︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/20
      ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ      ᠪᠡᠶ᠎ᠡ ᠶᠢᠨ ᠲᠠᠮᠢᠷ ᠤᠨ ᠠᠵᠢᠯ ᠪᠣᠯ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠲᠠᠢ ᠬᠤᠯᠪᠣᠭᠳᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠴᠢᠬᠤᠯᠠ ᠰᠠᠭᠤᠷᠢ ᠮᠥᠨ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾᠂ ︽︿ᠡᠷᠡᠭᠦᠯ ᠡᠩᠬᠡ ᠳᠤᠮᠳᠠᠳᠤ ᠤᠯᠤᠰ 2030﹀ ᠤᠨ ᠲᠥᠯᠦᠪᠵᠢᠭᠦᠯᠭᠡ ᠶᠢᠨ ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ᠶᠢᠨ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ ᠨᠠᠶᠢᠷᠠᠭᠤᠯᠤᠨ ᠵᠣᠭᠢᠶᠠᠪᠠ᠃      ᠭᠤᠷᠪᠠ᠂ ᠭᠤᠣᠯ ᠠᠭᠤᠯᠭ᠎ᠠ      ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠴᠢᠬᠤᠯᠠ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃      1. ᠬᠥᠭᠵᠢᠯᠲᠡ ᠶᠢᠨ ᠭᠤᠣᠯ ᠬᠠᠷᠠᠯᠲᠠ ᠶᠢ ᠳᠤᠷᠠᠳᠴᠤ᠂ ᠬᠡᠮᠵᠢᠶᠡᠵᠢᠭᠦᠯᠦᠭᠰᠡᠨ ᠬᠦᠢᠴᠡᠳᠭᠡᠯ ᠲᠤᠭ᠎ᠠ ᠶᠢ  ᠲᠣᠳᠤᠷᠬᠠᠶᠢᠯᠠᠪᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠲᠠᠢ ᠬᠠᠷᠭᠤᠭᠤᠯᠤᠨ᠂ ᠬᠥᠭᠵᠢᠯᠲᠡ ᠶᠢᠨ ᠪᠣᠳᠠᠲᠤ ᠪᠠᠶᠢᠳᠠᠯ ᠪᠠ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ ᠵᠢᠴᠢ ᠪᠡᠯᠡᠳᠬᠡᠯ ᠴᠢᠳᠠᠪᠤᠷᠢᠲᠠᠨ᠂ ᠠᠵᠤ ᠦᠢᠯᠡᠰ ᠤᠨ ᠬᠥᠭᠵᠢᠯᠲᠡ ᠪᠠ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠵᠡᠷᠭᠡ ᠳᠥᠷᠪᠡᠨ ᠲᠠᠯ᠎ᠠ ᠶᠢᠨ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠃ ᠭᠤᠣᠯ ᠬᠠᠷᠠᠯᠲᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠬᠤ ᠳᠤ ᠲᠦᠭᠦᠮ ᠪᠣᠯᠭᠠᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ ᠪᠠᠷ ᠲᠥᠰᠥᠭᠡᠯᠡᠨ ᠪᠤᠳᠤᠬᠤ ᠪᠠᠷ ᠲᠠᠮᠵᠢᠨ᠂ 21 ᠵᠦᠢᠯ ᠤᠨ ᠪᠣᠳᠠᠲᠠᠢ ᠬᠡᠮᠵᠢᠶᠡᠵᠢᠭᠦᠯᠦᠭᠰᠡᠨ  ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠴᠦᠮ ᠥᠪᠡᠷᠲᠡᠭᠡᠨ ᠵᠠᠰᠠᠬᠤ ᠣᠷᠣᠨ ᠤ ᠭᠦᠢᠴᠡᠳᠬᠡᠯ ᠲᠤᠭ᠎ᠠ ᠶᠢᠨ ᠬᠡᠮᠵᠢᠭᠳᠡᠯ ᠲᠠᠢ ᠲᠡᠩᠴᠡᠭᠦᠦ ᠪᠤᠶᠤ ᠲᠡᠭᠦᠨ ᠠᠴᠠ ᠥᠨᠳᠥᠷ᠃ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠳᠤ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠠᠯᠠᠪᠠᠶ ᠶᠢ 2.6 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 39% ᠳᠤ ᠬᠦᠷᠦᠭᠦᠯᠵᠦ᠂ 2022 ᠣᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠯᠲᠠᠨ ᠮᠧᠳᠠᠯ᠂ ᠱᠠᠩᠨᠠᠯ ᠤᠨ ᠮᠧᠳᠠᠯ ᠣᠯᠬᠤ ᠪᠠᠷ ᠴᠢᠷᠮᠠᠶᠢᠵᠤ᠂  ᠬᠠᠮᠲᠤ ᠨᠢᠭᠡᠴᠡ ᠶᠢᠨ ᠶᠡᠷᠦᠩᠬᠡᠢ ᠬᠤᠪᠢ ᠪᠠᠷ ᠡᠮᠦᠨ᠎ᠡ ᠭᠤᠷᠪᠠ ᠳᠤ ᠣᠷᠣᠵᠤ᠂ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ 1  ᠬᠦᠭᠵᠢᠬᠦᠯᠬᠦ ᠵᠡᠷᠭᠡ ᠪᠠᠭᠲᠠᠨ᠎ᠠ᠃      2. ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ︽ᠲᠥᠯᠦᠪᠵᠢᠭᠦᠯᠭᠡ︾ ᠨᠢ ᠪᠢᠳᠡᠨ ᠳᠤ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠵᠢᠷᠤᠭ ᠲᠥᠰᠥᠪ ᠢ ᠦᠵᠡᠭᠦᠯᠪᠡ᠂ ᠲᠤᠬᠠᠶᠢᠯᠠᠪᠠᠯ ᠡᠬᠢ ᠪᠠᠶᠠᠯᠢᠭ ᠤᠨ ᠲᠠᠷᠬᠠᠯᠲᠠ ᠨᠠᠩ ᠲᠡᠩᠴᠡᠭᠦᠷᠢᠲᠡᠢ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠨᠠᠩ ᠳᠥᠭᠦᠮ ᠳᠥᠲᠡ᠂ ᠤᠷᠤᠯᠳᠤᠭᠠᠨ ᠤ ᠠᠵᠢᠯᠯᠠᠭ᠎ᠠ ᠨᠠᠩ ᠪᠠᠶᠠᠯᠢᠭ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠨᠠᠩ ᠪᠦᠷᠢᠨ ᠲᠡᠭᠦᠯᠳᠡᠷ᠂ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠨᠠᠩ ᠰᠢᠨᠵᠢᠯᠡᠬᠦ ᠤᠬᠠᠭᠠᠨᠴᠢ᠂ ᠣᠯᠠᠨ ᠲᠦᠮᠡᠨ ᠤ ᠣᠷᠤᠯᠴᠠᠯᠭ᠎ᠠ ᠨᠠᠩ ᠥᠷᠭᠡᠨ ᠳᠡᠯᠭᠡᠷ ᠪᠣᠯᠣᠨ᠎ᠠ᠃       ︽ᠲᠥᠯᠦᠪᠵᠢᠭᠦᠯᠭᠡ︾ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯ ᠤᠨ ᠲᠣᠭᠤᠷᠢᠨ ᠳᠤ᠂ 10 ᠭᠤᠣᠯᠳᠠᠯᠭ᠎ᠠ ᠲᠠᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ  ᠪᠡᠯᠡᠳᠬᠡᠮᠵᠢ ᠶᠢᠨ ᠢᠨᠵᠧᠨᠧᠷᠢᠩ ᠢ ᠳᠤᠷᠠᠳᠤᠨ ᠭᠠᠷᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠭᠦᠢᠴᠡᠳ ᠪᠤᠰᠤ ᠪᠠ ᠲᠡᠩᠴᠡᠭᠦᠷᠢ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠡᠭᠦᠨ ᠳᠤ 10 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ 4 ᠪᠡᠶ᠎ᠡ ᠶᠢᠨ ᠲᠠᠮᠢᠷ ᠤᠨ ᠴᠡᠴᠡᠷᠯᠢᠭ ᠢ ᠪᠦᠲᠦᠭᠡᠨ ᠪᠠᠶᠢᠭᠤᠯᠬᠤ᠂ 500 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ ᠨᠡᠮᠡᠭᠳᠡᠭᠦᠯᠬᠦ᠂ 5 ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠢᠨ᠎ᠡ ᠪᠠᠷ ᠪᠠᠶᠢᠭᠤᠯᠬᠤ ᠵᠡᠷᠭᠡ ᠪᠠᠭᠲᠠᠨ᠎ᠠ᠃ ︽ᠲᠥᠯᠦᠪᠵᠢᠭᠦᠯᠭᠡ︾ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠬᠥᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠬᠥᠬᠡᠬᠤᠲᠠ ᠶᠢᠨ ᠮᠠᠷᠠᠽᠤᠨ᠂ ᠬᠥᠬᠡᠬᠤᠲᠠ ᠶᠢᠨ ᠮᠥᠰᠥ ᠴᠠᠰᠤᠨ ᠤ ᠤᠯᠠᠷᠢᠯ ᠵᠡᠷᠭᠡ ᠲᠠᠪᠤᠨ ᠵᠦᠢᠯ ᠤᠨ ᠰᠣᠳᠣᠨ ᠤᠷᠤᠯᠳᠤᠭᠠᠨ ᠤ ᠠᠵᠢᠯᠯᠠᠭ᠎ᠠ ᠪᠠ ᠶᠢᠰᠦᠨ ᠬᠤᠰᠢᠭᠤ ᠰᠢᠶᠠᠨ ᠲᠣᠭᠤᠷᠢᠭ ᠤᠨ ᠲᠥᠷᠥᠯ ᠲᠡᠮᠳᠡᠭᠲᠦ ᠠᠵᠢᠯᠯᠠᠭ᠎ᠠ ᠶᠢ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠯᠲᠡ ᠶᠢ ᠠᠬᠢᠭᠤᠯᠤᠨ᠎ᠠ᠃      3. ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠠᠬᠢᠭᠤᠯᠤᠨ᠎ᠠ      ᠰᠤᠷᠭᠠᠭᠤᠯᠢ ᠪᠣᠯ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠤᠣᠯ ᠵᠢᠭᠰᠠᠭᠠᠯ ᠤᠨ ᠭᠠᠵᠠᠷ ᠮᠥᠨ᠂ ᠪᠡᠶ᠎ᠡ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠪᠣᠯ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠭᠤᠣᠯ ᠬᠠᠷᠠᠯᠲᠠ ᠮᠦᠨ᠃ ︽ᠲᠥᠯᠦᠪᠵᠢᠭᠦᠯᠭᠡ︾ ᠨᠢ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ  ᠪᠠᠶᠢᠭᠤᠯᠬᠤ︔ ᠵᠠᠯᠠᠭᠤᠴᠤᠳ ᠪᠠᠭᠠᠴᠤᠳ ᠢ ᠬᠠᠪᠰᠤᠷᠴᠤ ᠨᠠᠭᠠᠲᠤ ᠵᠠᠬ᠎ᠠ ᠳᠠᠭᠠᠨ ᠨᠢᠭᠡ ᠠᠴᠠ ᠬᠤᠶᠠᠷ ᠵᠦᠢᠯ ᠤᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠶᠢ ᠡᠵᠡᠮᠰᠢᠭᠦᠯᠬᠦ︔ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠪᠣᠯᠪᠠᠰᠤᠷᠠᠯ ᠤᠨ ᠰᠢᠰᠲ᠋ᠧᠮᠵᠢ ᠶᠢ ᠲᠡᠭᠦᠯᠳᠡᠷᠵᠢᠬᠦᠯᠬᠦ︔ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃      4. ᠲᠥᠷᠥᠯ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠳᠠᠲᠤ ᠬᠦᠴᠦᠨ ᠢ ᠴᠢᠩᠭᠠᠳᠬᠠᠨ᠎ᠠ      ︽ᠲᠥᠯᠦᠪᠵᠢᠭᠦᠯᠭᠡ︾ ᠳᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯ ᠤᠨ ᠠᠩᠭᠢ ᠲᠠᠢ ᠰᠢᠨᠵᠢᠯᠡᠬᠦ ᠤᠬᠠᠭᠠᠨᠴᠢ ᠪᠠᠷ ᠮᠠᠲ᠋ᠧᠷᠢᠶᠠᠯ ᠰᠣᠩᠭᠤᠬᠤ᠂ ᠡᠮᠨᠡᠯᠭᠡ ᠶᠢᠨ ᠠᠵᠢᠯ ᠳᠤ ᠬᠢᠨᠠᠯᠲᠠ ᠲᠠᠯᠪᠢᠬᠤ᠂ ᠲᠠᠯᠠᠪᠤᠷ ᠣᠷᠳᠣᠨ ᠪᠡᠯᠡᠳᠬᠡᠮᠵᠢ᠂ ᠰᠢᠯᠢᠳᠡᠭ ᠰᠤᠷᠭᠠᠭᠴᠢ ᠵᠡᠷᠭᠡ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠫᠤᠤᠳᠠᠯᠭ᠎ᠠ᠂ ᠨᠢᠳᠤᠷᠭᠠᠨ ᠲᠡᠮᠡᠴᠡᠭᠡᠨ᠂ ᠪᠥᠬᠡ ᠪᠠᠷᠢᠯᠳᠤᠬᠤ᠂  ᠲᠠᠶᠧᠺᠤᠨᠳᠤ᠋᠂ ᠬᠦᠨᠳᠦ ᠬᠥᠩᠭᠡᠨ ᠪᠡᠶ᠎ᠡ ᠶᠢᠨ ᠲᠠᠮᠢᠷ᠂ ᠠᠯᠠᠭᠠᠳᠠᠬᠤ ᠪᠥᠮᠪᠦᠭᠡ᠂ ᠳᠤᠭᠤᠢ ᠲᠡᠷᠭᠡ ᠵᠡᠷᠭᠡ ᠳᠠᠪᠠᠭᠤᠯᠢᠭ ᠲᠥᠷᠥᠯ ᠵᠦᠢᠯ ᠢ ᠪᠠᠬᠢᠵᠢᠭᠦᠯᠦᠨ ᠬᠦᠭᠵᠢᠬᠦᠯᠦᠨ᠎ᠡ ᠭᠡᠵᠦ ᠳᠤᠷᠠᠳᠤᠨ ᠭᠠᠷᠭᠠᠪᠠ᠃ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠪᠠᠷ ᠲᠣᠯᠣᠭᠠᠶᠢᠯᠠᠭᠤᠯᠤᠭᠰᠠᠨ ᠬᠥᠬᠡᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠠᠯᠭᠠᠮᠵᠢ ᠡᠩᠨᠡᠭᠡ ᠶᠢ ᠬᠥᠮᠥᠵᠢᠭᠦᠯᠵᠦ᠂ ︽ᠤᠯᠤᠰ ᠤᠨ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ︾ ᠢᠶᠠᠷ ᠮᠠᠭᠠᠳᠯᠠᠨ  ᠲᠤᠭᠲᠠᠭᠠᠯᠭᠠᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠰᠬᠠᠯᠵᠢᠭᠤᠯᠤᠭᠴᠢ ᠵᠢᠴᠢ ᠪᠡᠶ᠎ᠡ ᠶᠢᠨ ᠲᠠᠮᠢᠷ ᠤᠨ ᠪᠠᠭᠰᠢ 300᠂ ᠬᠢᠨᠠᠭᠴᠢ 100 ᠶᠢ ᠪᠣᠯᠪᠠᠰᠤᠷᠠᠭᠤᠯᠵᠤ᠂ ᠳᠠᠩᠰᠠᠯᠠᠭᠤᠯᠤᠭᠰᠠᠨ  ᠵᠠᠯᠠᠭᠤᠴᠤᠳ ᠪᠠᠭᠠᠴᠤᠳ ᠰᠤᠷᠤᠭᠴᠢ ᠲᠠᠮᠢᠷᠴᠢᠨ ᠤ ᠲᠤᠭ᠎ᠠ ᠶᠢ 6000 ᠬᠥᠮᠥᠨ ᠳᠤ ᠬᠦᠷᠦᠭᠦᠯᠦᠨ᠎ᠡ᠃      5. ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ      ︽ᠲᠥᠯᠦᠪᠵᠢᠭᠦᠯᠭᠡ︾ ᠳᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ ᠤᠷᠤᠯᠳᠤᠭᠠᠨ ᠤ ᠲᠣᠭᠯᠠᠯᠲᠠ᠂ ᠲᠠᠯᠠᠪᠤᠷ ᠣᠷᠳᠣᠨ ᠤ ᠦᠢᠯᠡᠴᠢᠯᠡᠭᠡ᠂ ᠪᠡᠶ᠎ᠡ ᠶᠢᠨ ᠲᠠᠮᠢᠷ ᠤᠨ ᠵᠠᠭᠤᠴᠢᠯᠠᠭᠴᠢ᠂ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ᠂ ᠪᠡᠶ᠎ᠡ ᠶᠢᠨ ᠲᠠᠮᠢᠷ ᠤᠨ ᠬᠡᠷᠡᠭᠰᠡᠯ ᠦᠶᠯᠡᠳᠬᠦ ᠪᠠ ᠪᠣᠷᠣᠯᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ᠎ᠠ︔ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ᠂ ᠵᠠᠳᠠᠭᠠᠢ ᠴᠡᠴᠡᠷᠯᠢᠭ ᠤᠨ ᠲᠣᠣᠷ ᠪᠥᠮᠪᠦᠭᠡ ᠶᠢᠨ ᠣᠷᠳᠣᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ᠂ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠣᠪᠤᠭ᠎ᠠ ᠲᠣᠰᠬᠤᠨ᠂ ᠤᠰᠤᠨ ᠲᠡᠭᠡᠷᠮ᠎ᠡ ᠲᠣᠰᠬᠤᠨ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ᠂ ᠮᠠ ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠳᠠᠭᠠᠤ ᠪᠡᠶ᠎ᠡ ᠶᠢᠨ ᠲᠠᠮᠢᠷ ᠰᠡᠯᠡᠭᠦᠴᠡᠯ ᠤᠨ ᠠᠵᠤ ᠦᠢᠯᠡᠰ ᠤᠨ ᠪᠦᠰᠡ ᠶᠢ ᠴᠤᠭᠴᠠᠯᠠᠵᠤ᠂ ᠣᠨᠴᠠᠯᠢᠭᠲᠤ ᠠᠵᠤ ᠦᠢᠯᠡᠰ ᠤᠨ ᠰᠢᠰᠲ᠋ᠧᠮᠵᠢ ᠶᠢ ᠬᠥᠭᠵᠢᠭᠦᠯᠦᠨ᠎ᠡ︔ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠢᠶᠠᠷ ᠭᠤᠣᠯ ᠲᠣᠭᠤᠷᠢᠭ ᠪᠣᠯᠭᠠᠨ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠴᠤᠭᠴᠠᠯᠠᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠡᠮᠳᠡᠭᠲᠦ ᠶᠢ 10 ᠲᠦᠮᠡᠨ ᠬᠤᠪᠢ ᠲᠠᠷᠬᠠᠭᠠᠵᠤ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ︔ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠡᠶ᠎ᠡ ᠶᠢᠨ ᠲᠠᠮᠢᠷ ᠤᠨ ᠠᠵᠤ ᠦᠢᠯᠡᠰ ᠬᠢᠭᠡᠳ ᠵᠢᠭᠤᠯᠴᠢᠯᠠᠯ᠂ ᠡᠷᠡᠭᠦᠯ ᠮᠡᠨᠳᠦ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄  ᠪᠡᠶ᠎ᠡ ᠶᠢᠨ ᠲᠠᠮᠢᠷ ᠤᠨ ᠲᠣᠪᠴᠢᠶ᠎ᠠ      ᠬᠠᠷᠢᠯᠴᠠᠬᠤ ᠬᠥᠮᠥᠨ᠄ ᠶᠦᠨ ᠬᠤᠸᠠ ᠶᠦᠩ᠂ ᠬᠠᠷᠢᠯᠴᠠᠬᠤ ᠤᠲᠠᠰᠤ᠄ 0471-3318017
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ