ᠵᠣᠨ ᠤ ᠠᠮᠠᠷᠠᠯᠲᠠ ᠣᠶᠢᠷᠠᠳᠬᠤ ᠲᠠᠰᠢᠷᠠᠮ ᠳᠤ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠨᠤᠲᠤᠭ ᠲᠤ ᠪᠠᠨ ᠪᠤᠴᠠᠬᠤ ᠲᠤᠬᠠᠢ ᠬᠠᠮᠤᠭ ᠤᠨ ᠰᠢᠨ᠎ᠡ ᠲᠣᠬᠢᠷᠠᠭᠤᠯᠤᠯᠲᠠ᠂ 2023 ᠣᠨ ᠠᠴᠠ ᠡᠬᠢᠯᠡᠨ ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ ᠢ ᠬᠦᠴᠦᠨ ᠦᠭᠡᠢ ᠪᠣᠯᠭᠠᠨ᠎ᠠ ᠁ ᠬᠠᠮᠤᠭ ᠤᠨ ᠰᠢᠨ᠎ᠡ ᠮᠡᠳᠡᠭᠡ︕
ᠨᠡᠶᠢᠲᠡᠯᠡᠭᠰᠡᠨ ᠴᠠᠭ᠄
2022/6/22
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠣᠶᠤᠲᠠᠳ ᠤᠨ ᠠᠵᠢᠯ ᠣᠯᠬᠤ ᠪᠠ ᠨᠤᠲᠤᠭ ᠲᠤ ᠪᠠᠨ ᠪᠤᠴᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ︕      ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠣᠷᠣᠰᠢᠵᠤ ᠪᠠᠶᠢᠨ᠎ᠠ      ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ ᠣᠶᠢᠷ᠎ᠠ ᠶᠢᠨ ᠬᠤᠶᠠᠷ ᠡᠳᠦᠷ ᠲᠤ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠨᠢᠭᠡᠨᠲᠡ 100 ᠠᠴᠠ ᠳᠣᠷᠣᠭᠰᠢ ᠪᠣᠯᠤᠭᠰᠠᠨ ᠪᠣᠯᠪᠠᠴᠤ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠮᠥᠨ ᠬᠦ ᠬᠡᠯᠪᠡᠯᠵᠡᠯ ᠲᠠᠢ ᠪᠠᠶᠢᠨ᠎ᠠ᠃      ᠪᠡᠭᠡᠵᠢᠩ ᠳᠤ ᠣᠶᠢᠷ᠎ᠠ ᠶᠢᠨ ᠨᠢᠭᠡ ᠭᠠᠷᠠᠭ ᠲᠤ ᠬᠠᠯᠳᠠᠪᠤᠷᠢᠯᠠᠭᠰᠠᠳ ᠢ ᠦᠷᠭᠦᠯᠵᠢᠯᠡᠨ ᠢᠯᠡᠷᠡᠭᠦᠯᠵᠦ᠂ ᠠᠷᠢᠬᠢᠨ ᠪᠠᠭᠠᠷ ᠲᠤ ᠬᠤᠷᠠᠨ ᠴᠤᠭᠯᠠᠷᠠᠭᠰᠠᠨ ᠲᠠᠢ ᠬᠤᠯᠪᠣᠭ᠎ᠠ ᠲᠠᠢ ᠪᠠᠶᠢᠵᠤ᠂ ᠪᠡᠭᠡᠵᠢᠩ ᠬᠤᠲᠠ ᠶᠢᠨ ᠣᠯᠠᠨ ᠲᠣᠭᠤᠷᠢᠭ ᠢ ᠨᠥᠯᠥᠭᠡᠯᠡᠭᠰᠡᠨ ᠪᠠᠶᠢᠨ᠎ᠠ᠃ ᠭᠡᠪᠡᠴᠦ᠂ ᠪᠡᠭᠡᠵᠢᠩ ᠤᠨ ᠣᠶᠢᠷ᠎ᠠ ᠶᠢᠨ ᠬᠤᠶᠠᠷ ᠡᠳᠦᠷ ᠤᠨ ᠬᠠᠯᠳᠠᠪᠤᠷᠢᠯᠠᠭᠰᠠᠳ ᠪᠣᠯ ᠴᠥᠮ ᠲᠤᠰᠠᠭᠠᠷᠯᠠᠨ ᠠᠵᠢᠭᠯᠠᠭᠰᠠᠳ ᠠᠴᠠ ᠲᠣᠳᠣᠯᠠᠭᠰᠠᠨ ᠶᠤᠮ᠂ ᠡᠶᠢᠮᠦ ᠠᠴᠠ ᠲᠠᠷᠬᠠᠭᠠᠬᠤ ᠲᠦᠭᠰᠢᠭᠦᠷᠢ ᠡᠳᠦᠢ ᠲᠡᠳᠦᠢ ᠳᠣᠷᠣᠭᠰᠢᠯᠠᠪᠠ᠃ ᠭᠡᠪᠡᠴᠦ ᠡᠪᠡᠳᠴᠢᠨ ᠤ ᠲᠠᠷᠬᠠᠯᠲᠠ ᠶᠢᠨ ᠴᠢᠩᠭ᠎ᠠ ᠨᠢᠮᠪᠠᠢ ᠪᠠᠶᠢᠴᠠᠭᠠᠯᠲᠠ ᠪᠠ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠᠷ ᠳᠠᠮᠵᠢᠭᠤᠯᠤᠨ ᠠᠶᠤᠯ ᠲᠦᠭᠰᠢᠭᠦᠷᠢ ᠶᠢ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠦᠭᠡᠢ᠃      ᠱᠠᠩᠬᠠᠢ ᠳᠤ ᠣᠶᠢᠷ᠎ᠠ ᠶᠢᠨ ᠬᠤᠭᠤᠴᠠᠭᠠᠨ ᠤ ᠬᠠᠮᠢᠶᠠᠷᠤᠨ ᠡᠵᠡᠮᠳᠡᠬᠦ ᠪᠤᠰᠤ ᠬᠥᠮᠥᠰ ᠤᠨ ᠬᠠᠯᠳᠠᠪᠤᠷᠢᠯᠠᠯ ᠤᠨ ᠲᠤᠬᠠᠢ ᠬᠡᠰᠡᠭ ᠪᠤᠰᠠᠭ ᠢᠶᠠᠷ ᠮᠡᠳᠡᠭᠦᠯᠵᠦ᠂ ᠣᠨᠴᠠ ᠵᠠᠷᠢᠮ ᠣᠷᠣᠨ ᠪᠦᠰᠡ ᠳᠤ ᠪᠠᠰᠠ ᠨᠡᠶᠢᠭᠡᠮ ᠲᠣᠭᠤᠷᠢᠭ ᠤᠨ ᠲᠠᠷᠬᠠᠯᠲᠠ ᠶᠢᠨ ᠲᠦᠭᠰᠢᠭᠦᠷᠢ ᠨᠢᠭᠤᠭᠳᠠᠵᠤ ᠪᠠᠶᠢᠨ᠎ᠠ᠃      ᠥᠪᠥᠷ ᠮᠣᠩᠭᠤᠯ ᠤᠨ ᠡᠷᠢᠶᠡᠨ ᠬᠤᠲᠠ᠂ ᠤᠯᠠᠭᠠᠨᠬᠠᠳᠠ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠪᠠᠭᠤᠷᠠᠬᠤ ᠬᠠᠨᠳᠤᠰᠢ ᠲᠠᠢ ᠪᠣᠯᠪᠠᠴᠤ ᠭᠤᠣᠯᠳᠠᠯᠭ᠎ᠠ ᠲᠠᠢ ᠬᠥᠮᠥᠰ ᠪᠠ ᠢᠷᠡᠯᠲᠡ ᠨᠢ ᠲᠣᠳᠣᠷᠬᠠᠢ ᠦᠭᠡᠢ ᠬᠠᠯᠳᠠᠪᠤᠷᠢᠯᠠᠭᠰᠠᠳ ᠮᠥᠨ ᠬᠦ ᠣᠷᠣᠰᠢᠵᠤ᠂ ᠬᠡᠰᠡᠭ ᠭᠠᠵᠠᠷ ᠣᠷᠣᠨ ᠳᠤ ᠨᠡᠶᠢᠭᠡᠮ ᠲᠣᠭᠤᠷᠢᠭ ᠤᠨ ᠬᠠᠯᠳᠠᠪᠤᠷᠢᠯᠠᠨ ᠲᠠᠷᠬᠠᠬᠤ ᠲᠦᠭᠰᠢᠭᠦᠷᠢ ᠣᠷᠣᠰᠢᠵᠤ ᠪᠠᠶᠢᠨ᠎ᠠ᠃      ᠭᠢᠷᠢᠨ ᠤ ᠲᠦᠩᠬᠤᠸᠠ᠂ ᠪᠠᠶᠢᠱᠠᠨ ᠬᠤᠲᠠ ᠳᠤ ᠢᠷᠡᠯᠲᠡ ᠨᠢ ᠲᠣᠳᠣᠷᠬᠠᠢ ᠦᠭᠡᠢ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠭᠰᠠᠳ ᠢᠯᠡᠷᠡᠪᠡ᠂ ᠡᠨᠡ ᠨᠢ ᠮᠥᠨ ᠬᠦ ᠨᠡᠶᠢᠭᠡᠮ ᠲᠣᠭᠤᠷᠢᠭ ᠤᠨ ᠬᠠᠯᠳᠠᠪᠤᠷᠢᠯᠠᠨ ᠲᠠᠷᠬᠠᠬᠤ ᠲᠦᠭᠰᠢᠭᠦᠷᠢ ᠵᠣᠬᠢᠬᠤ ᠬᠡᠮᠵᠢᠶ᠎ᠡ ᠪᠠᠷ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃      ᠪᠥᠬᠦ ᠤᠯᠤᠰ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠣᠷᠣᠰᠢᠵᠤ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠡᠯ᠎ᠡ ᠭᠠᠵᠠᠷ ᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠴᠢᠩᠭᠠᠳᠬᠠᠬᠤ ᠲᠤᠬᠠᠢ ᠢᠳᠡᠪᠬᠢᠲᠡᠢ ᠵᠢᠯᠤᠭᠤᠳᠴᠤ᠂ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠣᠪᠤᠶᠢᠯᠭᠠᠵᠤ᠂ ᠨᠠᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠪᠠᠷ ᠬᠡᠰᠡᠭ ᠭᠠᠵᠠᠷ ᠤᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢ ᠠᠯᠢ ᠲᠦᠷᠭᠡᠨ ᠢᠶᠠᠷ ᠡᠵᠡᠮᠳᠡᠵᠦ ᠪᠠᠶᠢᠨ᠎ᠠ᠃               ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠨᠤᠲᠤᠭ ᠲᠤ ᠪᠠᠨ ᠪᠤᠴᠠᠬᠤ ᠲᠤᠬᠠᠢ      ᠵᠤᠨ ᠤ ᠠᠮᠠᠷᠠᠯᠲᠠ ᠪᠣᠯᠬᠤ ᠳᠤ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠨᠤᠲᠤᠭ ᠲᠤ ᠪᠠᠨ ᠪᠤᠴᠠᠬᠤ ᠶᠢ ᠬᠡᠷᠬᠢᠨ ᠪᠠᠲᠤᠯᠠᠬᠤ ᠪᠤᠶ︖ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠬᠡᠷᠬᠢᠨ ᠬᠤᠷᠢᠭᠯᠠᠬᠤ ᠪᠣᠶ︖      ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠪᠤᠳᠠᠲᠠᠶᠢᠵᠢᠭᠤᠯᠤᠨ᠎ᠠ᠃ ᠬᠢᠵᠢᠭ ᠢᠯᠡᠷᠡᠭᠰᠡᠨ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠦᠭᠡᠢ ᠪᠣᠯ᠂ 7 ᠡᠳᠦᠷ ᠠᠴᠠ ᠳᠡᠭᠡᠭᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠣᠷᠣᠭᠴᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠣᠯᠣᠨ ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠵᠤ᠂ ᠰᠤᠷᠭᠠᠭᠤᠯᠢ ᠠᠴᠠ ᠵᠣᠷᠢᠭᠰᠠᠨ ᠭᠠᠵᠠᠷ ᠬᠦᠷᠲᠡᠯ᠎ᠡ ︽ᠴᠡᠭ ᠠᠴᠠ ᠴᠡᠭ ᠲᠤ ᠬᠦᠷᠬᠦ︾ ᠪᠢᠲᠡᠭᠦᠮᠵᠢᠲᠦ ᠴᠠᠭᠠᠷᠢᠭ ᠤᠨ ᠠᠷᠭ᠎ᠠ ᠮᠠᠶ᠋ᠢᠭ ᠢᠶᠠᠷ ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠢ ᠬᠠᠩᠭᠠᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂ ᠭᠡᠷ ᠲᠤ ᠪᠠᠨ ᠬᠦᠷᠦᠭᠰᠡᠨ ᠤ ᠳᠠᠷᠠᠭ᠎ᠠ 7 ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠬᠡᠷᠡᠭᠵᠢᠭᠦᠯᠵᠦ᠂ ᠬᠡᠷᠪᠡ ᠬᠡᠪ ᠤᠨ ᠪᠤᠰᠤ ᠪᠠᠶᠢᠳᠠᠯ ᠲᠠᠢ ᠪᠣᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠳᠤ ᠲᠣᠳᠣᠷᠬᠠᠢ ᠲᠣᠭᠲᠠᠭᠠᠭᠰᠠᠨ ᠨᠢ᠂ ᠨᠤᠲᠤᠭ ᠲᠤ ᠪᠠᠨ ᠪᠤᠴᠠᠭᠰᠠᠨ ᠰᠣᠷᠣᠭᠴᠢ ᠶᠢ ᠦᠨᠡᠨ ᠬᠦ ᠲᠤᠰᠠᠭᠠᠷᠯᠠᠬᠤ ᠴᠢᠬᠤᠯᠠᠲᠠᠢ ᠪᠠᠶᠢᠪᠠᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠪᠠᠰᠠ ᠡᠯ᠎ᠡ ᠭᠠᠵᠠᠷ ᠤᠨ ᠬᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ ᠪᠣᠳᠣᠯᠭ᠎ᠠ ᠶᠢ ᠱᠠᠲᠤ ᠱᠠᠲᠤ ᠪᠠᠷ ᠤᠯᠠᠮᠵᠢᠯᠠᠨ ᠨᠠᠶᠢᠳᠠᠪᠤᠷᠢᠵᠢᠭᠤᠯᠬᠤ ᠬᠡᠷᠡᠭᠲᠡᠢ᠂ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠣᠯᠬᠤ ᠦᠭᠡᠢ ᠭᠡᠵᠡᠢ᠃      ᠲᠤᠬᠠᠢ ᠶᠢᠨ ᠭᠠᠵᠠᠷ ᠤᠨ ᠬᠢᠨ ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠢᠳᠡᠵᠦ ᠬᠤᠨᠣᠬᠤ ᠨᠥᠬᠦᠴᠡᠯ ᠢ ᠪᠠᠲᠤᠯᠠᠵᠤ᠂ ᠲᠡᠳᠡᠨ ᠤ ᠠᠮᠢᠳᠤᠷᠠᠯ ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ ᠬᠠᠩᠭᠠᠬᠤ ᠬᠡᠷᠡᠭᠲᠡᠢ      ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠵᠢᠴᠢ ᠶᠡᠭᠡ ᠳᠡᠭᠡᠳᠦ ᠰᠤᠷᠭᠠᠭᠤᠯᠢ ᠳᠤ ᠬᠤᠶᠠᠷ ᠲᠣᠭᠲᠠᠴᠠ ᠶᠢ ᠪᠠᠶᠢᠭᠤᠯᠵᠠᠢ᠄      ᠨᠢᠭᠡ ᠳᠤ᠂ ᠮᠣᠷᠳᠠᠭᠰᠠᠨ ᠭᠠᠵᠠᠷ ᠪᠠ ᠬᠦᠷᠬᠦ ᠭᠠᠵᠠᠷ ᠤᠨ ︽ᠮᠤᠵᠢ ᠠᠴᠠ ᠮᠤᠵᠢ ᠳᠤ ᠬᠦᠷᠬᠦ︾ ᠵᠣᠯᠭᠠᠭᠤᠯᠬᠤ ᠲᠣᠭᠲᠠᠴᠠ᠃ ᠬᠤᠶᠠᠷ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠬᠤᠭᠤᠷᠣᠨᠳᠤ ᠨᠢ ᠨᠢᠭᠡᠳ ᠨᠢᠭᠡ ᠪᠠᠷ ᠵᠣᠯᠭᠠᠭᠤᠯᠵᠤ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠮᠡᠳᠡᠭᠡ ᠵᠠᠩᠭᠢ ᠶᠢ ᠤᠷᠢᠳᠴᠢᠯᠠᠨ ᠪᠦᠷᠢᠳᠬᠡᠬᠦ ᠪᠠ ᠴᠠᠭ ᠲᠤᠬᠠᠢ ᠳᠤ ᠨᠢ ᠬᠦᠷᠭᠡᠵᠦ᠂ ᠢᠯᠠᠩᠭᠤᠶ᠎ᠠ ᠰᠤᠷᠤᠭᠴᠢᠳ ᠤᠨ ᠪᠤᠴᠠᠭᠰᠠᠨ ᠲᠤᠬᠠᠢ ᠶᠢᠨ ᠭᠠᠵᠠᠷ ᠤᠨ ᠬᠢᠨ ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠢᠳᠡᠵᠦ ᠤᠤᠭᠤᠬᠤ ᠬᠤᠨᠣᠬᠤ ᠨᠥᠬᠦᠴᠡᠯ ᠢ ᠪᠠᠲᠤᠯᠠᠵᠤ᠂ ᠰᠤᠷᠤᠭᠴᠢᠳ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠬᠤᠶᠠᠷ ᠲᠤ᠂ ᠰᠤᠷᠭᠠᠭᠤᠯᠢ ᠶᠢᠨ ᠡᠭᠦᠳᠡᠨ ᠠᠴᠠ ᠭᠡᠷ ᠤᠨ ᠡᠭᠦᠳᠡ ᠬᠦᠷᠲᠡᠯᠡᠬᠢ ︽ᠮᠤᠵᠢ ︱ ᠰᠤᠷᠭᠠᠭᠤᠯᠢ ︱ ᠮᠤᠵᠢ︾ ᠶᠢᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠬᠤ ᠲᠣᠭᠲᠠᠴᠠ᠃ ᠮᠣᠷᠳᠠᠭᠰᠠᠨ ᠭᠠᠵᠠᠷ᠂ ᠪᠤᠴᠠᠭᠰᠠᠨ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠠ ᠰᠣᠷᠣᠭᠴᠢ ᠶᠢᠨ ᠪᠠᠶᠢᠭ᠎ᠠ ᠶᠡᠭᠡ ᠳᠡᠭᠡᠳᠦ ᠰᠤᠷᠭᠠᠭᠤᠯᠢ ᠭᠤᠷᠪᠠᠨ ᠲᠠᠯ᠎ᠠ ᠪᠠᠷ ᠢᠶᠠᠨ ᠬᠤᠯᠪᠣᠭ᠎ᠠ ᠪᠠᠶᠢᠭᠤᠯᠵᠤ᠂ ᠴᠠᠭ ᠲᠤᠬᠠᠢ ᠳᠤ ᠨᠢ ᠲᠣᠬᠢᠷᠠᠭᠤᠯᠤᠨ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠤ ᠲᠣᠬᠢᠶᠠᠯᠳᠤᠭᠰᠠᠨ ᠣᠨᠴᠠᠭᠠᠢ ᠪᠠᠶᠢᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃      ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ ᠠᠰᠠᠭᠤᠳᠠᠯ ᠪᠤᠶᠤ ᠣᠨᠴᠠᠭᠠᠢ ᠱᠠᠭᠠᠷᠳᠠᠯᠭ᠎ᠠ ᠲᠠᠢ ᠪᠣᠯ ᠬᠤᠶᠠᠷ ᠠᠷᠭ᠎ᠠ ᠵᠠᠮ ᠢᠶᠠᠷ ᠱᠠᠭᠠᠷᠳᠠᠯᠭ᠎ᠠ ᠪᠠᠨ ᠲᠤᠰᠬᠠᠵᠤ ᠪᠣᠯᠣᠨ᠎ᠠ      ᠰᠤᠷᠤᠭᠴᠢᠳ ᠤᠨ ᠱᠠᠭᠠᠷᠳᠠᠯᠭ᠎ᠠ ᠪᠠᠨ ᠲᠤᠰᠬᠠᠬᠤ ᠬᠤᠶᠠᠷ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ ᠠᠰᠠᠭᠤᠳᠠᠯ ᠪᠤᠶᠤ ᠣᠨᠴᠠᠭᠠᠶ ᠱᠠᠭᠠᠷᠳᠠᠯᠭ᠎ᠠ ᠲᠠᠢ ᠪᠣᠯ ᠬᠤᠶᠠᠷ ᠭᠤᠣᠯ ᠠᠷᠭ᠎ᠠ ᠵᠠᠮ ᠢᠶᠠᠷ ᠪᠠᠶᠢᠳᠠᠯ ᠢᠶᠠᠨ ᠲᠤᠰᠬᠠᠵᠤ ᠪᠣᠯᠣᠨ᠎ᠠ᠄      ᠨᠢᠭᠡ ᠳᠤ᠂ ᠰᠤᠷᠤᠭᠴᠢᠳ ᠰᠤᠷᠭᠠᠭᠤᠯᠢ ᠶᠢᠨ ᠰᠣᠷᠣᠭᠴᠢ ᠶᠢᠨ ᠠᠵᠢᠯ ᠤᠨ ᠰᠠᠯᠠᠭ᠎ᠠ ᠮᠥᠴᠢᠷ ᠪᠤᠶᠤ ᠥᠪᠡᠷ ᠤᠨ ᠪᠠᠭᠰᠢ ᠳᠤ ᠪᠠᠨ ᠪᠠᠶᠢᠳᠠᠯ ᠢ ᠲᠤᠰᠬᠠᠵᠤ᠂ ᠰᠤᠷᠭᠠᠭᠤᠯᠢ ᠶᠢᠨ ᠲᠣᠭᠲᠠᠴᠠ ᠪᠠᠷ ᠳᠠᠮᠵᠢᠭᠤᠯᠤᠨ ᠲᠤᠬᠠᠢ ᠶᠢᠨ ᠭᠠᠵᠠᠷ᠂ ᠮᠣᠷᠳᠠᠭᠰᠠᠨ ᠭᠠᠵᠠᠷ ᠪᠤᠶᠤ ᠬᠦᠷᠬᠦ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠳᠤ ᠲᠤᠰᠬᠠᠵᠤ᠂ ᠰᠣᠷᠣᠭᠴᠢ ᠶᠢᠨ ᠣᠨᠴᠠᠭᠠᠶ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ︔ ᠬᠤᠶᠠᠷ ᠲᠤ᠂ ᠡᠯ᠎ᠡ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠᠷ ᠳᠠᠮᠵᠢᠭᠤᠯᠤᠨ ᠠᠰᠠᠭᠤᠨ ᠯᠠᠪᠯᠠᠬᠤ ᠤᠲᠠᠰᠤ ᠪᠠᠷ ᠪᠠᠶᠢᠳᠠᠯ ᠢᠶᠠᠨ ᠲᠤᠰᠬᠠᠵᠤ ᠪᠣᠯᠣᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠥᠷᠥ ᠶᠢᠨ ᠪᠣᠳᠣᠯᠭ᠎ᠠ ᠳᠤ ᠪᠠᠰᠠ ᠣᠨᠴᠠᠭᠠᠶᠢᠯᠠᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠦᠭᠡᠢ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠪᠠᠶᠢᠪᠠᠯ᠂ ᠬᠠᠷᠢᠶᠠᠲᠤ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠣᠷᠣᠭᠴᠢ ᠶᠢᠨ ᠬᠦᠰᠡᠯ ᠱᠠᠭᠠᠷᠳᠠᠯᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠲᠤ ᠠᠮᠢᠳᠤᠷᠠᠯ ᠤᠨ ᠲᠠᠯ᠎ᠠ ᠪᠠᠷ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠠᠩᠭᠠᠬᠤ ᠬᠡᠷᠡᠭᠲᠡᠢ᠃               ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠤᠬᠠᠢ      ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠶᠢ ᠲᠡᠭᠦᠰᠬᠦ ᠰᠤᠷᠤᠭᠴᠢᠳ ᠤᠨ ᠭᠡᠷ᠎ᠡ ᠲᠣᠭᠲᠠᠬᠤ ᠲᠠᠢ ᠬᠤᠯᠪᠣᠭᠳᠠᠭᠤᠯᠵᠤ ᠪᠣᠯᠬᠤ ᠦᠭᠡᠢ      ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠬᠤ ᠪᠣᠯ ᠠᠵᠢᠯ ᠣᠯᠭᠤᠯᠲᠠ ᠶᠢ ᠪᠦᠷᠢᠳᠬᠡᠬᠦ ᠠᠵᠢᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃ ᠰᠤᠷᠭᠠᠨ ᠬᠥᠮᠦᠵᠢᠯ ᠤᠨ ᠶᠠᠮᠤᠨ ᠠᠴᠠ ᠠᠵᠢᠯ ᠣᠯᠭᠤᠯᠲᠠ ᠶᠢᠨ ᠪᠦᠷᠢᠳᠬᠡᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ︽ᠳᠥᠷᠪᠡ ᠶᠢ ᠵᠥᠪᠰᠢᠶᠡᠷᠡᠬᠦ ᠦᠭᠡᠢ︾ ︽ᠭᠤᠷᠪᠠ ᠶᠢ ᠬᠢᠵᠦ ᠪᠣᠯᠬᠤ ᠦᠭᠡᠢ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠄      ︽ᠳᠥᠷᠪᠡ ᠶᠢ ᠵᠥᠪᠰᠢᠶᠡᠷᠡᠬᠦ ᠦᠭᠡᠢ︾ ᠭᠡᠳᠡᠭ ᠨᠢ ᠳᠠᠷᠤᠢ ᠶᠠᠮᠠᠷᠪᠠ ᠠᠷᠭ᠎ᠠ ᠮᠠᠶ᠋ᠢᠭ ᠢᠶᠠᠷ ᠲᠡᠭᠦᠰᠦᠭᠰᠡᠨ ᠰᠤᠷᠤᠭᠴᠢᠳ ᠢ ᠠᠯᠪᠠᠳᠠᠵᠤ ᠪᠠᠶᠢᠭᠠᠳ ᠠᠵᠢᠯ ᠣᠯᠬᠤ ᠬᠡᠯᠡᠯᠴᠡᠭᠡᠷ ᠪᠠ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢ ᠵᠥᠪᠰᠢᠶᠡᠷᠡᠬᠦ ᠦᠭᠡᠢ᠂ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠶᠢ ᠲᠡᠭᠦᠰᠬᠦ ᠰᠤᠷᠤᠭᠴᠢᠳ ᠤᠨ ᠭᠡᠷ᠎ᠡ ᠲᠣᠭᠲᠠᠬᠤ ᠲᠠᠢ ᠬᠤᠯᠪᠣᠭᠳᠠᠭᠤᠯᠬᠤ ᠶᠢ ᠵᠥᠪᠰᠢᠶᠡᠷᠡᠬᠦ ᠦᠭᠡᠢ᠂ ᠡᠷᠤᠭᠡ ᠠᠮᠠ ᠶᠢᠨ ᠲᠠᠩᠰᠠ ᠶᠢ ᠨᠠᠶᠢᠳᠠᠨ ᠬᠠᠮᠢᠶᠠᠷᠤᠭᠤᠯᠬᠤ ᠪᠠᠷ ᠰᠢᠯᠲᠠᠭ ᠪᠣᠯᠭᠠᠵᠤ ᠲᠡᠭᠦᠰᠦᠭᠰᠡᠨ ᠰᠤᠷᠤᠭᠴᠢᠳ ᠢ ᠢᠳᠬᠠᠵᠤ ᠪᠠᠶᠢᠭᠠᠳ ᠬᠤᠳᠠᠯ ᠬᠠᠭᠤᠷᠮᠠᠭ ᠠᠵᠢᠯ ᠣᠯᠬᠤ ᠬᠡᠯᠡᠯᠴᠡᠭᠡᠷ ᠲᠣᠭᠲᠠᠭᠠᠯᠭᠠᠬᠤ ᠶᠢ ᠵᠥᠪᠰᠢᠶᠡᠷᠡᠬᠦ ᠦᠭᠡᠢ᠂ ᠲᠡᠭᠦᠰᠦᠭᠰᠡᠨ ᠰᠤᠷᠤᠭᠴᠢᠳ ᠤᠨ ᠳᠠᠳᠤᠯᠭ᠎ᠠ ᠬᠢᠭᠰᠡᠨ᠂ ᠳᠠᠳᠤᠯᠭ᠎ᠠ ᠶᠢᠨ ᠭᠡᠷᠡᠴᠢ ᠮᠠᠲ᠋ᠧᠷᠢᠶᠠᠯ ᠢᠶᠠᠷ ᠠᠵᠢᠯ ᠣᠯᠬᠤ ᠭᠡᠷᠡᠴᠢ ᠮᠠᠲ᠋ᠧᠷᠢᠶᠠᠯ ᠢ ᠣᠷᠣᠯᠠᠭᠤᠯᠬᠤ ᠶᠢ ᠵᠥᠪᠰᠢᠶᠡᠷᠡᠬᠦ ᠦᠭᠡᠢ᠃      ︽ᠭᠤᠷᠪᠠ ᠶᠢ ᠬᠢᠵᠦ ᠪᠣᠯᠬᠤ ᠦᠭᠡᠢ︾ ᠭᠡᠳᠡᠭ ᠨᠢ ᠳᠠᠷᠤᠢ ᠪᠣᠳᠠᠲᠤ ᠪᠠᠶᠢᠳᠠᠯ ᠳᠤ ᠨᠡᠶᠢᠴᠡᠭᠦᠯᠬᠦ ᠦᠭᠡᠢ ᠪᠠᠷ ᠶᠡᠭᠡ ᠳᠡᠭᠡᠳᠦ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠨᠠᠶᠢᠳᠠᠪᠤᠷᠢᠵᠢᠭᠤᠯᠬᠤ ᠨᠣᠷᠮ᠎ᠠ ᠶᠢᠨ ᠪᠣᠳᠠᠲᠠᠢ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ ᠪᠣᠯᠬᠤ ᠦᠭᠡᠢ᠂ ᠱᠠᠲᠤ ᠱᠠᠲᠤ ᠪᠠᠷ ᠱᠠᠭᠠᠷᠳᠠᠯᠭ᠎ᠠ ᠨᠡᠮᠡᠨ ᠵᠢᠯᠣᠭᠤᠳᠤᠭᠴᠢ ᠪᠠᠭᠰᠢ ᠳᠤ ᠠᠵᠢᠯ ᠣᠯᠭᠤᠬᠤ ᠡᠭᠦᠷᠭᠡ ᠶᠢ ᠳᠠᠭᠠᠭᠠᠯᠭᠠᠵᠤ ᠪᠣᠯᠬᠤ ᠦᠭᠡᠢ᠂ ᠲᠠᠩ ᠭᠠᠭᠴᠠ ᠨᠠᠶᠢᠳᠠᠪᠤᠷᠢᠵᠢᠭᠤᠯᠬᠤ ᠨᠣᠷᠮ᠎ᠠ ᠶᠢᠨ ᠭᠦᠢᠴᠡᠳᠬᠡᠯ ᠲᠤᠭ᠎ᠠ ᠶᠢ ᠠᠵᠢᠯ ᠣᠯᠭᠤᠬᠤ ᠠᠵᠢᠯᠲᠠᠨ ᠪᠤᠶᠤ ᠬᠠᠪᠰᠤᠷᠤᠨ ᠵᠢᠯᠣᠭᠤᠳᠤᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠰᠢᠯᠢᠳᠡᠭ ᠢ ᠰᠢᠯᠭᠠᠷᠠᠭᠤᠯᠬᠤ ᠵᠡᠷᠭᠡ ᠲᠠᠢ ᠬᠤᠯᠪᠣᠭᠳᠠᠭᠤᠯᠵᠤ ᠪᠣᠯᠬᠤ ᠦᠭᠡᠢ᠃      2023 ᠣᠨ ᠠᠴᠠ ᠡᠬᠢᠯᠡᠨ ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ ᠢ ᠬᠦᠴᠦᠨ ᠦᠭᠡᠢ ᠪᠣᠯᠭᠠᠨ᠎ᠠ᠂ ᠬᠥᠮᠥᠨ ᠬᠡᠷᠡᠭᠯᠡᠬᠦ ᠪᠠᠶᠢᠭᠤᠯᠭ᠎ᠠ ᠨᠢᠭᠡᠴᠢ ᠵᠠᠷᠴᠢᠮ ᠳᠡᠭᠡᠷ᠎ᠡ ᠪᠠᠨ ᠬᠠᠭᠠᠰ ᠵᠢᠯ ᠤᠨ ᠳᠣᠲᠣᠷ᠎ᠠ ᠳᠠᠬᠢᠨ ᠳᠠᠪᠲᠠᠨ ᠪᠡᠶ᠎ᠡ ᠶᠢᠨ ᠪᠠᠶᠢᠴᠠᠭᠠᠯᠲᠠ ᠬᠢᠯᠭᠡᠬᠦ ᠪᠠᠷ ᠱᠠᠭᠠᠷᠳᠠᠵᠤ ᠪᠣᠯᠬᠤ ᠦᠭᠡᠢ      5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠪᠡ᠂ ᠡᠭᠦᠨ ᠳᠤ       ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠠᠩ ᠢᠯᠡᠭᠦᠦ ᠰᠢᠩᠭᠡᠬᠡᠨ ᠠᠪᠴᠤ ᠠᠵᠢᠯ ᠣᠯᠭᠤᠬᠤ ᠶᠢ ᠳᠡᠮᠵᠢᠵᠦ᠂ ᠨᠢᠭᠡ ᠯᠠ ᠤᠳᠠᠭ᠎ᠠ ᠳᠤ ᠥᠭᠬᠦ ᠠᠵᠢᠯ ᠣᠯᠭᠤᠯᠲᠠ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠢᠴᠢ ᠳᠠᠮ ᠬᠦᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠲᠡᠭᠦᠰᠬᠦ ᠣᠨ ᠳᠤ ᠪᠠᠨ ᠠᠮᠢᠳᠤᠯᠢᠭ ᠢᠶᠠᠷ ᠠᠵᠢᠯ ᠣᠯᠣᠭᠰᠠᠨ ᠲᠡᠭᠦᠰᠦᠭᠰᠡᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃      ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠷᠢᠵᠤ ᠬᠡᠷᠡᠭᠯᠡᠬᠦ ᠬᠡᠪᠴᠢᠶ᠎ᠡ ᠶᠢ ᠦᠷᠭᠦᠯᠵᠢᠯᠡᠨ ᠲᠣᠭᠲᠠᠭᠤᠨ ᠢᠶᠠᠷ ᠥᠷᠭᠡᠳᠬᠡᠨ᠎ᠡ᠃      ᠨᠡᠶᠢᠭᠡᠮ ᠲᠣᠭᠤᠷᠢᠭ ᠤᠨ ᠲᠤᠰᠬᠠᠢ ᠠᠵᠢᠯ ᠤᠨ ᠪᠠᠶᠢᠷᠢ ᠳᠤ ᠬᠤᠭᠤᠰᠤᠨ ᠣᠷᠣᠨ ᠲᠤᠭ᠎ᠠ ᠭᠠᠷᠪᠠᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠳ ᠢᠶᠠᠷ ᠡᠯᠰᠡᠨ ᠬᠡᠷᠡᠭᠯᠡᠬᠦ ᠪᠤᠶᠤ ᠵᠣᠬᠢᠬᠤ ᠲᠤᠭ᠎ᠠ ᠪᠠᠷ ᠲᠤᠰᠬᠠᠶᠢᠯᠠᠨ ᠡᠯᠰᠡᠨ ᠬᠡᠷᠡᠭᠯᠡᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠬᠠᠲᠠᠭᠤ ᠪᠡᠷᠬᠡᠰᠢᠶᠡᠯᠲᠡᠢ ᠠᠯᠤᠰ ᠬᠢᠵᠠᠭᠠᠷ ᠭᠠᠵᠠᠷ ᠣᠷᠣᠨ᠂ ᠰᠢᠶᠠᠨ ᠤ ᠱᠠᠲᠤᠨ ᠠᠴᠠ ᠳᠣᠷᠣᠭᠰᠢᠬᠢ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ ᠠᠯᠪᠠᠨ ᠶᠣᠰᠣᠭᠠᠷ ᠠᠵᠢᠯᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠥᠭᠬᠦ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠷ ᠣᠷᠣᠯᠠᠨ ᠲᠥᠯᠥᠬᠦᠯᠬᠦ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠢᠶᠠᠷ ᠤᠷᠢᠨ ᠬᠡᠷᠡᠭᠯᠡᠬᠦ ᠳᠤ ᠲᠣᠭᠲᠠᠭᠠᠯ ᠶᠣᠰᠣᠭᠠᠷ ᠤᠷᠢᠳᠴᠢᠯᠠᠨ ᠵᠢᠩᠬᠢᠨᠢᠴᠢᠯᠡᠵᠦ ᠲᠠᠰ ᠲᠣᠭᠲᠠᠭᠠᠵᠤ ᠪᠣᠯᠣᠨ᠎ᠠ᠃      ᠲᠡᠭᠦᠰᠦᠭᠰᠡᠨ ᠰᠤᠷᠤᠭᠴᠢᠳ 6 ᠰᠠᠷ᠎ᠠ ᠶᠢᠨ ᠳᠣᠲᠣᠷ᠎ᠠ ᠨᠢᠭᠡᠨᠲᠡ ᠪᠡᠶ᠎ᠡ ᠶᠢᠨ ᠪᠠᠶᠢᠴᠠᠭᠠᠯᠲᠠ ᠬᠢᠭᠰᠡᠨ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠵᠠᠷᠴᠢᠮ ᠳᠡᠭᠡᠷ᠎ᠡ ᠪᠠᠨ ᠳᠠᠬᠢᠨ ᠳᠠᠪᠲᠠᠨ ᠪᠡᠶ᠎ᠡ ᠶᠢᠨ ᠪᠠᠶᠢᠴᠠᠭᠠᠯᠲᠠ ᠬᠢᠯᠭᠡᠬᠦ ᠪᠠᠷ ᠱᠠᠭᠠᠷᠳᠠᠵᠤ ᠪᠣᠯᠬᠤ ᠦᠭᠡᠢ᠂ ᠡᠭᠦᠨ ᠳᠤ ᠬᠠᠤᠯᠢ ᠴᠠᠭᠠᠵᠠ ᠳᠤ ᠲᠣᠭᠲᠠᠭᠠᠭᠰᠠᠨ ᠢ ᠪᠠᠭᠲᠠᠭᠠᠬᠤ ᠦᠭᠡᠢ᠃      ᠠᠵᠢᠯ ᠣᠯᠭᠤᠯᠲᠠ ᠶᠢᠨ ᠭᠠᠷ ᠭᠦᠢᠴᠡᠳᠬᠡᠯ ᠢ ᠳᠥᠭᠦᠮᠴᠢᠯᠡᠵᠦ᠂ 2023 ᠣᠨ ᠠᠴᠠ ᠡᠬᠢᠯᠡᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ ᠢ ᠬᠦᠴᠦᠨ ᠦᠭᠡᠢ ᠪᠣᠯᠭᠠᠵᠤ᠂ ᠨᠡᠷ᠎ᠡ ᠮᠡᠳᠡᠭᠦᠯᠬᠦ ᠦᠨᠡᠮᠯᠡᠯ ᠢ ᠳᠠᠭᠢᠵᠤ ᠲᠡᠭᠦᠰᠬᠦ ᠰᠣᠷᠣᠭᠴᠢ ᠶᠢ ᠡᠯᠰᠡᠨ ᠬᠡᠷᠡᠭᠯᠡᠬᠦ᠂ ᠡᠷᠦᠬᠡ ᠠᠮᠠ ᠣᠷᠣᠭᠤᠯᠬᠤ᠂ ᠲᠠᠩᠰᠠ ᠡᠪᠬᠡᠮᠡᠯ ᠢ ᠰᠢᠯᠵᠢᠭᠦᠯᠦᠨ ᠭᠥᠯᠢᠶᠡᠨ ᠠᠪᠬᠤ ᠭᠠᠷ ᠭᠦᠢᠴᠡᠳᠬᠡᠯ ᠤᠨ ᠴᠢᠬᠤᠯᠠ ᠪᠦᠬᠦᠢ ᠮᠠᠲ᠋ᠧᠷᠢᠶᠠᠯ ᠪᠣᠯᠭᠠᠵᠤ ᠪᠣᠯᠬᠤ ᠦᠭᠡᠢ᠃      ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠡᠨᠡ ᠵᠢᠯ ᠤᠨ ᠳᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠡᠬᠡ ᠮᠥᠩᠭᠦ ᠶᠢ 1 ᠵᠢᠯ ᠤᠷᠲᠤᠳᠬᠠᠨ ᠳᠥᠯᠥᠬᠦ ᠪᠠᠷ ᠭᠤᠶᠤᠴᠢᠯᠠᠵᠤ ᠪᠣᠯᠣᠨ᠎ᠠ᠂ ᠡᠨᠡ ᠵᠢᠯ ᠤᠨ ᠲᠡᠭᠦᠰᠬᠦ ᠰᠣᠷᠣᠭᠴᠢ ᠪᠠ ᠥᠩᠭᠡᠷᠡᠭᠰᠡᠨ ᠳᠤ ᠲᠡᠭᠦᠰᠦᠭᠰᠡᠨ ᠰᠤᠷᠤᠭᠴᠢᠳ ᠲᠤ ᠴᠥᠮ ᠡᠨᠡ ᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠡᠶᠢᠲᠡ 400 ᠭᠠᠷᠤᠢ ᠲᠦᠮᠡᠨ ᠬᠥᠮᠥᠨ ᠳᠤ ᠠᠰᠢᠭ ᠬᠦᠷᠲᠡᠭᠡᠨ᠎ᠡ᠃      ᠬᠢᠵᠢᠭ ᠤᠨ ᠪᠠᠶᠢᠳᠠᠯ ᠠᠴᠠ ᠪᠣᠯᠵᠤ ᠰᠤᠷᠭᠠᠭᠤᠯᠢ ᠠᠴᠠ ᠪᠠᠨ ᠬᠤᠵᠢᠭᠳᠠᠨ ᠶᠠᠪᠤᠭᠰᠠᠨ ᠲᠡᠭᠦᠰᠦᠭᠰᠡᠳ ᠤᠨ ᠨᠡᠷ᠎ᠡ ᠮᠡᠳᠡᠭᠦᠯᠵᠦ ᠠᠵᠢᠯ ᠳᠤ ᠣᠷᠣᠬᠤ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ᠂ ᠡᠷᠦᠬᠡ ᠠᠮᠠ ᠣᠷᠣᠭᠤᠯᠬᠤ ᠶᠢ ᠭᠦᠢᠴᠡᠳᠬᠡᠬᠦ ᠴᠠᠭ ᠤᠨ ᠬᠢᠵᠠᠭᠠᠷ ᠢ ᠤᠷᠲᠤᠳᠬᠠᠵᠤ ᠪᠣᠯᠣᠨ᠎ᠠ᠃      ︽ᠲᠥᠪ ᠤᠨ ᠲᠤᠰᠬᠠᠢ ᠵᠦᠢᠯ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠾᠦᠩ ᡁᠢ ᠠᠶᠠᠯᠠᠯ ᠢ ᠲᠤᠰᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠠᠵᠢᠯ ᠣᠯᠬᠤ ᠳᠤ ᠬᠦᠴᠢᠷᠲᠡᠢ ᠬᠦᠮᠦᠰ ᠤᠨ ᠠᠵᠢᠯ ᠣᠯᠬᠤ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃      ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠬᠤᠲᠠ ᠳᠤ ᠵᠠᠯᠭᠠᠭ᠎ᠠ ᠪᠠᠷ 7 ᠡᠳᠦᠷ ᠵᠢᠴᠢ 7 ᠡᠳᠦᠷ ᠠᠴᠠ ᠳᠡᠭᠡᠭᠰᠢ ᠨᠡᠶᠢᠭᠡᠮ ᠤᠨ ᠬᠡᠪᠴᠢᠶᠡᠨ ᠳᠤ ᠬᠢᠵᠢᠭ ᠤᠨ ᠪᠠᠶᠢᠳᠠᠯ ᠰᠢᠨ᠎ᠡ ᠪᠠᠷ ᠭᠠᠷᠤᠭᠰᠠᠨ ᠦᠭᠡᠢ ᠪᠣᠯ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠣᠨ᠎ᠠ      ᠠᠵᠢᠯᠲᠠᠨ ᠡᠯᠰᠡᠬᠦ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠳᠤ ᠣᠷᠤᠯᠴᠠᠬᠤ ᠪᠣᠯ ᠲᠡᠭᠦᠰᠬᠦ ᠰᠤᠷᠤᠭᠴᠢᠳ ᠤᠨ ᠠᠵᠢᠯ ᠣᠯᠬᠤ ᠶᠢᠨ ᠭᠤᠣᠯ ᠠᠷᠭ᠎ᠠ ᠵᠠᠮ ᠮᠥᠨ᠃ ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠤᠨ ᠶᠡᠷᠦᠩᠬᠡᠢ ᠳᠤ ᠪᠠᠨ ᠰᠠᠶᠢᠵᠢᠷᠠᠬᠤ ᠬᠠᠨᠳᠤᠰᠢ ᠢᠯᠡᠷᠡᠵᠦ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠠᠬᠢᠯᠲᠠ ᠲᠠᠢ ᠪᠣᠯᠵᠤ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠵᠠᠷᠴᠢᠮ ᠳᠡᠭᠡᠷ᠎ᠡ ᠪᠠᠨ᠂ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠬᠤᠲᠠ ᠳᠤ ᠵᠠᠯᠭᠠᠭ᠎ᠠ ᠪᠠᠷ 7 ᠡᠳᠦᠷ ᠵᠢᠴᠢ 7 ᠡᠳᠦᠷ ᠠᠴᠠ ᠳᠡᠭᠡᠭᠰᠢ ᠨᠡᠶᠢᠭᠡᠮ ᠤᠨ ᠬᠡᠪᠴᠢᠶᠡᠨ ᠳᠤ ᠬᠢᠵᠢᠭ ᠤᠨ ᠪᠠᠶᠢᠳᠠᠯ ᠰᠢᠨ᠎ᠡ ᠪᠠᠷ ᠭᠠᠷᠤᠭᠰᠠᠨ ᠦᠭᠡᠢ ᠪᠠᠶᠢᠪᠠᠯ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠣᠨ᠎ᠠ᠃      ᠰᠤᠷᠤᠯᠭ᠎ᠠ ᠲᠡᠭᠦᠰᠬᠦ ᠬᠠᠨᠳᠤᠰᠢ ᠴᠢᠭᠯᠡᠯ ᠢᠶᠠᠨ ᠬᠠᠷᠠᠬᠠᠨ ᠨᠠᠶᠢᠳᠠᠪᠤᠷᠢᠵᠢᠭᠤᠯᠤᠭᠠᠳᠤᠢ ᠰᠤᠷᠤᠭᠴᠢᠳ ᠢ ᠬᠡᠷᠬᠢᠨ ᠬᠠᠪᠰᠤᠷᠴᠤ ᠡᠷᠲᠡᠬᠡᠨ ᠠᠵᠢᠯ ᠣᠯᠭᠤᠬᠤ ᠪᠣᠶ       ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠠᠴᠠ ᠶᠠᠭ ᠪᠥᠬᠦ ᠤᠯᠤᠰ ᠤᠨ ᠡᠯ᠎ᠡ ᠭᠠᠵᠠᠷ ᠡᠯ᠎ᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠠᠵᠢᠯ ᠤᠨ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ ᠥᠷᠨᠢᠭᠦᠯᠬᠦ ᠪᠠᠷ ᠪᠠᠶᠢᠷᠢᠯᠠᠭᠤᠯᠵᠤ ᠪᠣᠶ᠃ ᠡᠭᠦᠨ ᠳᠤ ᠭᠤᠣᠯᠳᠠᠭᠤ ᠲᠠᠪᠤᠨ ᠲᠠᠯ᠎ᠠ ᠶᠢᠨ ᠠᠵᠢᠯᠯᠠᠭ᠎ᠠ ᠪᠠᠭᠲᠠᠨ᠎ᠠ᠄ ᠠᠵᠢᠯᠲᠠᠨ ᠡᠯᠰᠡᠬᠦ ᠰᠢᠷᠢᠰ ᠠᠵᠢᠯᠯᠠᠭ᠎ᠠ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ᠂ ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠠᠵᠢᠯ ᠣᠯᠣᠭᠠᠳᠤᠢ ᠲᠡᠭᠦᠰᠬᠦ ᠰᠤᠷᠤᠭᠴᠢᠳ ᠲᠤ ᠬᠠᠨᠳᠤᠯᠭᠠᠲᠤ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ᠡᠭᠦᠨ ᠤ ᠵᠡᠷᠭᠡ ᠳᠤ ᠣᠳᠣ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠳᠡᠪᠰᠢᠬᠦ ᠰᠢᠯᠭᠠᠯᠲᠠ᠂ ᠪᠠᠭᠰᠢ ᠡᠯᠰᠡᠬᠦ ᠰᠢᠯᠭᠠᠯᠲᠠ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠵᠡᠷᠭᠡ ᠶᠢᠨ ᠡᠯᠰᠡᠬᠦ ᠠᠬᠢᠴᠠ ᠶᠢ ᠲᠦᠷᠭᠡᠳᠬᠡᠵᠦ ᠪᠤᠢ᠃ ᠡᠭᠦᠨ ᠠᠴᠠ ᠭᠠᠳᠠᠨ᠎ᠠ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠳᠤ ᠠᠵᠢᠯᠲᠠᠨ ᠡᠯᠰᠡᠬᠦ ᠠᠵᠢᠯ ᠢ ᠡᠷᠲᠡᠬᠡᠨ ᠪᠡᠶᠡᠯᠡᠭᠦᠯᠬᠦ ᠬᠡᠷᠡᠭᠲᠡᠢ᠂ ᠬᠠᠷᠢᠴᠠᠩᠭᠤᠢ ᠪᠠᠷ ᠬᠡᠯᠡᠪᠡᠯ ᠡᠲᠡᠭᠡᠷ ᠠᠵᠢᠯ ᠤᠨ ᠪᠠᠶᠢᠷᠢ ᠪᠣᠯ ᠬᠡᠰᠡᠭ ᠲᠡᠭᠦᠰᠬᠦ ᠰᠤᠷᠤᠭᠴᠢᠳ ᠤᠨ ᠠᠵᠢᠯ ᠡᠷᠢᠬᠦ ᠲᠡᠷᠢᠭᠦᠨ ᠰᠣᠩᠭᠤᠯᠲᠠ ᠮᠥᠨ᠃ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠡᠳᠡᠭᠡᠷ ᠲᠡᠭᠦᠰᠬᠦ ᠰᠤᠷᠤᠭᠴᠢᠳ ᠢ ᠬᠠᠪᠰᠤᠷᠴᠤ ᠡᠷᠲᠡᠬᠡᠨ ᠠᠵᠢᠯ ᠣᠯᠭᠤᠨ᠎ᠠ᠃      ᠨᠢᠭᠡ ᠪᠦᠯᠦᠭ ᠰᠤᠷᠤᠭᠴᠢᠳ ᠨᠢᠭᠡᠨᠲᠡ ᠰᠤᠷᠭᠠᠭᠤᠯᠢ ᠠᠴᠠ ᠪᠠᠨ ᠰᠠᠯᠵᠤ᠂ ᠬᠡᠰᠡᠭ ᠰᠤᠷᠤᠭᠴᠢᠳ ᠰᠤᠷᠭᠠᠭᠤᠯᠢ ᠠᠴᠠ ᠪᠠᠨ ᠵᠠᠯᠭᠠᠭ᠎ᠠ ᠪᠠᠷ ᠰᠠᠯᠵᠤ ᠪᠠᠶᠢᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠠᠰᠠ ︽ᠲᠠᠰᠤᠷᠠᠯᠲᠠ ᠦᠭᠡᠢ︾ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠲᠡᠭᠦᠰᠬᠦ ᠰᠤᠷᠤᠭᠴᠢᠳ ᠲᠤ ᠦᠷᠭᠦᠯᠵᠢᠯᠡᠨ ᠬᠠᠨᠳᠤᠯᠭᠠᠲᠤ ᠴᠢᠨᠠᠷᠲᠠᠢ ᠵᠢᠯᠣᠭᠤᠳᠤᠯᠭ᠎ᠠ ᠪᠠ ᠯᠠᠪᠯᠠᠯᠲᠠ ᠬᠠᠩᠭᠠᠵᠤ᠂ ᠡᠯ᠎ᠡ ᠲᠥᠷᠥᠯ ᠤᠨ ᠠᠵᠢᠯ ᠣᠯᠭᠤᠯᠲᠠ ᠶᠢᠨ ᠭᠠᠷ ᠭᠦᠢᠴᠡᠳᠬᠡᠯ ᠢ ᠬᠠᠮᠵᠢᠨ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠦᠢᠯᠡᠴᠢᠯᠡᠭᠡ ᠶᠢ ᠦᠷᠭᠦᠯᠵᠢᠯᠡᠭᠦᠯᠬᠦ᠂ ᠠᠵᠢᠯ ᠣᠯᠭᠤᠯᠲᠠ ᠶᠢᠨ ᠳᠠᠳᠤᠯᠭ᠎ᠠ ᠬᠢᠯᠭᠡᠬᠦ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠬᠤ ᠬᠡᠷᠡᠭᠲᠡᠢ᠃      ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠲᠡᠭᠦᠰᠬᠦ ᠰᠤᠷᠤᠭᠴᠢᠳ ᠢ ᠬᠡᠷᠬᠢᠨ ᠬᠠᠪᠰᠤᠷᠤᠨ ᠲᠡᠳᠬᠦᠵᠦ ᠠᠵᠢᠯ ᠣᠯᠭᠤᠬᠤ ᠪᠤᠶ︖      ᠨᠢᠭᠡ ᠳᠤ᠂ ᠲᠤᠰᠬᠠᠢ ᠵᠦᠢᠯ ᠢᠶᠠᠷ ᠬᠠᠪᠰᠤᠷᠤᠨ ᠲᠡᠳᠬᠦᠨ᠎ᠡ᠃ ᠡᠯ᠎ᠡ ᠭᠠᠵᠠᠷ ᠡᠯ᠎ᠡ ᠳᠡᠭᠡᠳᠦ ᠰᠤᠷᠭᠠᠭᠤᠯᠢ ᠨᠤᠭᠤᠳ ᠠᠵᠢᠯ ᠣᠯᠭᠤᠯᠲᠠ ᠶᠢᠨ ᠭᠤᠣᠯᠳᠠᠯᠭ᠎ᠠ ᠲᠠᠢ ᠲᠡᠭᠦᠰᠬᠦ ᠰᠤᠷᠤᠭᠴᠢᠳ ᠤᠨ ᠡᠬᠡ ᠲᠠᠩᠰᠠ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠭᠡᠷ ᠪᠦᠯᠢ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠵᠢᠴᠢ ᠵᠡᠮᠳᠡᠭ ᠰᠤᠷᠤᠭᠴᠢ᠂ ᠪᠠᠰᠠ ᠨᠡᠯᠢᠶᠡᠳ ᠤᠷᠳᠤ ᠬᠤᠭᠤᠴᠠᠭ᠎ᠠ ᠪᠠᠷ ᠠᠵᠢᠯ ᠣᠯᠣᠭᠠᠳᠤᠢ ᠰᠤᠷᠤᠭᠴᠢᠳ ᠲᠤ ︽ᠨᠢᠭᠡ ᠬᠥᠮᠥᠨ ᠳᠤ ᠨᠢᠭᠡ ᠳᠠᠩᠰᠠ︾᠂ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠣᠰᠣᠭᠠᠷ ᠭᠤᠣᠯᠳᠠᠯᠭ᠎ᠠ ᠲᠠᠢ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠠᠮᠤᠨ ᠠᠴᠠ ᠪᠠᠰᠠ ᠠᠵᠢᠯ ᠣᠯᠬᠤ ᠳᠤ ᠬᠦᠴᠢᠷᠲᠡᠢ ᠲᠡᠭᠦᠰᠬᠦ ᠰᠣᠷᠣᠭᠴᠢ ᠨᠢᠭᠡᠪᠦᠷᠢ ᠳᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠢ ᠪᠠᠷ ᠬᠦᠷᠭᠡᠨ ᠥᠭᠴᠦ᠂ ᠨᠠᠭᠠᠲᠤ ᠵᠠᠬ᠎ᠠ ᠳᠤ ᠪᠠᠨ ᠬᠥᠮᠥᠨ ᠨᠢᠭᠡᠪᠦᠷᠢ ᠳᠤ 3 ︱ 5 ᠬᠠᠨᠳᠤᠯᠭᠠᠲᠤ ᠴᠢᠨᠠᠷᠲᠠᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠦᠷᠭᠡᠨ ᠥᠭᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃      ᠬᠤᠶᠠᠷ ᠲᠤ᠂ ᠲᠤᠰᠬᠠᠢ ᠪᠣᠯᠪᠠᠰᠤᠷᠠᠯ ᠬᠦᠷᠲᠡᠭᠡᠨ᠎ᠡ᠃ ᠡᠳ᠋ ᠤᠨ ᠵᠠᠰᠠᠭ ᠤᠨ ᠶᠠᠮᠤᠨ ᠤ ᠳᠡᠮᠵᠢᠯᠭᠡ ᠳᠣᠣᠷ᠎ᠠ᠂ ᠰᠤᠷᠭᠠᠨ ᠬᠥᠮᠦᠵᠢᠯ ᠤᠨ ᠶᠠᠮᠤᠨ ᠠᠴᠠ ᠣᠲᠣ ᠶᠠᠭ ︽ᠾᠦᠩ ᡁᠢ ᠠᠶᠠᠯᠠᠯ ᠢ ᠲᠤᠰᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠠᠵᠢᠯ ᠣᠯᠬᠤ ᠳᠤ ᠣᠨᠴᠠᠭᠠᠶ ᠬᠦᠴᠢᠷᠲᠡᠢ ᠰᠤᠷᠤᠭᠴᠢᠳ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯ ᠣᠯᠬᠤ ᠴᠢᠳᠠᠪᠤᠷᠢ ᠶᠢᠨ ᠪᠣᠯᠪᠠᠰᠤᠷᠠᠯ ᠬᠢᠵᠦ ᠪᠤᠢ᠃ ᠪᠣᠯᠪᠠᠰᠤᠷᠠᠯ ᠤᠨ ᠳᠤᠮᠳᠠ᠂ ᠪᠠᠭᠰᠢ ᠨᠠᠷ ᠰᠤᠷᠤᠭᠴᠢᠳ ᠤᠨ ᠲᠣᠪᠴᠢ ᠨᠠᠮᠲᠠᠷ ᠢ ᠲᠡᠭᠦᠯᠳᠡᠷᠵᠢᠭᠦᠯᠬᠦ᠂ ᠨᠢᠭᠤᠷᠲᠠᠨ ᠰᠢᠯᠭᠠᠬᠤ ᠶᠢ ᠵᠢᠯᠣᠭᠤᠳᠬᠤ᠂ ᠠᠵᠤ ᠠᠬᠤᠶᠢᠯᠠᠯ ᠲᠠᠢ ᠥᠷᠭᠡᠨ ᠢᠶᠠᠷ ᠬᠠᠷᠢᠯᠴᠠᠵᠤ ᠰᠤᠷᠤᠭᠴᠢᠳ ᠢ ᠭᠤᠣᠯᠳᠠᠯᠭ᠎ᠠ ᠲᠠᠢ ᠲᠠᠨᠢᠯᠴᠠᠭᠤᠯᠬᠤ᠂ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠵᠤ ᠠᠵᠤ ᠠᠬᠤᠶᠢᠯᠠᠯ ᠲᠠᠢ ᠨᠢᠭᠤᠷᠲᠠᠨ ᠰᠣᠯᠢᠯᠴᠠᠭᠤᠯᠬᠤ᠂ ᠳᠠᠳᠤᠯᠭ᠎ᠠ ᠶᠢᠨ ᠦᠢᠯᠡᠳᠦᠯᠭᠡ ᠪᠠᠷ ᠳᠠᠮᠵᠢᠭᠤᠯᠤᠨ ᠰᠤᠷᠤᠭᠴᠢᠳ ᠢ ᠬᠠᠪᠰᠤᠷᠤᠨ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠵᠡᠷᠭᠡ ᠦᠢᠯᠡᠴᠢᠯᠡᠭᠡ ᠬᠠᠩᠭᠠᠬᠤ ᠪᠠᠷ ᠪᠤᠢ᠃      ᠭᠤᠷᠪᠠ ᠳᠤ᠂ ᠲᠤᠰᠬᠠᠢ ᠲᠠᠯᠠᠪᠤᠷ ᠤᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ ᠰᠤᠷᠭᠠᠨ ᠬᠥᠮᠦᠵᠢᠯ ᠤᠨ ᠶᠠᠮᠤᠨ ᠠᠴᠠ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠳᠤᠮᠳᠠᠳᠤ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠰᠠᠭᠤᠷᠢ ᠮᠥᠩᠭᠦ ᠲᠠᠢ ᠬᠠᠮᠲᠤᠷᠠᠨ ︽ᠾᠦᠩ ᡁᠢ ᠠᠶᠠᠯᠠᠯ ᠢ ᠲᠤᠰᠠᠯᠠᠬᠤ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠤᠰᠬᠠᠢ ᠠᠵᠢᠯᠯᠠᠭ᠎ᠠ ᠶᠢ ᠡᠷᠭᠢᠯᠡᠵᠦ᠂ ᠨᠢᠭᠡᠨᠲᠡ 13.2 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠳᠡᠭᠡᠳᠦ ᠰᠤᠷᠭᠠᠭᠤᠯᠢ ᠨᠤᠭᠤᠳ ᠪᠠᠰᠠ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠪᠠ᠃ ᠡᠭᠦᠨ ᠠᠴᠠ ᠭᠠᠳᠠᠨ᠎ᠠ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠨᠳᠦ ᠨᠣᠴᠢᠲᠠᠢ ᠬᠦᠷᠲᠡᠭᠰᠡᠨ ᠭᠠᠵᠠᠷ ᠣᠷᠣᠨ ᠳᠤ ᠴᠢᠭᠯᠡᠭᠦᠯᠦᠨ᠂ ᠱᠠᠨᠰᠢ᠂ ᠭᠢᠷᠢᠨ᠂ ᠱᠠᠩᠬᠠᠢ ᠶᠢᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠵᠦ᠂ ᠨᠡᠶᠢᠲᠡ 29.9 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ