ᠰᠠᠶᠢᠬᠠᠨ ᠲᠣᠭᠤᠷᠢᠭ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠠᠵᠢᠯᠲᠠᠨ ᠡᠯᠰᠡᠬᠦ ᠰᠢᠷᠢᠰ ᠠᠵᠢᠯᠯᠠᠭ᠎ᠠ ᠰᠠᠶᠢᠬᠠᠨ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2022/6/14
20220614.jpg
      ᠲᠦᠷᠦᠭᠦᠬᠡᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠬᠠᠮᠲᠤᠷᠠᠨ ᠡᠷᠭᠢᠯᠡᠭᠰᠡᠨ ︽ᠬᠠᠪᠤᠷ ᠤᠨ ᠰᠠᠯᠬᠢ ᠪᠠᠷ ᠠᠵᠢᠯ ᠤᠨ ᠪᠠᠶᠢᠷᠢ ᠬᠦᠷᠭᠡᠨ ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢᠨ ᠰᠠᠶᠢᠬᠠᠨ ᠲᠣᠭᠤᠷᠢᠭ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠠᠵᠢᠯᠲᠠᠨ ᠡᠯᠰᠡᠬᠦ ᠰᠢᠷᠢᠰ ᠠᠵᠢᠯᠯᠠᠭ᠎ᠠ ᠰᠠᠶᠢᠬᠠᠨ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠸᠢᠴᠠᠲ ᠤᠨ ᠸᠢᠳᠢᠤ᠋ ᠳ᠋ᠤᠭᠠᠷ᠂  ᠪᠤᠰᠢᠭᠤ ᠭᠠᠷ ᠵᠡᠷᠭᠡ ᠲᠠᠪᠴᠠᠩ ᠤᠨ ᠰᠢᠭᠤᠳ ᠨᠡᠪᠲᠡᠷᠡᠭᠦᠯᠭᠡ ᠳᠤ ᠠᠵᠢᠯ ᠤᠨ ᠪᠠᠶᠢᠷᠢ ᠶᠢ ᠳᠠᠭᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠬᠢᠭᠡᠳ ᠠᠵᠢᠯ ᠡᠷᠢᠭᠰᠡᠳ ᠲᠤ ᠬᠠᠷᠢᠯᠴᠠᠬᠤ ᠲᠠᠪᠴᠠᠩ  ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠨ᠂ ᠡᠯ᠎ᠡ ᠲᠥᠷᠥᠯ ᠤᠨ ᠠᠵᠢᠯ ᠡᠷᠢᠬᠦ ᠬᠦᠰᠡᠯ ᠲᠠᠢ ᠬᠥᠮᠥᠰ ᠤᠨ ᠠᠵᠢᠯ ᠣᠯᠬᠤ ᠠᠰᠠᠭᠤᠳᠠᠯ ᠢ ᠪᠦᠲᠦᠮᠵᠢᠲᠡᠶ ᠬᠠᠪᠰᠤᠷᠤᠨ ᠰᠢᠢᠳᠪᠦᠷᠢᠯᠡᠵᠦ ᠥᠭᠬᠦ ᠪᠣᠯᠣᠨ᠎ᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 24 ᠠᠵᠤ ᠠᠬᠤᠶᠢᠯᠠᠯ ᠣᠷᠣᠯᠴᠠᠵᠤ᠂ ᠲᠤᠬᠠᠢ ᠶᠢᠨ ᠲᠠᠯᠠᠪᠤᠷ ᠲᠤ 7 ᠠᠵᠤ ᠠᠬᠤᠶᠢᠯᠠᠯ ᠬᠦᠷᠦᠯᠴᠡᠨ ᠢᠷᠡᠵᠦ᠂ 200 ᠭᠠᠷᠤᠢ ᠠᠵᠢᠯ ᠤᠨ ᠪᠠᠶᠢᠷᠢ ᠬᠠᠩᠭᠠᠵᠤ᠂ ᠨᠡᠶᠢᠲᠡ 5 ᠰᠢᠭᠤᠳ ᠨᠡᠪᠲᠡᠷᠡᠭᠦᠯᠭᠡ ᠶᠢᠨ ᠥᠷᠥᠭᠡ ᠪᠠᠶᠢᠭᠤᠯᠵᠤ᠂ ᠰᠢᠭᠤᠳ ᠨᠡᠪᠲᠡᠷᠡᠭᠦᠯᠭᠡ ᠶᠢᠨ ᠥᠷᠥᠭᠡᠨ ᠳᠤ 2.5 ᠲᠦᠮᠡᠨ ᠬᠥᠮᠥᠨ ᠤᠳᠠᠭ᠎ᠠ ᠢᠷᠡᠵᠦ᠂ ᠰᠦᠯᠵᠢᠶᠡᠨ ᠳᠡᠭᠡᠷ᠎ᠡ 5500 ᠭᠠᠷᠤᠢ ᠬᠥᠮᠥᠨ ᠣᠷᠣᠯᠴᠠᠪᠠ᠃ ᠰᠤᠷᠪᠤᠯᠵᠢᠯᠠᠭᠴᠢ ᠯᠢᠦ ᠵᠢᠶᠦ᠋ᠨ ᠴᠢᠮᠡᠭᠡᠯᠡᠭᠴᠢ ᠯᠢ ᠴᠧᠨ ᠶᠣᠣ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ