ᠮᠠᠨ ᠤ ᠬᠤᠲᠠ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/17
res01_attpic_brief (1).jpg     
      ᠡᠨᠡ ᠵᠢᠯ ᠤᠨ 6 ᠳ᠋ᠤᠭᠠᠷ ᠰᠠᠷ᠎ᠠ ᠪᠣᠯ ᠬᠤᠷᠢᠨ ᠨᠢᠭᠡᠳᠡᠬᠢ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠂ 6 ᠳ᠋ᠤᠭᠠᠷ ᠰᠠᠷ᠎ᠠ ᠶᠢᠨ 16 ᠤ ᠡᠳᠦᠷ ᠪᠣᠯ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠯᠠᠪᠯᠠᠯᠭ᠎ᠠ ᠶᠢᠨ ᠡᠳᠦᠷ ᠪᠣᠯᠣᠨ᠎ᠠ᠃ ᠬᠥᠬᠡᠬᠤᠲᠠ ᠶᠢᠨ 2022 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠠ ︽ᠠᠶᠤᠯᠭᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠰᠠᠭᠤᠨ ᠯᠠᠪᠯᠠᠬᠤ ᠡᠳᠦᠷ ᠤᠨ ᠠᠵᠢᠯᠯᠠᠭ᠎ᠠ ᠲᠤᠰ ᠡᠳᠦᠷ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠶᠢᠨ ᠭᠤᠣᠯ ᠰᠡᠳᠦᠪ ᠨᠢ ︽ᠠᠶᠤᠯᠭᠦᠢ ᠦᠢᠯᠡᠳᠪᠦᠷᠢᠯᠡᠯ ᠤᠨ ᠬᠠᠤᠯᠢ ᠶᠢ  ᠰᠠᠬᠢᠵᠤ  ᠰᠠᠶᠢᠨ ᠨᠢᠭᠡᠳᠦᠭᠡᠷ ᠬᠠᠷᠢᠭᠤᠴᠠᠯᠭᠠᠲᠠᠨ ᠪᠣᠯᠣᠶ᠎ᠠ︾ ᠃ ᠠᠵᠢᠯᠯᠠᠭ᠎ᠠ ᠳᠤᠮᠳᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ  ᠬᠤᠯᠪᠤᠭᠳᠠᠯ ᠪᠦᠬᠦᠢ ᠭᠡᠰᠢᠭᠦᠨ ᠨᠢᠭᠡᠴᠡ ᠵᠢᠴᠢ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠨ ᠨᠢᠭᠡᠴᠡ᠂ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠨᠢ ᠤᠷᠠᠨ ᠰᠠᠶᠢᠬᠠᠨ ᠤ ᠲᠣᠭᠯᠠᠯᠲᠠ᠂ ᠦᠵᠡᠭᠦᠯᠦᠯᠭᠡ ᠶᠢᠨ ᠰᠠᠮᠪᠠᠷ᠎ᠠ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠬᠠᠷᠢᠯᠴᠠᠨ ᠨᠡᠪᠲᠡᠷᠡᠯᠴᠡᠬᠦ ᠶᠢ ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠠᠶᠤᠯᠭᠦᠢ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠠᠮᠤᠷ ᠲᠦᠪᠰᠢᠨ ᠤ ᠰᠢᠨᠵᠢᠯᠡᠬᠦ ᠤᠬᠠᠭᠠᠨ ᠤ ᠮᠡᠳᠡᠯᠭᠡ ᠶᠢ  ᠲᠦᠭᠡᠮᠡᠯᠵᠢᠭᠦᠯᠪᠡ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ