ ᠴᠢᠨᠠᠷ᠂ ᠡᠷᠬᠡ | ᠰᠦᠷᠲᠦ ᠴᠢᠨᠠᠷ ᠢ ᠬᠠᠮᠠᠭᠠᠯᠠᠨ᠎ᠠ᠃ | ᠬᠤᠳᠠ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠵᠢᠴᠢ ᠢᠵᠢ ᠪᠦᠷᠢᠳᠦᠭᠦᠯᠬᠦ ᠪᠡᠯᠡᠳᠬᠡᠮᠵᠢ᠂ S29 ᠬᠥᠬᠡᠬᠤᠲᠠ | ᠠᠴᠠ ᠯᠢᠶᠡᠩᠴᠧᠩ ᠬᠦᠷᠬᠦ ᠲᠦᠷᠭᠡᠨ ᠤ ᠵᠠᠮ᠂ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S311 ᠦᠴᠦᠸᠠᠨ ᠠᠴᠠ ᠶᠠᠩ ᠱᠦ ᠪᠠ | ᠬᠦᠷᠬᠦ ᠵᠠᠰᠠᠮᠠᠯ ᠵᠠᠮ᠂ ᠬᠥᠬᠡᠬᠤᠲᠠ ᠠᠴᠠ ᠱᠦᠸᠧᠵᠸᠦ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠤᠨ ᠬᠤᠯᠪᠣᠬᠤ ᠱᠤᠭᠤᠮ ᠤᠨ ᠲᠥᠷᠥᠯ | ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ᠂ ᠬᠥᠬᠡᠬᠤᠲᠠ ᠠᠴᠠ ᠴᠢᠩ ᠱᠦᠢ ᠾᠧ ᠬᠦᠷᠬᠦ | ᠲᠦᠷᠭᠡᠨ ᠤ ᠵᠠᠮ᠂ ᠤᠯᠤᠰ ᠤᠨ ᠵᠠᠮ ᠤᠨ 512 ᠱᠤᠭᠤᠮ ᠤᠨ ᠮᠠ ᠸᠠᠨ ᠠᠴᠠ ᠵᠢᠦᠢ ᠾᠧ ᠲᠠᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ | ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠯᠣᠣ ᠨᠢᠦ ᠸᠠᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠᠳᠤᠭᠠᠷ ᠲᠣᠭᠤᠷᠢᠯ ᠵᠠᠮ ᠤᠨ ᠰᠡᠭᠦᠯ ᠬᠤᠷᠢᠶᠠᠬᠤ ᠢᠨᠵᠧᠨᠧᠷᠢᠩ ᠢ ᠦᠷᠭᠦᠯᠵᠢᠯᠡᠨ | ᠠᠬᠢᠭᠤᠯᠤᠨ᠎ᠠ︔ ᠶᠢᠨ ᠱᠧᠩ ᠬᠤᠷᠳᠤᠨ ᠤ ᠵᠠᠮ ᠤᠨ ᠬᠤᠶᠢᠲᠤ ᠬᠡᠰᠡᠭ ︱ ᠬᠠᠩᠭᠠᠢ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ ᠢ ᠪᠡᠶᠡᠯᠡᠭᠦᠯᠵᠦ᠂ | ᠲᠥᠪ ᠬᠤᠲᠠ ᠶᠢᠨ ᠲᠣᠭᠤᠷᠢᠭ ᠠᠴᠠ ᠬᠤᠷᠢᠨᠭᠡᠷ ᠰᠢᠨ᠎ᠡ ᠲᠣᠭᠤᠷᠢᠭ ᠬᠦᠷᠬᠦ ᠡᠮᠦᠨᠡᠰᠢ ᠤᠮᠠᠷᠠᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ︔ ᠶᠢᠨ ᠬᠠᠢ | ᠵᠠᠮ ᠤᠨ ᠵᠡᠭᠦᠨᠰᠢ ᠪᠠᠷᠠᠭᠤᠨᠰᠢ ᠦᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠵᠦ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠠᠴᠠ ᠢᠯᠢ ᠶᠢᠨ | ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠬᠦᠷᠬᠦ ᠵᠡᠭᠦᠨᠰᠢ ᠪᠠᠷᠠᠭᠤᠨᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ︔ ᠪᠠᠶᠠᠨ ᠵᠠᠮ ᠤᠨ | ᠬᠤᠶᠢᠰᠢ ᠥᠷᠬᠦᠯᠵᠢᠯᠡᠭᠰᠡᠨ ᠬᠡᠰᠡᠭ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠥᠷᠭᠦᠯᠵᠢᠯᠡᠭᠰᠡᠨ ᠬᠡᠰᠡᠭ᠂ ᠣᠷᠳᠣᠰ ᠶᠡᠭᠡ ᠵᠡᠭᠡᠯᠢ ᠶᠢᠨ ᠪᠠᠷᠠᠭᠤᠨᠰᠢ | ᠥᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠦᠨ᠎ᠡ︔ G6 ᠲᠦᠷᠭᠡᠨ ᠤ ᠵᠠᠮ ᠬᠢᠭᠡᠳ ᠬᠤᠷᠴᠢᠨ ᠵᠠᠮ ᠤᠨ ᠬᠠᠷᠢᠯᠴᠠᠨ ᠨᠡᠪᠲᠡᠷᠡᠯᠴᠡᠬᠦ ᠬᠡᠰᠡᠭ᠂ | G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠯᠴᠡᠬᠦ ᠬᠡᠰᠡᠭ ᠤᠨ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ75 ᠵᠠᠮ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ 31 ︽ᠲᠠᠰᠤᠷᠬᠠᠢ | ᠵᠠᠮ︾ ᠢ ᠨᠠᠪᠲᠠᠷᠡᠭᠦᠯᠵᠦ᠂ 140 ᠵᠡᠭᠡᠯᠢ ᠭᠤᠳᠤᠮᠵᠢ ᠶᠢ ᠥᠭᠡᠷᠡᠴᠢᠯᠡᠨ ᠪᠠᠶᠢᠭᠤᠯᠤᠨ᠎ᠠ︔ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠥᠷᠲᠡᠭᠡ ᠭᠡᠷ | ᠵᠢᠴᠢ ᠢᠵᠢ ᠪᠦᠷᠢᠳᠦᠭᠦᠯᠬᠦ ᠪᠠᠷᠢᠯᠭ᠎ᠠ ᠶᠢ ᠪᠡᠶᠡᠯᠡᠭᠦᠯᠦᠨ᠎ᠡ︔ 392 ᠬᠠᠭᠤᠴᠢᠨ ᠬᠤᠷᠢᠶᠠᠯᠠᠯ᠂ 8 ᠲᠦᠬᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 5 ︽ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ︾ ᠢ ᠲᠤᠷᠰᠢᠨ ᠪᠠᠶᠢᠭᠤᠯᠤᠨ᠎ᠠ︔ | 1ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠡᠷᠡᠭᠵᠢᠭᠦᠯᠦᠨ᠎ᠡ︔ ᠣᠷᠣᠨ ᠰᠠᠭᠤᠴᠠ ᠶᠢᠨ ᠪᠤᠰᠤ ᠲᠦᠷᠦᠯ ᠵᠦᠢᠯ ᠤᠨ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠡᠦᠬᠡᠨ ᠦᠯᠡᠳᠡᠭᠳᠡᠯ ᠠᠰᠠᠭᠤᠳᠠᠯ ᠢ ᠡᠬᠢᠯᠡᠨ ᠰᠢᠢᠳᠪᠦᠷᠢᠯᠡᠨ᠎ᠡ᠃ ᠬᠤᠲᠠ ᠶᠢᠨ ᠨᠣᠭᠤᠭᠠᠨ ᠵᠠᠮ ᠢ | 300 ᠺᠢᠯᠣᠮᠧᠲᠷ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠬᠠᠷᠮᠠᠨ ᠴᠡᠴᠡᠷᠯᠢᠭ᠂ ᠨᠡᠶᠢᠭᠡᠮ ᠲᠣᠭᠤᠷᠢᠭ ᠤᠨ | ᠵᠤᠭᠠᠴᠠᠯ ᠤᠨ ᠴᠡᠴᠡᠷᠯᠢᠭ᠂ ᠪᠡᠶ᠎ᠡ ᠶᠢᠨ ᠲᠠᠮᠢᠷ ᠤᠨ ᠴᠡᠴᠡᠷᠯᠢᠭ ᠢ 300 ᠶᠢ ᠰᠢᠨ᠎ᠡ ᠪᠠᠷ ᠪᠠᠶᠢᠭᠤᠯᠤᠨ᠎ᠠ︔ ᠰᠢᠨᠬᠤᠸᠠ ᠶᠡᠭᠡ ᠵᠡᠭᠡᠯᠢ᠂ ᠪᠧᠢ ᠶᠤᠸᠠᠨ ᠵᠡᠭᠡᠯᠢ | ᠵᠡᠷᠭᠡ 7 ᠵᠤᠷᠪᠤᠰ ᠭᠤᠣᠯᠳᠠᠯᠭ᠎ᠠ ᠲᠠᠢ ᠵᠠᠮ ᠤᠨ ᠣᠷᠣᠨ ᠵᠠᠢ ᠶᠢᠨ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ︔ ᠬᠤᠲᠠ ᠶᠢᠨ ᠴᠠᠬᠢᠯᠭᠠᠨ | ᠤᠲᠠᠰᠤ ᠶᠢ ᠭᠠᠵᠠᠷ ᠲᠤ ᠣᠷᠣᠭᠤᠯᠬᠤ ᠲᠥᠯᠥᠪᠯᠡᠭᠡ ᠶᠢ ᠡᠬᠢᠯᠡᠭᠦᠯᠵᠦ᠂ ᠦᠯᠡᠳᠡᠭᠰᠡᠨ 38 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ | ᠰᠡᠷᠭᠡᠶᠢᠯᠡᠯᠲᠡ ᠶᠢᠨ ᠪᠡᠯᠡᠳᠬᠡᠮᠵᠢ ᠶᠢ ᠤᠭᠰᠠᠷᠠᠬᠤ ᠢᠨᠵᠧᠨᠧᠷᠢᠩ ᠢ ᠪᠡᠶᠡᠯᠡᠭᠦᠯᠦᠨ᠎ᠡ︔10 ᠵᠤᠷᠪᠤᠰ ᠬᠠᠶᠢᠮᠢᠶᠠᠨ ᠵᠠᠮ ᠤᠨ ᠵᠢᠱᠢᠶ᠎ᠡ ᠦᠵᠡᠭᠦᠯᠬᠦ ᠵᠡᠭᠡᠯᠢ | ᠭᠤᠳᠤᠮᠵᠢ᠂ 8 ᠬᠠᠶᠢᠮᠢᠶᠠᠨᠵᠢᠭᠤᠯᠬᠤ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠷᠢᠶᠠᠯᠠᠯ ᠢ ᠪᠠᠶᠢᠭᠤᠯᠵᠤ᠂ ᠤᠯᠤᠰ ᠤᠨ ᠬᠠᠶᠢᠮᠢᠶᠠᠨ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠬᠡᠪᠴᠢᠶᠡᠨ ᠳᠤ ᠣᠷᠣᠬᠤ ᠪᠠᠷ ᠴᠢᠷᠮᠠᠶᠢᠨ᠎ᠠ᠃ | ᠬᠤᠲᠠ ᠶᠢ ᠨᠠᠷᠢᠯᠢᠭ ᠬᠠᠮᠢᠶᠠᠷᠤᠨ᠎ᠠ᠃ ᠠᠮᠢᠳᠤᠷᠠᠯ᠂ ᠲᠣᠭᠤᠭᠠᠨ ᠭᠡᠷ᠂ ᠪᠤᠵᠠᠷ ᠰᠢᠪᠠᠷ᠂ ᠡᠮ ᠡᠮᠨᠡᠯᠭᠡ᠂ ᠪᠠᠷᠢᠯᠭ᠎ᠠ ᠶᠢᠨ ︽ᠪᠦᠬᠦ︾ ᠬᠤᠭ ᠨᠣᠪᠰᠢ ᠶᠢ | ᠰᠢᠢᠳᠪᠦᠷᠢᠯᠡᠬᠦ ᠲᠦᠷᠦᠯ ᠵᠦᠢᠯ ᠢ ᠡᠬᠢᠯᠡᠭᠦᠯᠵᠦ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠳᠠᠯ ᠠᠬᠤᠢ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠣᠷᠣᠨ ᠨᠤᠲᠤᠭ ᠤᠨ ᠠᠳᠠᠯ ᠠᠬᠤᠢ ᠶᠢᠨ ᠰᠢᠯᠢᠳᠡᠭ ᠲᠥᠷᠥᠯ | ᠲᠡᠮᠳᠡᠭᠲᠦ ᠶᠢ ᠪᠣᠶ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠳᠠᠰᠢ ᠳᠡᠭᠡᠭᠰᠢᠯᠡᠭᠦᠯᠦᠨ᠎ᠡ︔ | ᠨᠡᠶᠢᠲᠡ ᠶᠢᠨ ᠮᠠᠰᠢᠨ ᠲᠡᠷᠭᠡᠨ ᠤ ᠬᠤᠷᠳᠤᠨ ᠱᠤᠭᠤᠮ ᠢ 3 ᠶᠢ ᠰᠢᠨ᠎ᠡ ᠪᠠᠷ ᠨᠠᠪᠲᠠᠷᠡᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠬᠡᠯᠪᠡᠷᠢ ᠶᠢ ᠵᠦᠢ ᠵᠣᠬᠢᠰᠲᠠᠢ | ᠲᠣᠬᠢᠷᠠᠭᠤᠯᠵᠤ᠂ ᠬᠤᠳᠠ ᠶᠢᠨ ᠲᠡᠬᠦᠷᠭᠡ ᠬᠥᠳᠡᠭᠡ ᠲᠣᠰᠬᠤᠨ ᠳᠤ ᠨᠡᠶᠢᠲᠡ ᠶᠢᠨ ᠮᠠᠰᠢᠨ ᠲᠡᠷᠭᠡ ᠶᠢ ︽ᠨᠡᠶᠢᠳᠡᠮ ᠪᠦᠷᠬᠦᠭᠦᠯᠬᠦ︾ ᠶᠢ ᠴᠢᠷᠮᠠᠶᠢᠨ ᠪᠡᠶᠡᠯᠡᠭᠦᠯᠦᠨ᠎ᠡ | ᠃ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠶᠡᠭᠡ ᠲᠠᠷᠢᠬᠢᠨ ᠤ 3.0 ᠬᠡᠪ ᠢ ᠪᠤᠢ ᠪᠣᠯᠭᠠᠵᠤ᠂ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ ᠶᠢ | ᠬᠤᠳᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠨ᠎ᠡ ᠬᠡᠪ ᠪᠠᠶᠢᠳᠠᠯ ᠪᠣᠯᠭᠠᠨ᠎ᠠ᠃ | ︵ᠲᠤᠯᠤᠭ᠎ᠠ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ | ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ ᠤ ᠴᠡᠭ ᠢ ᠴᠢᠷᠮᠠᠶᠢᠨ ᠡᠭᠦᠳᠬᠦ ᠶᠢᠨ ᠲᠣᠭᠤᠷᠢᠨ ᠳᠤ᠂ ᠪᠣᠬᠢᠷᠳᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ | ᠣᠷᠣᠨ ᠳᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ︽ᠠᠷᠢᠯᠭᠠᠬᠤ︾ ᠠᠵᠢᠯᠯᠠᠭ᠎ᠠ ᠶᠢ ᠥᠷᠨᠢᠭᠦᠯᠦᠨ᠎ᠡ︔35 ᠠᠭᠤᠷ ᠲᠣᠨ ᠠᠴᠠ ᠳᠡᠭᠡᠭᠰᠢᠬᠢ | ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠬᠦ ᠠᠵᠢᠯ ᠢ ᠡᠬᠢᠯᠡᠭᠦᠯᠦᠨ᠎ᠡ︔ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠵᠢᠰᠢᠶ᠎ᠡ | ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠭᠤᠷᠪᠠᠨ ᠶᠡᠭᠡ ᠢᠯᠴᠢ ᠶᠢᠨ | ᠢᠷᠡᠯᠲᠡ ᠶᠢ ᠬᠥᠬᠡᠬᠤᠲᠠ ᠳᠤ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ︔ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ 53 ᠺᠢᠯᠣᠮᠧᠲᠷ | ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠳᠤᠯᠠᠭᠠᠯᠠᠭ᠎ᠠ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ | ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠲᠤᠯᠠᠨ᠎ᠠ᠃ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ | ᠡᠷᠭᠢᠯᠳᠦᠭᠦᠯᠦᠨ ᠠᠰᠢᠭᠯᠠᠬᠤ ᠲᠤᠷᠰᠢᠯᠲᠠ ᠶᠢᠨ ᠴᠡᠭ ᠢ ᠴᠢᠷᠮᠠᠶᠢᠨ ᠡᠭᠦᠳᠬᠦ ᠶᠢᠨ ᠲᠣᠭᠤᠷᠢᠨ ᠳᠤ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠵᠤ | ᠣᠷᠣᠭᠤᠯᠬᠤ ᠭᠤᠷᠪᠠᠳᠤᠭᠠᠷ ᠬᠤᠭᠤᠴᠠᠭ᠎ᠠ ᠪᠠ ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠯᠠᠮᠠ ᠶᠢᠨ ᠠᠶᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ᠂ ᠭᠦᠩᠵᠦ ᠶᠢᠨ ᠣᠷᠳᠣᠨ 3 EOD | ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠶᠢᠨ ᠴᠢᠶᠣᠤ ᠶᠢᠨ ᠠᠵᠤ ᠦᠢᠯᠡᠳᠪᠦᠷᠢ ᠶᠢᠨ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠵᠠᠩᠭᠢ ᠶᠢᠨ ᠠᠶᠢᠯ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠣᠶᠤᠨᠲᠤ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ | ᠴᠥᠭᠦᠷᠥᠮ ᠤᠨ ᠵᠠᠰᠠᠯᠲᠠ ᠶᠢᠨ ᠪᠠᠯᠠᠢ ᠣᠷᠣᠨ ᠢ ᠪᠦᠬᠦ ᠲᠠᠯ᠎ᠠ ᠪᠠᠷ ᠠᠷᠢᠯᠭᠠᠨ᠎ᠠ᠃ ︽ᠬᠠᠶᠠᠭᠳᠠᠮᠠᠯ ᠪᠣᠳᠠᠰ ᠦᠭᠡᠢ ᠬᠤᠳᠠ︾ ᠶᠢ ᠴᠢᠷᠮᠠᠶᠢᠨ ᠪᠠᠶᠢᠭᠤᠯᠬᠤ ᠶᠢᠨ | ᠲᠣᠭᠤᠷᠢᠨ ᠳᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠳᠤᠯ ᠢ ᠴᠡᠭᠴᠡᠯᠡᠨ ᠵᠠᠰᠠᠬᠤ᠂ ᠠᠶᠤᠯᠲᠠᠢ ᠬᠠᠶᠠᠭᠳᠠᠮᠠᠯ ᠪᠣᠳᠠᠰ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ | ᠭᠤᠣᠯᠳᠠᠯᠭ᠎ᠠ ᠲᠠᠢ ᠬᠡᠷᠡᠭᠵᠢᠭᠦᠯᠵᠦ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠲᠤᠰ ᠲᠤᠰ 3.59 % | ᠪᠠ 2 % ᠪᠠᠭᠤᠷᠠᠭᠤᠯᠵᠤ᠂ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠨᠤᠷᠮ᠎ᠠ ᠶᠢ 82 % ᠠᠴᠠ ᠳᠡᠭᠡᠭᠰᠢ ᠪᠣᠯᠭᠠᠵᠤ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 91% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠠᠮᠢ ᠠᠬᠤᠢ ᠶᠢ ᠵᠠᠰᠠᠨ ᠰᠡᠷᠭᠦᠭᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠠᠲᠤᠨ ᠭᠤᠣᠯ ᠤᠨ ᠰᠠᠶᠢᠷᠭᠠᠯ ᠤᠨ ᠣᠷᠣᠨ ᠢ | ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠴᠡᠯᠡᠭᠡᠷ ᠲᠠᠯ᠎ᠠ ᠶᠢᠨ | ᠠᠮᠢ ᠠᠬᠤᠢ ᠶᠢ ᠰᠠᠶᠢᠵᠢᠷᠠᠭᠤᠯᠬᠤ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠷ᠎ᠠ ᠤᠰᠤ ᠶᠢᠨ ᠤᠰᠤ ᠶᠢ | ᠲᠠᠲᠠᠵᠤ ᠤᠰᠤ ᠶᠢ ᠨᠥᠬᠦᠪᠦᠷᠢᠯᠡᠬᠦ᠂ ᠶᠡᠭᠡ ᠲᠦᠷᠭᠡᠨ ᠭᠤᠣᠯ ᠤᠨ ᠭᠤᠣᠯ ᠤᠨ ᠵᠠᠮ ᠢ ᠵᠠᠰᠠᠨ ᠰᠡᠷᠭᠦᠭᠡᠬᠦ ᠪᠠ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ᠂ | ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠬᠠᠲᠤᠨ ᠭᠤᠣᠯ ᠤᠨ ᠰᠠᠪᠠ | ᠭᠠᠵᠠᠷ ᠤᠨ ᠡᠯᠡᠰᠦᠷᠭᠡᠭᠵᠢᠭᠰᠡᠨᠭᠠᠵᠠᠷ ᠢ ᠦᠷᠭᠦᠯᠵᠢᠯᠡᠨ ᠵᠠᠰᠠᠬᠤ ᠵᠡᠷᠭᠡ ᠢᠨᠵᠧᠨᠧᠷᠢᠩ ᠢ ᠭᠦᠨᠵᠡᠭᠡᠢ ᠰᠠᠶᠢᠲᠤᠷ ᠠᠳᠬᠤᠨ᠎ᠠ᠃ ᠲᠥᠪ ᠤᠨ ᠬᠤᠶᠠᠳᠤᠭᠠᠷ | ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠠᠮᠵᠢᠯᠴᠠᠨ ᠬᠢᠨ᠎ᠡ᠃ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 40 ᠲᠦᠮᠡᠨ ᠮᠦ ᠪᠡᠶᠡᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ | ᠨᠣᠷᠮ᠎ᠠ ᠶᠢ 35% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ︽ | ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠶᠡᠷᠦᠩᠬᠡᠢ ᠬᠡᠮᠵᠢᠶ᠎ᠡ ᠶᠢ ᠬᠠᠷᠢᠮᠠᠬᠠᠢ ᠴᠢᠨᠠᠷᠲᠠᠢ ᠬᠠᠮᠢᠶᠠᠷᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ︾ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ | ᠪᠠᠷᠢᠮᠵᠢᠶ᠎ᠠ ᠶᠢ ᠬᠡᠷᠡᠭᠵᠢᠭᠦᠯᠵᠦ᠂ ᠦᠯᠡᠳᠡᠭᠡᠯ ᠲᠦᠷᠦᠯ ᠵᠦᠢᠯ ᠢ ᠠᠵᠢᠯ ᠲᠦᠷᠦᠯ ᠤᠨ ᠲᠡᠷᠢᠭᠦᠨ ᠤ ᠬᠢ ᠲᠠᠢ ᠬᠠᠷᠢᠴᠠᠭᠤᠯᠤᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ 5 ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠲᠤ ᠪᠦᠭᠦᠳᠡ ᠳᠤ ᠨᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠡᠭᠦᠳᠦᠨ | ᠪᠠᠶᠢᠭᠤᠯᠬᠤ ᠪᠠ ᠣᠷᠴᠢᠯᠳᠤᠭᠤᠯᠬᠤ ᠥᠭᠡᠷᠡᠴᠢᠯᠡᠯᠲᠡ ᠶᠢ ᠡᠬᠢᠯᠡᠭᠦᠯᠦᠨ᠎ᠡ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ | ᠰᠠᠨᠠᠭᠠᠴᠢᠯᠠᠵᠤ᠂ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ | ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠨᠧᠷᠭᠢ ᠠᠷᠪᠢᠯᠠᠬᠤ ᠶᠢ ᠪᠦᠬᠦ ᠨᠡᠶᠢᠭᠡᠮ ᠤᠨ ᠰᠢᠨ᠎ᠡ ᠬᠡᠪ ᠰᠤᠷᠲᠠᠯ ᠪᠣᠯᠭᠠᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ | ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠎ᠡ᠃ ︽ᠦᠢᠯᠡᠰ ᠴᠣᠭᠴᠠᠯᠠᠬᠤ ᠳᠤ ᠲᠣᠬᠢᠷᠠᠮᠵᠢᠲᠠᠢ ᠬᠥᠬᠡ ᠬᠤᠲᠠ᠂ ᠦᠢᠯᠡᠰ | ᠴᠣᠭᠴᠠᠯᠠᠬᠤ ᠳᠤ ᠲᠤᠰᠠᠯᠠᠬᠤ︾ ᠦᠢᠯᠡᠰ ᠴᠣᠭᠴᠠᠯᠠᠬᠤ ᠠᠵᠢᠯᠯᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ | ᠪᠦᠯᠦᠭᠵᠢᠯ︾ ᠤᠨ ᠠᠵᠢᠯᠲᠠᠨ ᠡᠯᠰᠡᠬᠦ ᠲᠤᠰᠬᠠᠢ ᠲᠠᠯᠠᠪᠤᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠬᠤ ᠳᠤ ᠦᠢᠯᠡᠴᠢᠯᠡᠬᠦ ᠰᠠᠷ᠎ᠠ ᠵᠡᠷᠭᠡ | ᠠᠵᠢᠯᠯᠠᠭ᠎ᠠ ᠶᠢ ᠡᠷᠭᠢᠯᠡᠨ᠎ᠡ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠬᠤᠯᠪᠣᠭ᠎ᠠ ᠶᠢ ᠡᠬᠢᠯᠡᠨ ᠪᠠᠶᠢᠭᠤᠯᠤᠨ᠎ᠠ︔ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠢ 3 ᠲᠦᠮᠡᠨ ᠬᠥᠮᠥᠨ ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ ᠮᠡᠷᠭᠡᠵᠢᠯ ᠤᠨ | ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 2᠂ ᠠᠵᠢᠯ ᠣᠯᠭᠤᠯᠲᠠ ᠶᠢᠨ ᠮᠡᠷᠭᠡᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠢ 10 ᠪᠠᠶᠢᠭᠤᠯᠤᠨ᠎ᠠ︔ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 32 | ᠲᠦᠮᠡ ᠠᠴᠠ ᠳᠡᠭᠡᠭᠰᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ ᠪᠠᠭ᠎ᠠ ᠰᠤᠷᠭᠠᠭᠤᠯᠢ ᠶᠢ 33᠂ | ᠬᠡᠦᠬᠡᠳ ᠤᠨ ᠴᠡᠴᠡᠷᠯᠢᠭ ᠢ 19 ᠶᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠵᠢᠯ ᠤᠨ ᠳᠣᠲᠣᠷ᠎ᠠ 20 ᠶᠢ ᠠᠰᠢᠭᠯᠠᠯᠲᠠ ᠳᠤ ᠣᠷᠣᠭᠤᠯᠤᠨ᠎ᠠ︔ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠢ ᠥᠷᠭᠡᠳᠬᠡᠨ ᠪᠠᠶᠢᠭᠤᠯᠬᠤ᠂ ᠢᠯᠢ ᠶᠢᠨ ᠣᠲᠣ ᠦᠶ᠎ᠡ ᠶᠢᠨ | ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠬᠤᠲᠠ ᠶᠢᠨ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ︔ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ᠂ ᠬᠤᠲᠠ ᠶᠢᠨ | 39 ᠳ᠋ᠦ᠋ᠭᠡᠷ ᠳᠤᠮᠳᠠᠳᠤ ᠰᠤᠷᠭᠠᠭᠤᠯᠢ ᠶᠢᠨ ᠶᠢᠨ ᠳ᠋ᠢ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠤᠨ᠎ᠠ︔ ᠬᠤᠰᠢᠭᠤ ᠰᠢᠶᠠᠨ ᠲᠣᠭᠤᠷᠢᠭ | ᠨᠢᠭᠡᠪᠦᠷᠢ ᠳᠤ ᠨᠠᠭᠠᠲᠤ ᠵᠠᠬ᠎ᠠ ᠳᠠᠭᠠᠨ 1 ᠰᠢᠯᠢᠳᠡᠭ ᠬᠡᠦᠬᠡᠳ ᠤᠨ ᠴᠡᠴᠡᠷᠯᠢᠭ᠂ 1 ᠰᠢᠯᠢᠳᠡᠭ ᠪᠠᠭ᠎ᠠ ᠰᠤᠷᠭᠠᠭᠤᠯᠢ᠂ 1 ᠰᠢᠯᠢᠳᠡᠭ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ 1 ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠠᠶᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ | ᠬᠤᠣᠰ ᠳᠡᠭᠡᠳᠦ ᠲᠦᠪᠰᠢᠨ ᠪᠦᠬᠦᠢ ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠪᠠ ᠠᠵᠢᠯ ᠮᠡᠷᠭᠡᠵᠢᠯ ᠦᠨᠰᠤᠷᠭᠠᠭᠤᠯᠢ ᠶᠢᠨ ᠵᠢᠩᠬᠢᠨᠢ ᠠᠩᠭᠢ ᠶᠢᠨ | ᠪᠣᠯᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠮᠵᠢᠨ᠎ᠡ᠃ ︽ᠢᠨᠲ᠋ᠧᠷ ᠰᠦᠯᠵᠢᠶ᠎ᠡ+ ᠰᠤᠷᠭᠠᠨ ᠬᠥᠮᠦᠵᠢᠯ︾ ᠤᠨ ᠲᠠᠪᠴᠠᠩ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ ᠪᠠᠷᠢᠮᠵᠢᠶᠠᠲᠤ ᠬᠢᠴᠢᠶᠡᠯ ᠤᠨ ᠭᠡᠷ ᠢ 95 ᠢᠵᠢ ᠰᠢᠨ᠎ᠡ ᠪᠠᠷ ᠪᠠᠶᠢᠭᠤᠯᠤᠨ᠎ᠠ᠃ | ᠪᠡᠭᠡᠵᠢᠩ᠂ ᠱᠠᠩᠬᠠᠢ ᠵᠡᠷᠭᠡ ᠭᠠᠵᠠᠷ ᠤᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠠᠵᠢᠯ ᠢ ᠥᠷᠨᠢᠭᠦᠯᠦᠨ᠎ᠡ᠃ | ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠬᠤ᠂ ᠮᠡᠷᠭᠡᠵᠢᠯ ᠤᠨ ᠴᠣᠯᠠ | ᠲᠣᠭᠲᠠᠭᠠᠵᠤ ᠤᠷᠢᠬᠤ᠂ ᠠᠵᠢᠯ ᠤᠨ ᠪᠦᠲᠦᠮᠵᠢ ᠶᠢᠨ ᠴᠠᠯᠢᠩ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠡᠷᠡᠳᠦ ᠰᠤᠷᠭᠠᠭᠤᠯᠢ᠂ ᠨᠡᠷᠡᠳᠦ | ᠰᠤᠷᠭᠠᠭᠤᠯᠢ ᠶᠢᠨ ᠵᠠᠬᠢᠷᠤᠯ᠂ ᠨᠡᠷᠡᠳᠦ ᠪᠠᠭᠰᠢ︾ ᠶᠢᠨ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠰᠤᠷᠭᠠᠭᠤᠯᠢ ᠶᠢᠨ ᠵᠠᠬᠢᠷᠤᠯ᠂ ᠪᠠᠭᠰᠢ | ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢ ᠪᠤᠵᠠᠭᠠᠶᠢᠷᠠᠭᠤᠯᠤᠨ᠎ᠠ᠃ ︽ᠶᠡᠭᠡ ᠳᠡᠭᠡᠳᠦ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ | ᠰᠤᠷᠭᠠᠭᠤᠯᠢᠬᠡᠦᠬᠡᠳ ᠤᠨ ᠴᠡᠴᠡᠷᠯᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠡᠬᠢᠯᠡᠬᠦ ᠣᠨ ᠳᠤ ᠭᠤᠷᠪᠠᠨ ᠬᠢᠴᠢᠶᠡᠯ ᠲᠥᠷᠥᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠬᠡᠬᠤᠲᠠ ᠶᠢᠨ ᠬᠢᠲᠠᠳ | ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠵᠤ᠂ ᠣᠶᠤᠨ | ᠰᠠᠨᠠᠭᠠᠨ ᠤ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠠᠵᠢᠯ ᠡᠬᠢᠯᠡᠭᠦᠯᠦᠨ ᠪᠠᠶᠢᠭᠤᠯᠵᠤ᠂ | ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠶᠢ ᠪᠦᠲᠦᠭᠡᠨ ᠪᠠᠶᠢᠭᠤᠯᠬᠤ ᠶᠢ | ᠲᠦᠷᠭᠡᠳᠬᠡᠨ ᠠᠬᠢᠭᠤᠯᠤᠨ᠎ᠠ᠃ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ︽ᠭᠤᠷᠪᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠪᠣᠯᠭᠠᠨ | ᠡᠭᠦᠳᠦᠨ ᠪᠠᠶᠢᠭᠤᠯᠵᠤ᠂ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ | ᠪᠣᠯᠭᠠᠨ ᠡᠭᠦᠳᠦᠨ ᠪᠠᠶᠢᠭᠤᠯᠤᠨ᠎ᠠ᠃ ︽ᠢᠨᠲ᠋ᠧᠷ ᠰᠦᠯᠵᠢᠶ᠎ᠡ+ ᠡᠮᠴᠢᠯᠡᠭᠡ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠬᠤᠳᠠ ᠶᠢᠨ ᠨᠢᠭᠡᠳᠦᠭᠡᠷ | ᠡᠮᠨᠡᠯᠭᠡ ᠶᠢᠨ ᠬᠤᠷᠢᠶ᠎ᠠ ᠶᠢ ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠪᠣᠯᠭᠠᠨ ᠪᠠᠶᠢᠭᠤᠯᠤᠨ᠎ᠠ᠃ ᠪᠡᠭᠡᠵᠢᠩ ᠬᠤᠳᠠ ᠶᠢᠨ ᠬᠢᠲᠠᠳ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ᠂ ᠪᠡᠭᠡᠵᠢᠩ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ | ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 3 ᠤᠯᠤᠰ ᠤᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ | ᠲᠥᠪ ᠢ ᠪᠠᠶᠢᠭᠤᠯᠬᠤ ᠶᠢ ᠠᠬᠢᠭᠤᠯᠤᠨ᠎ᠠ᠃ ᠳᠡᠭᠡᠳᠦ ᠳᠡᠰ ᠤᠨ ᠠᠨᠠᠭᠠᠬᠤ ᠤᠬᠠᠭᠠᠨ ᠤ ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ᠂ | ᠣᠷᠣᠨ ᠨᠤᠲᠤᠭ ᠤᠨ ᠴᠢᠳᠠᠪᠤᠷᠢᠲᠠᠨ ᠢ 100 ᠠᠴᠠ ᠳᠡᠭᠡᠭᠰᠢ ᠬᠥᠮᠥᠵᠢᠭᠦᠯᠦᠨ᠎ᠡ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ︽ᠣᠷᠣᠨ ᠤ ᠲᠥᠪ ᠪᠣᠯ ᠮᠢᠨᠤ ᠭᠡᠷ ᠣᠷᠣᠨ᠂ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠠᠮᠲᠤ ᠤᠯᠠᠨ ᠳᠤ ᠲᠦᠰᠢᠭᠯᠡᠨ᠎ᠡ︾ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ | ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ︽ᠨᠢᠭᠡ ᠰᠠᠷ᠎ᠠ ᠳᠤ ᠨᠢᠭᠡ ᠭᠤᠣᠯ ᠰᠡᠳᠦᠪ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ | ᠦᠢᠯᠡᠰ ᠤᠨ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠦᠨ ᠬᠥᠭᠵᠢᠵᠦ᠂ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ᠂ | ᠬᠥᠬᠡᠬᠤᠲᠠ ᠶᠢᠨ ᠦᠯᠢᠭᠡᠷ ᠢ ᠰᠠᠶᠢᠲᠤᠷ ᠶᠠᠷᠢᠬᠤ ᠶᠢ ᠳᠡᠮᠵᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠨᠢᠭᠡ ᠪᠦᠯᠦᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠩᠭᠢᠯ ᠪᠦᠰᠡ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ ᠠᠬᠢᠭᠤᠯᠤᠨ᠎ᠠ᠃ | ︵ᠶᠢᠰᠦ︶ ᠵᠠᠰᠠᠯᠲᠠ ᠶᠢᠨ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠎ᠡ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠯᠪᠢᠴᠠᠨ ᠬᠠᠷᠢᠯᠴᠠᠨ ᠦᠨᠡᠯᠡᠬᠦ | ᠪᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨᠠᠨ ᠲᠣᠭᠲᠠᠭᠠᠵᠤ ᠫᠠᠶᠢᠰᠠ ᠡᠯᠭᠦᠬᠦ ᠠᠵᠢᠯ ᠢ ᠰᠠᠶᠢᠲᠤᠷ ᠬᠢᠨ᠎ᠡ᠃ ᠦᠨᠳᠦᠰᠦᠨ | ᠱᠠᠲᠤᠨ ᠤ ᠵᠠᠰᠠᠯᠲᠠ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ ᠶᠢ ᠲᠦᠷᠭᠡᠳᠬᠡᠨ ᠠᠬᠢᠭᠤᠯᠵᠤ᠂ ᠲᠣᠣᠷ ᠤᠨ | ᠪᠠᠶᠢᠷᠢᠯᠠᠭᠤᠯᠤᠯᠲᠠ ᠪᠠ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠲᠣᠣᠷᠵᠢᠯ + ᠨᠠᠮ ᠤᠨ ᠪᠠᠶᠢᠭᠤᠯᠤᠯᠲᠠ︾᠂ ︽ᠲᠣᠣᠷᠵᠢᠯ + | ᠴᠠᠭᠳᠠᠭᠠᠨ ᠤ ᠲᠣᠣᠷᠵᠢᠯ︾᠂ ︽ᠲᠣᠣᠷᠵᠢᠯ + ᠬᠤᠷᠢᠶᠠᠯᠠᠯ︾ ᠵᠡᠷᠭᠡ ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠣᠭᠠᠴᠢᠯᠠᠭᠰᠠᠨ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠨᠢᠭᠡ ᠲᠠᠪᠴᠠᠩ ᠢᠶᠠᠷ ᠭᠥᠯᠢᠶᠡᠨ | ᠠᠪᠴᠤ ᠰᠢᠢᠳᠪᠦᠷᠢᠯᠡᠬᠦ᠂ ᠨᠢᠭᠡ ᠦᠷᠳᠡᠭᠡ ᠮᠠᠶ᠋ᠢᠭ ᠢᠶᠠᠷ ᠦᠢᠯᠡᠴᠢᠯᠡᠬᠦ᠂ ᠨᠢᠭᠡ ᠰᠦᠯᠵᠢᠶ᠎ᠡ ᠪᠠᠷ ᠬᠠᠮᠲᠤᠪᠠᠷ ᠵᠠᠰᠠᠬᠤ᠂ ᠪᠦᠬᠦᠨ ᠢ ᠰᠢᠢᠳᠪᠦᠷᠢᠯᠡᠬᠦ︾ ᠤᠯᠠᠨ | ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠤᠢ ᠪᠣᠯᠭᠠᠨ᠎ᠠ᠃ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ | ᠰᠢᠢᠳᠪᠦᠷᠢᠯᠡᠬᠦ ᠲᠠᠪᠴᠠᠩ ᠢ ᠲᠡᠭᠦᠯᠳᠡᠷᠵᠢᠭᠦᠯᠵᠦ᠂ ︽ᠵᠢᠷᠭᠤᠳᠤᠭᠠᠷ ᠬᠤᠭᠤᠴᠠᠭᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠶᠡᠭᠡ ᠬᠤᠷᠠᠯ︾ ᠢ ᠰᠠᠶᠢᠲᠤᠷ ᠡᠷᠬᠢᠯᠡᠨ᠎ᠡ᠃ ︽ᠣᠯᠠᠨ ᠲᠥᠪ ᠢ ᠨᠢᠭᠡ ᠪᠣᠯᠭᠠᠬᠤ︾ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠹᠧᠩᠴᠢᠶᠤᠤ ᠶᠢᠨ ᠲᠤᠷᠰᠢᠯᠭ᠎ᠠ ᠶᠢ ᠣᠷᠣᠨ ᠤ ᠲᠥᠪ ᠲᠤ ᠴᠡᠴᠡᠭᠯᠡᠭᠦᠯᠦᠨ ᠵᠢᠮᠢᠰᠯᠡᠭᠦᠯᠦᠨ᠎ᠡ᠃ | ᠠᠮᠤᠷ ᠠᠮᠤᠭᠤᠯᠠᠩ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠨ᠎ᠡ︔ ᠨᠡᠶᠢᠭᠡᠮ ᠤᠨ ᠠᠮᠤᠷ ᠤᠨ ᠬᠠᠮᠠᠭᠠᠯᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠳ᠋ ᠬᠥᠷᠥᠩᠭᠡ ᠳᠤ ᠬᠠᠯᠳᠠᠬᠤ᠂ ᠮᠡᠬᠡᠯᠡᠬᠦ᠂ ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠰᠠᠷᠢᠭᠠᠯᠠᠬᠤ ᠵᠡᠷᠭᠡ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ︔ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ | ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ | ᠡᠭᠦᠳᠦᠨ ᠪᠠᠶᠢᠭᠤᠯᠤᠨ᠎ᠠ︔ ᠠᠷᠪᠠᠨ ᠵᠢᠯ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠪᠠᠷ | ᠠᠴᠢᠶᠠᠯᠠᠪᠤᠷᠢ ᠪᠣᠯᠭᠠᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠡᠯᠡᠳᠬᠡᠯ ᠬᠦᠴᠦᠨ᠂ ᠬᠤᠶᠠᠷ ᠢ ᠬᠦᠷᠢᠶᠡᠯᠡᠵᠦ | ᠬᠠᠮᠲᠤᠪᠠᠷ ᠪᠠᠶᠢᠭᠤᠯᠬᠤ᠂ ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠨᠡᠪᠴᠢᠯᠲᠡ ᠡᠪᠳᠡᠯᠡᠭᠡ | ᠬᠢᠬᠦ᠂ ᠬᠦᠴᠦᠷᠬᠡᠭᠯᠡᠯ ᠢᠶᠠᠷ ᠰᠦᠷᠳᠡᠭᠦᠯᠬᠦ ᠵᠡᠷᠭᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ︔ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠬᠦ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠶᠡᠬᠡᠪᠡᠷ | ᠪᠠᠭᠠᠰᠬᠠᠨ᠎ᠠ︔ ᠥᠷᠢᠲᠦᠵᠦ ᠪᠠᠶᠢᠭ᠎ᠠ ᠵᠠᠷᠤᠳᠠᠯ ᠢ ᠢᠯᠭᠠᠷᠠᠭᠤᠯᠤᠨ ᠲᠤᠰᠢᠶᠠᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠦᠨ᠎ᠡ ᠬᠠᠩᠰᠢ ᠶᠢ ᠬᠢᠨᠠᠨ | ᠬᠠᠷᠭᠤᠭᠤᠯᠵᠤ ᠬᠠᠰᠤᠬᠤ ᠵᠡᠷᠭᠡ ᠤᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠥᠭᠴᠡᠭᠡ ᠶᠢᠨ ᠬᠠᠳᠠᠭᠠᠯᠠᠯᠲᠠ ᠶᠢ ᠪᠦᠲᠦᠮᠵᠢᠲᠡᠶ ᠢᠯᠭᠠᠷᠠᠭᠤᠯᠵᠤ᠂ | ᠨᠡᠮᠡᠭᠳᠡᠯ ᠢ ᠡᠷᠡᠰ ᠬᠤᠷᠢᠭᠯᠠᠨ᠎ᠠ᠃ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠠᠳᠬᠤᠨ᠎ᠠ᠃ | ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ | ᠬᠥᠬᠡᠬᠤᠲᠠ ᠶᠢᠨ ᠬᠢᠵᠢᠭ ᠢ ᠡᠰᠡᠷᠭᠦᠴᠡᠬᠦ ᠣᠶᠤᠨᠲᠤ ᠲᠠᠪᠴᠠᠩ︾ ᠢ ᠲᠡᠰ ᠳᠡᠪᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠮᠡᠳᠡᠭᠡ ᠵᠠᠩᠭᠢ ᠶᠢ ᠬᠢᠨᠠᠨ | ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ᠂ ᠬᠦᠢᠲᠡᠨ ᠬᠡᠯᠬᠢᠶᠡᠲᠦ ᠪᠤᠰᠤ ᠡᠳ᠋ ᠪᠣᠳᠠᠰ | ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ ᠤ ᠰᠢᠤᠳᠠᠨ ᠤ ᠪᠣᠭᠤᠳᠠᠯ ᠪᠠᠭᠯᠠᠭ᠎ᠠ ᠲᠦᠷᠭᠡᠨ | ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ | ᠠᠵᠢᠯ ᠢ ᠰᠠᠶᠢᠲᠤᠷ ᠠᠳᠬᠤᠵᠤ᠂ ᠬᠢᠯᠪᠡᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠬᠢᠵᠢᠭᠦᠯᠦᠨ᠎ᠡ᠃ | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠰᠢᠨ᠎ᠡ ᠴᠠᠭ ᠦᠶ᠎ᠡ ᠠᠴᠠ ᠪᠢᠳᠡᠨ ᠳᠤ ᠰᠢᠨ᠎ᠡ ᠡᠭᠦᠷᠭᠡ ᠳᠠᠭᠠᠭᠠᠯᠭᠠᠵᠠᠢ᠂ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠢᠳᠡ | ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ | ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ | ᠪᠢᠳᠠ ᠲᠤᠬ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠲᠥᠪ | ᠬᠤᠷᠢᠶᠠᠨ ᠤ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶᠠᠨ ᠤ ᠵᠢᠯᠣᠭᠤᠳᠤᠯᠭ᠎ᠠ ᠶᠢ ᠡᠷᠡᠰ ᠳᠠᠭᠠᠵᠤ᠂ ᠣᠪᠣᠷ ᠤᠨ ᠲᠠᠯ᠎ᠠ ᠪᠠᠷ ᠡᠷᠡᠰ ᠪᠠᠲᠤ ᠪᠠᠶᠢᠵᠤ᠂ | ᠦᠢᠯᠡ ᠠᠵᠢᠯᠯᠠᠭ᠎ᠠ ᠶᠢᠨ ᠲᠠᠯ᠎ᠠ ᠪᠠᠷ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠡᠷᠡᠰ ᠪᠠᠲᠤᠳᠬᠠᠵᠤ᠂ ᠵᠥᠪ | ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ ᠦᠭᠡᠢ᠂ ᠲᠥᠪ ᠬᠤᠳᠠ ᠶᠢᠨ ᠬᠢᠨ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ︽ᠡᠮᠦᠨ᠎ᠡ ᠨᠢ ᠶᠠᠪᠤᠵᠤ᠂ ᠦᠯᠢᠭᠡᠷ | ᠳᠠᠭᠤᠷᠢᠶᠠᠯ ᠪᠣᠯᠬᠤ︾ ᠶᠢ ᠪᠠᠲᠤᠯᠠᠬᠤ ᠬᠡᠷᠡᠭᠲᠡᠢ᠃ | ᠪᠢᠳᠡ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ ᠬᠥᠭᠵᠢᠯᠲᠡ ᠶᠢ ᠲᠥᠯᠥᠪᠵᠢᠭᠦᠯᠬᠦ ᠶᠢ | ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ︽ᠥᠨᠥᠳᠥᠷ ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠠᠶᠢᠭᠰᠠᠨ | ᠴᠤ ᠣᠷᠣᠢ︾ ᠭᠡᠬᠦ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ᠂ ᠥᠷᠯᠥᠭᠡ ᠦᠳᠡᠰᠢ ᠶᠢ ᠲᠡᠮᠡᠴᠡᠵᠦ᠂ ᠥᠷᠯᠥᠭᠡ ᠦᠳᠡᠰᠢ ᠶᠢ | ᠵᠠᠪᠠᠯ ᠲᠡᠮᠡᠴᠡᠵᠦ᠂ ᠦᠷᠭᠦᠯᠵᠢᠯᠡᠨ ᠬᠦᠴᠦᠯᠡᠨ ᠴᠢᠷᠮᠠᠶᠢᠵᠤ ᠪᠠᠶᠢᠭᠠᠳ ᠣᠷᠣᠨ ᠤ ᠲᠥᠪ ᠤᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ | ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ | ᠲᠡᠷᠢᠭᠦᠨ ᠤ ᠬᠢ ᠪᠠᠷ ᠪᠠᠷᠢᠮᠵᠢᠶᠠᠯᠠᠵᠤ᠂ ᠴᠢᠳᠠᠪᠤᠷᠢ ᠪᠠᠨ ᠨᠡᠮᠡᠭᠳᠡᠭᠦᠯᠦᠨ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠤᠭᠠᠳ᠂ ᠠᠵᠢᠯ ᠬᠢᠵᠦ ᠦᠢᠯᠡᠰ | ᠪᠦᠲᠦᠭᠡᠬᠦ ᠶᠠᠪᠤᠴᠠ ᠳᠤ ᠠᠮᠢᠳᠤᠷᠠᠬᠤᠢ ᠶᠢᠨ ᠦᠨ᠎ᠡ ᠦᠷᠳᠡᠭ ᠢᠶᠠᠨ ᠢᠯᠡᠷᠡᠬᠦᠯᠬᠦ ᠬᠡᠷᠡᠭᠲᠡᠢ᠃ ᠥᠷᠭᠡᠨ ᠤᠯᠠᠨ ᠲᠦᠮᠡᠨ ︽ᠡᠵᠡᠨ ᠬᠥᠮᠥᠨ︾ ᠤ | ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦ ᠬᠤᠳᠠ ᠪᠠᠷ ᠢᠶᠠᠨ ︽ᠨᠢᠭᠡ ᠣᠷᠣᠨ ᠤ | ᠬᠥᠭᠵᠢᠯᠲᠡ ᠶᠢ ᠡᠷᠢᠯᠬᠢᠯᠡᠵᠦ᠂ ᠨᠢᠭᠡ ᠣᠷᠣᠨ ᠤ ᠠᠵᠠ ᠵᠢᠷᠭᠠᠯ ᠢ ᠨᠡᠮᠡᠭᠳᠡᠭᠦᠯᠬᠦ︾ ᠬᠦᠴᠦᠷᠬᠡᠭ ᠶᠡᠭᠡ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ | ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠪᠢᠳᠡ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠬᠤ ᠬᠡᠷᠡᠭᠲᠡᠢ᠃ ᠲᠣᠳᠣᠷᠬᠠᠢ ᠬᠠᠷᠠᠯᠲᠠ ᠡᠭᠦᠷᠭᠡ ᠶᠢ ᠲᠣᠭᠲᠠᠭᠠᠭᠰᠠᠨ ᠪᠣᠯ ᠬᠢᠵᠦ᠂ | ᠬᠢᠪᠡᠯ ᠪᠦᠲᠦᠭᠡᠵᠦ᠂ ᠬᠢᠪᠡᠯ ᠰᠠᠶᠢᠨ ᠬᠢᠵᠦ᠂ ︽ᠵᠢᠷᠤᠭ︾ ᠢᠶᠠᠨ ᠠᠪᠴᠤ ︽ᠪᠠᠷᠢᠯᠭ᠎ᠠ ᠶᠢᠨ ᠭᠠᠵᠠᠷ︾ ᠲᠤ ᠣᠷᠣᠵᠤ᠂ ᠬᠡᠷᠡᠭ ᠤᠴᠢᠷ ᠢ ᠣᠪᠣᠭᠠᠷᠠᠭᠤᠯᠬᠤ | ᠦᠭᠡᠢ᠂ ᠠᠵᠢᠯ ᠶᠠᠪᠤᠳᠠᠯ ᠢ ᠦᠨᠵᠢᠬᠦᠯᠬᠦ ᠦᠭᠡᠢ ᠪᠠᠶᠢᠬᠤ ᠬᠡᠷᠡᠭᠲᠡᠢ᠃ ᠶᠡᠭᠡ ᠲᠠᠯ᠎ᠠ ᠳᠤ ᠬᠤᠯᠪᠣᠭᠳᠠᠬᠤ ᠠᠰᠠᠭᠤᠳᠠᠯ ᠳᠤ᠂ ︽ᠲᠤᠰᠬᠠᠢ ᠬᠥᠮᠥᠨ ᠲᠣᠮᠢᠯᠠᠨ | ᠲᠤᠰᠬᠠᠢ ᠠᠩᠭᠢ ᠪᠠᠶᠢᠭᠤᠯᠵᠤ᠂ ᠲᠤᠰᠬᠠᠢ ᠵᠦᠢᠯ ᠢᠶᠠᠷ ᠲᠤᠰᠬᠠᠶᠢᠯᠠᠨ ᠬᠠᠷᠢᠭᠤᠴᠠᠵᠤ︾᠂ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠬᠦᠷᠲᠡᠯ᠎ᠡ | ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠭᠤᠭᠴᠤᠭ᠎ᠠ ᠳᠤ ᠬᠦᠷᠲᠡᠯ᠎ᠡ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠨᠠᠷᠢᠨ ᠲᠠᠩᠰᠠ ᠪᠠᠷ ᠬᠠᠮᠢᠶᠠᠷᠴᠤ᠂ | ᠨᠢᠭᠡᠳᠦᠭᠡᠷ ᠹᠷᠣᠨᠲ ᠲᠤ ᠪᠠᠶᠢᠴᠠᠭᠠᠨ ᠰᠢᠢᠳᠪᠦᠷᠢᠯᠡᠵᠦ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠤᠨ᠂ ᠡᠳᠦᠷ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ | ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠬᠤ ᠬᠡᠷᠡᠭᠲᠡᠢ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠬᠠᠨᠳᠤᠬᠤ ᠳᠠᠭᠠᠨ ︽ᠰᠢᠨ᠎ᠡ | ᠳᠠᠷᠤᠭ᠎ᠠ ᠵᠠᠪᠠᠯ ᠬᠠᠭᠤᠴᠢᠨ ᠲᠡᠩᠰᠠ ᠶᠢ ᠰᠢᠢᠳᠪᠦᠷᠢᠯᠡᠬᠦ ᠬᠡᠷᠡᠭᠲᠡᠢ︾᠂ ᠬᠡᠴᠢᠨᠡᠨ ᠬᠦᠴᠢᠷ ᠪᠡᠷᠬᠡ ᠲᠠᠢ ᠪᠠᠶᠢᠭᠰᠠᠨ ᠴᠤ ᠠᠵᠢᠯᠯᠠᠵᠤ᠂ ᠬᠡᠴᠢᠨᠡᠨ ᠬᠠᠯᠠ | ᠵᠦᠳᠡᠭᠦᠷᠢ ᠲᠠᠢ ᠪᠠᠶᠢᠭᠰᠠᠨ ᠴᠤ ᠡᠭᠦᠷᠭᠡᠯᠡᠵᠦ᠂ ᠬᠥᠭᠵᠢᠭᠦᠯᠬᠦ ᠶᠠᠪᠤᠴᠠ ᠳᠤ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ | ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ | ᠪᠢᠳᠡ ᠬᠤᠷᠢᠭ᠎ᠠ ᠱᠤᠭᠤᠮ ᠢ ᠠᠷᠢᠭᠤᠨ ᠴᠢᠬᠡᠴᠢ ᠪᠠᠷ ᠰᠠᠬᠢᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ ᠢᠲᠡᠭᠡᠯ ᠢ ᠰᠠᠬᠢᠵᠤ ᠠᠮᠠᠯᠠᠯᠲᠠ ᠪᠠᠨ ᠪᠡᠶᠡᠯᠡᠭᠦᠯᠵᠦ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ | ᠠᠮᠠᠯᠠᠭᠰᠠᠨ ᠢᠶᠠᠨ ᠵᠠᠪᠠᠯ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ | ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠢᠭᠤᠨ ᠴᠢᠬᠡᠴᠢ ᠪᠠᠷ ᠠᠵᠢᠯ ᠬᠢᠵᠦ᠂ ᠠᠷᠢᠭᠤᠨ ᠴᠢᠬᠡᠴᠢ ᠬᠥᠮᠥᠨ ᠪᠣᠯᠵᠤ᠂ ︽ | ᠠᠷᠤ ᠳᠤ ᠨᠢᠭᠡ ᠴᠦ ᠬᠠᠵᠠᠭᠠᠢ ᠮᠥᠷ ᠦᠭᠡᠢ︾ ᠪᠠᠶᠢᠬᠤ ᠶᠢ ᠪᠡᠶᠡᠯᠡᠭᠦᠯᠵᠦ᠂ ᠦᠢᠯᠡᠳᠦᠯᠭᠡ᠂ ᠠᠷᠠᠳ ᠲᠦᠮᠡᠨ ᠪᠣᠯᠣᠨ ᠲᠡᠦᠬᠡ ᠶᠢᠨ ᠰᠢᠯᠭᠠᠯᠲᠠ ᠶᠢ ᠳᠠᠭᠠᠭᠠᠵᠤ | ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠬᠦᠨᠳᠦ ᠡᠭᠦᠷᠭᠡ ᠶᠢ ᠡᠭᠦᠷᠭᠡᠯᠡᠵᠦ ᠪᠠᠶᠢᠬᠤ ᠪᠠᠨ ᠭᠦᠨ ᠮᠡᠳᠡᠷᠡᠵᠦ | ᠪᠠᠶᠢᠨ᠎ᠠ᠂ ᠨᠡᠩ ᠴᠤ ᠲᠤᠶᠢᠯ ᠤᠨ ᠥᠩᠭᠡ ᠭᠡᠷᠡᠯᠲᠡᠢ ᠲᠠᠢ ᠰᠠᠨᠠᠭᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ | ᠡᠷᠡᠮᠡᠬᠡᠶᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠨ᠂ ︽ᠦᠵᠡᠰᠬᠦᠯᠡᠩᠲᠦ ᠰᠠᠶᠢᠬᠠᠨ ᠬᠥᠬᠡ ᠬᠤᠲᠠ︾ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ︽ᠲᠠᠯ᠎ᠠ ᠨᠤᠲᠤᠭ ᠤᠨ ᠬᠤᠳᠠ︾ ᠶᠢᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ | |