ᠬᠥᠬᠡᠬᠤᠲᠠ ᠶᠢᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/22
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠯᠢ ᠪᠥᠸᠧ︶ 6 ᠳ᠋ᠤᠭᠠᠷ ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠪᠣᠰᠬᠠᠬᠤ ᠦᠢᠯᠡᠴᠢᠯᠡᠭᠡᠨ ᠤ ᠲᠥᠪ ᠬᠦᠷᠢᠶᠡᠯᠡᠩ ᠤᠨ ᠨᠡᠪᠴᠢᠯᠡᠭᠦᠷ ᠲᠤ ᠣᠷᠣᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠮᠠᠨ ᠤ ᠬᠤᠳᠠ ᠶᠢᠨ 7 ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠲᠠᠢ ᠳᠡᠯᠭᠡᠷᠡᠭᠦᠯᠵᠦ ᠰᠣᠯᠢᠯᠴᠠᠬᠤ ᠠᠵᠢᠯᠯᠠᠭ᠎ᠠ ᠥᠷᠨᠢᠭᠦᠯᠵᠦ᠂ ᠨᠡᠶᠢᠳᠡ 5 ᠠᠵᠤ ᠠᠬᠤᠶᠢᠯᠠᠯ ᠪᠣᠯᠣᠨ ᠦᠢᠯᠡᠴᠢᠯᠡᠭᠡᠨ ᠤ ᠪᠠᠶᠢᠭᠤᠯᠤᠮᠵᠢ ᠠᠩᠬ᠎ᠠ ᠠᠯᠬᠤᠮ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃      ᠲᠣᠰ ᠤᠳᠠᠭᠠᠨ ᠤ ᠠᠵᠢᠯᠯᠠᠭ᠎ᠠ ᠳᠤ᠂ ᠬᠦᠷᠢᠶᠡᠯᠡᠩ ᠲᠣᠭᠤᠷᠢᠭ ᠤᠨ ᠨᠡᠪᠴᠢᠯᠡᠭᠦᠷ ᠲᠤ ᠣᠷᠣᠭᠰᠠᠨ ᠠᠵᠤ ᠠᠬᠤᠶᠢᠯᠠᠯ ᠤᠨ 21 ᠲᠥᠯᠥᠭᠡᠯᠡᠭᠴᠢ ᠡᠯ᠎ᠡ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠡᠳᠦᠪᠲᠦ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠵᠤ ᠠᠬᠤᠶᠢᠯᠠᠯᠲᠠᠨ ᠤ ᠲᠥᠯᠥᠭᠡᠯᠡᠭᠴᠢ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠠᠤᠯᠢ ᠴᠠᠭᠠᠵᠠ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ ᠶᠠᠷᠢᠯᠴᠠᠨ ᠰᠠᠨᠠᠯ ᠢᠶᠠᠨ ᠰᠣᠯᠢᠯᠴᠠᠪᠠ᠃      ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠬᠦ ᠪᠣᠯ ᠬᠦᠷᠢᠶᠡᠯᠡᠩ ᠲᠣᠭᠤᠷᠢᠭ ᠤᠨ ᠡᠨᠡ ᠵᠢᠯ ᠤᠨ ᠨᠢᠭᠡ ᠴᠢᠬᠤᠯᠠ ᠠᠵᠢᠯ ᠪᠣᠯᠣᠨ᠎ᠠ᠂ ᠰᠣᠯᠢᠯᠴᠠᠭ᠎ᠠ ᠬᠠᠮᠲᠤᠷᠠᠯᠴᠠᠭ᠎ᠠ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠬᠢᠭᠡᠳ ᠦᠢᠯᠡᠴᠢᠯᠡᠭᠡᠨ ᠤ ᠪᠠᠶᠢᠭᠤᠯᠤᠮᠵᠢ ᠭᠤᠷᠪᠠᠨ ᠲᠠᠯ᠎ᠠ ᠶᠢ ᠬᠠᠮᠲᠤᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠣᠳᠣᠬᠠᠨ ᠳᠤ᠂ ᠬᠥᠬᠡᠬᠤᠲᠠ ᠶᠢᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠲᠠᠯᠠᠪᠠᠶ ᠨᠢ 4.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ︽ᠪᠡᠯᠡ ᠮᠥᠩᠭᠦ ᠪᠠᠷ ᠳᠡᠮᠵᠢᠬᠦ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠦᠢᠯᠡᠴᠢᠯᠡᠭᠡ ᠪᠠᠷ ᠲᠤᠯᠭᠠᠭᠤᠷᠢᠯᠠᠭᠤᠯᠬᠤ︾ ᠭᠤᠷᠪᠠᠨ ᠶᠡᠭᠡ ᠴᠢᠳᠠᠪᠤᠷᠢᠲᠠᠨ ᠮᠡᠷᠭᠡᠵᠢᠯᠲᠡᠨ ᠢ ᠡᠯᠰᠡᠵᠦ ᠣᠷᠣᠭᠤᠯᠬᠤ ᠠᠷᠭ᠎ᠠ ᠬᠡᠮᠵᠢᠶ᠎ᠡ ᠪᠠᠷ ᠳᠡᠮᠵᠢᠨ᠂ ᠡᠯ᠎ᠡ ᠲᠥᠷᠥᠯ ᠤᠨ ᠳᠡᠭᠡᠳᠦ ᠲᠠᠰ ᠤᠨ ᠴᠢᠳᠠᠪᠤᠷᠢᠲᠠᠨ ᠢ ᠨᠡᠶᠢᠲᠡ 231 ᠣᠷᠣᠭᠤᠯᠤᠨ ᠠᠪᠴᠢᠷᠠᠵᠤ᠂ ᠨᠡᠶᠢᠲᠡ 262 ᠠᠵᠤ ᠠᠬᠤᠶᠢᠯᠠᠯ ᠢ ᠨᠡᠪᠴᠢᠭᠦᠯᠵᠦ᠂ 12 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠪᠴᠢᠭᠦᠯᠵᠦ᠂ 206 ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠣᠯᠵᠤ᠂ 5256 ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ