ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/10
      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠨᠡᠮᠡᠭᠳᠡᠯ ᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠭᠰᠠᠨ ᠲᠤᠬᠠᠢ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠭᠵᠢᠷᠡᠯ ᠴᠡᠭ ᠢ ᠨᠠᠪᠲᠠᠷᠡᠭᠦᠯᠵᠦ᠂ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ      ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠪᠠᠷ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠠᠶᠢᠷᠢᠯᠠᠭᠤᠯᠪᠠ           ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 8 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠭᠰᠠᠨ ᠲᠤᠬᠠᠢ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠭᠵᠢᠷᠡᠯ ᠴᠡᠭ ᠢ ᠨᠠᠪᠲᠠᠷᠡᠭᠦᠯᠵᠦ᠂ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ︔ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠪᠠᠷ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠠᠶᠢᠷᠢᠯᠠᠭᠤᠯᠪᠠ       ᠬᠤᠷᠠᠯ ᠠᠴᠠ ᠵᠢᠭᠠᠬᠤ ᠳᠤ ᠪᠠᠨ᠂ ᠣᠶᠢᠷ᠎ᠠ ᠶᠢᠨ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 12 ᠮᠤᠵᠢ ᠶᠢᠨ ᠨᠡᠮᠡᠭᠳᠡᠯ ᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠭᠰᠠᠨ ᠠᠵᠢᠯ ᠤᠨ ᠲᠤᠰᠬᠠᠢ ᠲᠥᠷᠥᠯ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ ᠠᠪᠴᠤ᠂ ᠣᠯᠠᠩᠬᠢ ᠭᠠᠵᠠᠷ ᠣᠷᠣᠨ ᠤ ᠬᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠨᠡᠶᠢᠲᠡᠯᠡᠨ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠰᠠᠶᠢᠵᠢᠷᠠᠯᠲᠠ ᠶᠢ ᠠᠬᠢᠭᠤᠯᠬᠤ ᠬᠦᠴᠦᠨ ᠵᠦᠢᠯ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ ᠴᠢᠩᠭᠠᠷᠠᠭᠤᠯᠬᠤ ᠳᠤ ᠬᠠᠪᠰᠤᠷᠤᠨ ᠬᠦᠴᠦᠯᠡᠪᠡ᠃ ᠡᠭᠦᠨ ᠤ ᠵᠡᠷᠭᠡ ᠳᠤ ᠵᠠᠷᠢᠮ ᠭᠠᠵᠠᠷ ᠣᠷᠣᠨ ᠳᠤ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠷᠢᠯᠢᠭ ᠣᠨᠣᠴᠢᠲᠠᠢ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠢ ᠳᠦᠭᠦᠮᠴᠢᠯᠡᠵᠦ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ᠳᠤᠷ᠎ᠠ ᠪᠠᠷ ᠰᠦᠢᠳᠬᠡᠯ ᠬᠤᠷᠢᠶᠠᠵᠤ ᠳᠤᠷ᠎ᠠ ᠪᠠᠷ ᠵᠣᠭᠤᠰ ᠲᠣᠷᠭᠠᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠠᠶᠢᠨ᠎ᠠ ᠭᠡᠵᠡᠢ᠃ ᠬᠤᠷᠠᠯ ᠠᠴᠠ ᠴᠢᠬᠤᠴᠢᠯᠠᠬᠤ ᠳᠤ ᠪᠠᠨ᠂ ᠠᠵᠤ ᠠᠬᠤᠢ ᠪᠠᠭᠤᠷᠠᠬᠤ ᠳᠠᠷᠤᠯᠲᠠ ᠮᠥᠨ ᠬᠦ ᠲᠣᠪᠣᠶᠢᠮ᠎ᠠ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠭᠠᠵᠠᠷ ᠤᠨ ᠬᠢᠨ ᠠᠷᠠᠳ ᠣᠯᠠᠨ ᠤ ᠪᠤᠶᠠᠨ ᠵᠢᠷᠭᠠᠯ ᠢ ᠪᠠᠲᠤᠯᠠᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠴᠠᠭ ᠪᠣᠯ ᠠᠮᠢ ᠨᠠᠰᠤ ᠭᠡᠬᠦ ᠲᠤᠯᠭᠠᠮᠳᠠᠭᠤ ᠰᠡᠳᠬᠢᠯᠭᠡ ᠪᠠᠷ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠲᠠᠬᠢᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠤᠨ᠂ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠵᠣᠬᠢᠰᠲᠠᠢ ᠨᠡᠮᠡᠭᠳᠡᠯ ᠢ ᠪᠠᠲᠤᠯᠠᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠢ ᠭᠡᠵᠡᠢ᠃ ᠨᠢᠭᠡ ᠳᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠣᠷᠣᠨ ᠨᠤᠲᠤᠭ ᠪᠠ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠡᠷᠬᠡᠪᠰᠢ ᠨᠢᠭᠡ ᠠᠴᠠ ᠨᠦᠬᠦᠭᠡ ᠶᠢ ᠵᠦᠢᠴᠢᠯᠡᠨ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠵᠦ᠂ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠯᠲᠠ︾ ᠶᠢ ᠬᠡᠷᠡᠭᠯᠡᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠮᠥᠷᠳᠡᠵᠦ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠤᠭᠰᠠᠨ ᠦᠭᠡᠢ ᠮᠤᠵᠢ ᠣᠷᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠣᠨ ᠤ ᠶᠡᠭᠡ ᠰᠢᠮᠳᠠᠭᠤᠯᠤᠨ ᠪᠠᠶᠢᠴᠠᠭᠠᠯᠲᠠ ᠲᠠᠢ ᠤᠶᠠᠯᠳᠤᠭᠤᠯᠤᠨ ᠨᠡᠮᠡᠭᠳᠡᠯ ᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠨ᠎ᠡ᠃ ᠬᠤᠶᠠᠷ ᠲᠤ᠂ ᠣᠷᠣᠨ ᠨᠤᠲᠤᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠵᠣᠨ ᠤ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠪᠠ ᠵᠣᠨ ᠤ ᠲᠠᠷᠢᠶᠠᠯᠠᠭ᠎ᠠ ᠶᠢ ᠤᠷᠤᠭᠰᠢᠲᠠᠢ ᠥᠷᠨᠢᠭᠦᠯᠬᠦ ᠶᠢ ᠦᠨᠡᠨ ᠬᠦ ᠪᠠᠲᠤᠯᠠᠵᠤ᠂ ᠢᠯᠴᠢ ᠶᠢᠨ ᠴᠠᠬᠢᠯᠭᠠᠨ ᠬᠦᠴᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠨ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠲᠤᠯᠭᠠᠭᠤᠷᠢᠯᠠᠬᠤ ᠬᠡᠷᠡᠭᠲᠡᠢ᠃ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠢᠯ ᠢᠶᠠᠨ ᠰᠡᠷᠭᠦᠭᠡᠭᠰᠡᠨ ᠪᠣᠯᠪᠠᠴᠤ ᠦᠢᠯᠡᠳᠪᠦᠷᠢᠯᠡᠯ ᠳᠤ ᠣᠷᠣᠭᠰᠠᠨ ᠦᠭᠡᠢ᠂ ᠠᠵᠤ ᠦᠢᠯᠡᠰ ᠤᠨ ᠬᠡᠯᠬᠢᠶ᠎ᠡ ᠪᠠ ᠦᠢᠯᠡᠳᠪᠦᠷᠢᠯᠡᠯ ᠤᠨ ᠰᠡᠷᠭᠦᠭᠡᠯᠲᠡ ᠵᠣᠬᠢᠴᠠᠩᠭᠤᠢ ᠪᠤᠰᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠢᠲᠡᠭᠡᠯ ᠢ ᠰᠡᠷᠭᠦᠭᠡᠬᠦ ᠳᠤ ᠠᠰᠢᠭ ᠦᠭᠡᠢ ᠲᠦᠷᠦ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠢᠯᠭᠠᠨ ᠴᠡᠪᠡᠷᠯᠡᠬᠦ ᠬᠡᠷᠡᠭᠲᠡᠢ᠃ ᠭᠤᠷᠪᠠ ᠳᠤ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ ᠨᠢᠭᠡ ᠪᠥᠯᠥᠭ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠣᠷᠣᠨ ᠨᠤᠲᠤᠭ ᠤᠨ ᠬᠢᠨ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠬᠠᠷᠠᠬᠠᠨ ᠨᠡᠶᠢᠲᠡᠯᠡᠭᠡᠳᠦᠢ᠂ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠨᠠᠷᠢᠨ ᠳᠦᠷᠢᠮ ᠢ ᠬᠠᠷᠠᠬᠠᠨ ᠨᠡᠶᠢᠲᠡᠯᠡᠭᠡᠳᠦᠢ ᠪᠠᠶᠢᠪᠠᠯ᠂ ᠠᠯᠢ ᠲᠦᠷᠭᠡᠨ ᠢᠶᠠᠷ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ ᠡᠨᠡ ᠤᠳᠠᠭ᠎ᠠ ᠶᠢᠨ ᠰᠢᠮᠳᠠᠭᠤᠯᠤᠨ ᠪᠠᠶᠢᠴᠠᠭᠠᠯᠲᠠ ᠳᠤᠮᠳᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠰᠠᠯᠠᠭ᠎ᠠ ᠮᠥᠴᠢᠷ ᠤᠨ  ᠬᠢᠨ ᠨᠠᠷᠢᠨ ᠬᠢᠨᠠᠮᠠᠭᠠᠢ ᠰᠤᠳᠤᠯᠵᠤ᠂ ᠲᠦᠷᠦ ᠶᠢᠨ ᠪᠣᠳᠣᠯᠭ᠎ᠠ ᠶᠢᠨ ᠲᠡᠭᠦᠯᠳᠡᠷᠵᠢᠭᠦᠯᠬᠦ ᠶᠣᠰᠣᠲᠠᠢ ᠶᠢ ᠨᠢ ᠲᠡᠭᠦᠯᠳᠡᠷᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠭᠠᠳᠠᠭᠰᠢ ᠨᠡᠭᠡᠭᠡᠯᠲᠡ ᠬᠢᠬᠦ ᠪᠣᠯ ᠮᠠᠨ ᠤ ᠤᠯᠤᠰ ᠤᠨ ᠦᠨᠳᠦᠰᠦᠨ ᠤᠯᠤᠰ ᠤᠨ ᠪᠣᠳᠣᠯᠭ᠎ᠠ ᠮᠥᠨ᠃ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠨᠢ ᠠᠵᠤ ᠠᠬᠤᠢ ᠶᠢᠨ ᠪᠦᠬᠦ ᠲᠠᠯ᠎ᠠ᠂ ᠠᠵᠢᠯ ᠣᠯᠭᠤᠯᠲᠠ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠭ᠎ᠠ ᠪᠣᠯᠬᠤᠷ ᠭᠠᠳᠠᠭᠰᠢ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠨᠢᠭᠡᠨᠲᠡ ᠨᠡᠶᠢᠲᠡᠯᠡᠭᠰᠡᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠵᠡᠷᠭᠡᠴᠡᠭᠡ ᠪᠠᠷ ᠳᠡᠮᠵᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ᠃ ᠨᠢᠭᠡ ᠳᠤ᠂ ᠡᠯ᠎ᠡ ᠱᠠᠲᠤᠨ ᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠡᠳ᠋ ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠬᠤ ᠵᠡᠷᠭᠡ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠵᠡᠷᠭᠡ ᠲᠠᠯ᠎ᠠ ᠶᠢᠨ ᠬᠦᠴᠢᠷᠳᠡᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠣᠷᠣᠨ ᠨᠤᠲᠤᠭ ᠤᠨ ᠬᠢᠨ ᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢᠨ ᠰᠢᠨᠡᠴᠢᠯᠡᠯᠲᠡ ᠶᠢ ᠬᠦᠲᠦᠯᠦᠨ ᠳᠠᠭᠠᠭᠤᠯᠬᠤ ᠬᠡᠷᠡᠭᠲᠡᠢ᠃ ᠬᠤᠶᠠᠷ ᠲᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠪᠠᠶᠢᠳᠠᠯ ᠢ ᠪᠠᠲᠤᠯᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠠᠳᠠᠭᠠᠳᠤ ᠭᠠᠷᠭᠠᠯᠭ᠎ᠠ ᠶᠢᠨ ᠭᠠᠶᠢᠯᠢ ᠪᠤᠴᠠᠭᠠᠭᠰᠠᠨ ᠢᠲᠡᠭᠡᠮᠵᠢ ᠰᠠᠶᠢᠲᠠᠢ ᠠᠵᠤ ᠠᠬᠤᠶᠢᠯᠠᠯ ᠳᠤ 3 ᠠᠵᠢᠯᠯᠠᠬᠤ ᠡᠳᠦᠷ ᠤᠨ ᠳᠣᠲᠣᠷ᠎ᠠ ᠭᠠᠶᠢᠯᠢ ᠪᠤᠴᠠᠭᠠᠯᠲᠠ ᠶᠢ ᠪᠣᠳᠠᠲᠠᠶᠢᠵᠢᠭᠤᠯᠬᠤ ᠶᠢ ᠱᠠᠲᠤᠴᠢ ᠴᠢᠨᠠᠷᠲᠠᠢ ᠪᠠᠷ ᠬᠡᠷᠡᠭᠵᠢᠭᠦᠯᠵᠦ᠂ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ᠂ ᠭᠠᠷᠠᠮ ᠤᠨ ᠠᠴᠢᠶᠠᠯᠠᠵᠤ ᠪᠠᠭᠤᠯᠭᠠᠬᠤ᠂ ᠳᠠᠮᠵᠢᠭᠤᠯᠤᠨ ᠲᠡᠭᠡᠭᠡᠪᠦᠷᠢᠯᠡᠬᠦ ᠪᠠ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠲᠦᠷᠭᠡᠪᠴᠢᠯᠡᠨ ᠳᠡᠭᠡᠭᠰᠢᠯᠡᠭᠦᠯᠵᠦ᠂ ᠤᠯᠠᠨ ᠤᠯᠤᠰ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠭᠠᠷᠠᠮ ᠤᠨ ᠬᠤᠯᠪᠣᠭᠳᠠᠯ ᠪᠦᠬᠦᠢ ᠰᠦᠢᠳᠬᠡᠯ ᠬᠤᠷᠢᠶᠠᠯᠲᠠ ᠶᠢ ᠱᠠᠲᠤᠴᠢ ᠴᠢᠨᠠᠷᠲᠠᠢ ᠪᠠᠷ ᠬᠠᠰᠤᠬᠤ ᠶᠢ ᠰᠤᠳᠤᠯᠬᠤ ᠬᠡᠷᠡᠭᠲᠡᠢ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠵᠡᠷᠭᠡ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠰᠠᠶᠢᠲᠤᠷ ᠬᠡᠷᠡᠭᠯᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠭᠠᠳᠠᠭᠠᠳᠤ ᠬᠥᠮᠥᠷᠭᠡ ᠶᠢᠨ ᠠᠵᠤ ᠠᠬᠤᠶᠢᠯᠠᠯ ᠤᠨ ᠣᠶᠤᠨᠴᠢ ᠪᠠᠷᠠᠭᠠᠨ ᠤ ᠭᠦᠢᠯᠭᠡᠭᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠃ ᠭᠤᠷᠪᠠ ᠳᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠢᠳᠡᠪᠬᠢᠲᠡᠢ ᠲᠠᠲᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠠᠵᠤ ᠠᠬᠤᠶᠢᠯᠠᠯ ᠤᠨ ᠵᠢᠱᠢᠯᠲᠡ ᠶᠢ ᠲᠣᠭᠲᠠᠪᠤᠷᠢᠵᠢᠭᠤᠯᠤᠨ᠎ᠠ᠃ ᠪᠣᠯᠪᠠᠰᠤᠷᠠᠭᠤᠯᠬᠤ ᠠᠷᠠᠯᠵᠢᠶ᠎ᠠ ᠶᠢ ᠱᠠᠲᠤᠴᠢᠯᠠᠨ ᠰᠢᠯᠵᠢᠭᠦᠯᠬᠦ ᠶᠢ ᠳᠡᠮᠵᠢᠬᠦ ᠨᠡᠩ ᠴᠢᠩᠭ᠎ᠠ ᠡᠷᠴᠢᠮ ᠪᠦᠬᠦᠢ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠦᠢᠯᠡᠳᠬᠡᠯ ᠤᠨ ᠦᠢᠯᠡᠰ ᠲᠤ ᠪᠡᠯᠡ ᠣᠷᠣᠭᠤᠯᠬᠤ ᠶᠢ ᠳᠡᠮᠵᠢᠬᠦ ᠭᠠᠷᠴᠠᠭ ᠢ ᠥᠷᠭᠡᠳᠬᠡᠨ᠎ᠡ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠯᠤᠭ᠎ᠠ ᠰᠣᠯᠢᠯᠴᠠᠭ᠎ᠠ ᠬᠢᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠨ ᠤ ᠬᠦᠴᠢᠷᠳᠡᠯ ᠢ ᠴᠠᠭ ᠲᠤᠬᠠᠢ ᠳᠤ ᠨᠢ ᠣᠶᠢᠯᠠᠭᠠᠵᠤ᠂ ᠵᠦᠢ ᠵᠣᠬᠢᠰᠲᠠᠢ ᠬᠡᠷᠡᠭᠴᠡᠭᠡ ᠶᠢ ᠨᠢ ᠳᠡᠮᠵᠢᠬᠦ ᠬᠡᠷᠡᠭᠲᠡᠢ᠃      ᠬᠤᠷᠠᠯ ᠠᠴᠠ ᠪᠤᠰᠤᠳ ᠵᠦᠢᠯ ᠢ ᠰᠤᠳᠤᠯᠪᠠ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ