2021 ᠣᠨ ᠤ ᠭᠠᠶᠢᠯᠢ ᠲᠤᠰᠢᠶᠠᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠢ ᠰᠠᠶᠢᠰᠢᠶᠠᠨ ᠬᠥᠬᠢᠭᠦᠯᠬᠦ ᠲᠣᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/5/9
                            ᠬᠥᠬᠡᠬᠤᠲᠠ ᠵᠠᠰᠠᠭ ᠲᠠᠷᠬᠠᠭᠠᠭᠰᠠᠨ ﹇2022﹈ 14 ᠳ᠋ᠤᠭᠡᠷ ᠲᠣᠭᠠᠲᠤ                             2022 ᠣᠨ ᠤ 4 ᠰᠠᠷ᠎ᠠ ᠶᠢᠨ 2 ᠤᠨ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      2021 ᠣᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠪᠦᠬᠦ ᠬᠤᠳᠠ ᠶᠢᠨ ᠭᠠᠶᠢᠯᠢ ᠲᠤᠰᠢᠶᠠᠭᠴᠢ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠵᠦ᠂ ᠲᠤᠰ ᠪᠡᠶ᠎ᠡ ᠶᠢᠨ ᠠᠵᠤ ᠠᠬᠤᠢ ᠶᠢᠨ ᠦᠷ᠎ᠡ ᠠᠰᠢᠭ ᠢᠶᠠᠨ ᠴᠢᠷᠮᠠᠶᠢᠨ ᠳᠡᠭᠡᠭᠰᠢᠯᠡᠭᠦᠯᠬᠦ ᠶᠢᠨ ᠬᠠᠮᠲᠤ᠂ ᠬᠠᠤᠯᠢ ᠶᠢ ᠰᠠᠬᠢᠵᠤ ᠡᠵᠡᠩᠨᠡᠬᠦ᠂ ᠬᠠᠤᠯᠢ ᠶᠣᠰᠣᠭᠠᠷ ᠭᠠᠶᠢᠯᠢ ᠲᠤᠰᠢᠶᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠭᠠᠶᠢᠯᠢ ᠲᠤᠰᠢᠶᠠᠬᠤ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠮᠠᠨ ᠤ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠷᠤᠭᠰᠢᠲᠠᠢ ᠡᠬᠢᠯᠡᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠶᠢᠯᠢ ᠶᠢᠨ ᠬᠠᠤᠯᠢ ᠶᠢᠨ ᠦᠵᠡᠯᠲᠡ ᠪᠠᠷ ᠴᠢᠩᠭ᠎ᠠ᠂ ᠭᠠᠶᠢᠯᠢ ᠲᠤᠰᠢᠶᠠᠬᠤ ᠢᠲᠡᠭᠡᠮᠵᠢ ᠪᠠᠷ ᠥᠨᠳᠥᠷ ᠰᠢᠯᠢᠳᠡᠭ ᠠᠵᠤ ᠠᠬᠤᠶᠢᠯᠠᠯ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ ᠵᠡᠷᠭᠡ 10 ᠠᠵᠤ ᠠᠬᠤᠶᠢᠯᠠᠯ ᠢ ᠵᠠᠷᠯᠠᠨ ᠰᠠᠶᠢᠰᠢᠶᠠᠭᠰᠠᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠪᠠ᠃      ᠰᠠᠶᠢᠰᠢᠶᠠᠭᠳᠠᠭᠰᠠᠨ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠤ ︽ᠬᠦᠴᠦᠷᠬᠡᠭ ᠬᠤᠲᠠ︾ ᠶᠢᠨ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ︽ᠭᠤᠷᠪᠠᠨ ᠬᠤᠲᠠ︾ ᠶᠢ ᠴᠢᠷᠮᠠᠶᠢᠨ ᠡᠭᠦᠳᠬᠦ᠂ ︽ᠳᠥᠷᠪᠡᠨ ᠣᠷᠣᠨ ᠪᠦᠰᠡ ᠶᠢᠨ ᠲᠥᠪ︾ ᠢ ᠪᠠᠶᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠨ ᠣᠷᠣᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠡᠭᠦᠷᠭᠡ ᠳᠤ ᠢᠳᠡᠪᠬᠢᠲᠡᠶ ᠣᠷᠣᠯᠴᠠᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠠᠶᠢᠨ ᠰᠠᠶᠢᠬᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠦᠨᠡᠨᠬᠦ ᠠᠮᠢᠳᠤᠯᠢᠭ ᠦᠢᠯᠡᠳᠪᠦᠷᠢᠯᠡᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ ᠂ ︽ᠨᠢᠳᠤᠨ ᠳᠤ ᠦᠵᠡᠭᠳᠡᠬᠦ︾ ᠲᠦᠷᠦ ᠶᠢᠨ ᠪᠤᠳᠤᠯᠭ᠎ᠠ ᠶᠢᠨ ᠣᠷᠴᠢᠨ ᠲᠣᠭᠤᠷᠢᠨ ᠢ ︽ᠭᠠᠷ ᠲᠤ ᠪᠠᠷᠢᠭᠳᠠᠬᠤ︾ ᠡᠵᠡᠩᠨᠡᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠬᠦᠰᠡᠵᠦ ᠪᠣᠢ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠦᠢᠯᠡᠴᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠣᠳᠠᠲᠤ ᠶᠠᠪᠤᠳᠠᠯ ᠬᠢᠵᠦ᠂ ᠬᠥᠭᠵᠢᠯᠲᠡ ᠶᠢ ᠠᠬᠢᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠤᠨ ᠪᠠᠯᠠ ᠣᠷᠣᠭᠤᠯᠤᠯᠲᠠ᠂ ᠦᠢᠯᠡᠳᠪᠦᠷᠢᠯᠡᠯ᠂ ᠡᠵᠡᠩᠨᠡᠯᠲᠡ ᠶᠢ ᠬᠠᠮᠠᠭᠠᠯᠠᠵᠤ᠂ ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠤᠨ ᠣᠷᠣᠨ ᠤ ᠲᠥᠪ ᠲᠤ ᠪᠠᠯᠠ ᠣᠷᠣᠭᠤᠯᠤᠨ ᠦᠢᠯᠡᠰ ᠬᠥᠭᠵᠢᠭᠦᠯᠵᠦ᠂ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠬᠡᠷᠡᠭᠲᠡᠶ᠃ᠳᠠᠭᠠᠯᠳᠤᠭᠤᠯᠤᠯ᠄ ᠬᠥᠬᠡᠬᠤᠲᠠ ᠶᠢᠨ 2021 ᠣᠨ ᠤ ᠭᠠᠶᠢᠯᠢ ᠲᠤᠰᠢᠶᠠᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠤᠨ ᠨᠡᠷᠡᠰ                              ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                              2022 ᠣᠨ ᠤ 3 ᠰᠠᠷ᠎ᠠ ᠶᠢᠨ 31 ᠤ ᠡᠳᠦᠷᠳᠠᠭᠠᠯᠳᠤᠭᠤᠯᠤᠯᠬᠥᠬᠡᠬᠤᠲᠠ ᠶᠢᠨ 2021 ᠣᠨ ᠤ ᠭᠠᠶᠢᠯᠢ ᠲᠤᠰᠢᠶᠠᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠤᠨ ᠨᠡᠷᠡᠰᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢᠥᠪᠥᠷ ᠮᠣᠩᠭᠤᠯ ᠤᠨ ᠺᠦᠨᠮᠢᠩ ᠲᠠᠮᠠᠬᠢᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠢᠨ ᠱᠠᠨ ᠬᠤᠪᠢᠶᠠᠷᠢ ᠺᠤᠮᠫᠠᠨᠢᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠪᠴᠢᠨ ᠲᠠᠮᠠᠬᠢ ᠶᠢᠨ ᠺᠣᠮᠫᠠᠨᠢ ᠶᠢᠨ ᠬᠥᠬᠡᠬᠤᠲᠠ ᠶᠢᠨ  ᠺᠣᠮᠫᠠᠨᠢᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠺᠤᠮᠫᠠᠨᠢᠥᠪᠥᠷ ᠮᠣᠩᠭᠤᠯ ᠡᠾᠧᠪᠸᠢ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢᠯᠢ ᠯᠧ ᠪᠣᠭᠤᠳᠠᠯ ︵ᠬᠥᠬᠡᠬᠤᠲᠠ︶ ᠤᠨ ᠬᠢᠵᠠᠭᠠᠷᠲᠤ ᠺᠣᠮᠫᠠᠨᠢ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ