ᠤᠰᠤ ᠨᠢ ᠲᠤᠩᠭᠠᠯᠠᠭ ᠦᠵᠡᠮᠵᠢ ᠨᠢ ᠭᠤᠶᠢᠳᠠ ᠪᠠᠶᠢᠭᠠᠯᠢ ᠠᠬᠤᠢ ᠬᠦᠬᠡᠬᠤᠲᠠ ᠶᠢᠨ ᠥᠩᠭᠡ  ᠳᠥᠷᠬᠦ ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2022/6/24
       ᠣᠭᠲᠠᠷᠭᠤᠢ ᠳᠡᠭᠡᠷ᠎ᠡ ᠠᠴᠠ ᠦᠵᠡᠰᠬᠦᠯᠡᠩᠲᠦ ᠰᠠᠶᠢᠬᠠᠨ ᠬᠥᠬᠡᠬᠤᠲᠠ ᠶᠢ ᠥᠩᠭᠡᠶᠢᠨ ᠬᠠᠷᠠᠬᠤ ᠳᠤ᠂ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠬᠤᠲᠠ ᠶᠢ ᠲᠣᠭᠤᠷᠢᠨ ᠮᠤᠷᠤᠯᠵᠠᠨ ᠳᠣᠯᠭᠢᠶᠠᠯᠠᠵᠤ᠂ ᠭᠤᠣᠯ ᠤᠨ ᠬᠥᠪᠡᠭᠡ ᠳᠠᠭᠠᠭᠰᠠᠨ ᠨᠣᠭᠤᠭᠠᠨ ᠵᠠᠮ ᠨᠢᠭᠡᠪᠦᠷᠢ ᠨᠢ ᠲᠣᠷᠭᠠᠨ ᠪᠦᠰᠡ ᠮᠡᠲᠦ ᠳᠡᠯᠭᠡᠭᠳᠡᠵᠦ᠂ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ᠠᠮᠢ ᠠᠬᠤᠢ ᠶᠢᠨ ᠭᠤᠸ᠎ᠠ ᠰᠠᠶᠢᠬᠠᠨ ᠢ ᠭᠦᠢᠴᠡᠳ ᠭᠠᠶᠢᠬᠠᠭᠤᠯᠤᠨ᠎ᠠ᠃      ᠲᠤᠩᠭᠠᠯᠠᠭ ᠤᠰᠤ ᠬᠤᠳᠠ ᠶᠢ ᠬᠦᠷᠢᠶᠡᠯᠡᠵᠦ᠂ ᠠᠮᠢ ᠠᠬᠤᠢ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠨᠢ ᠭᠤᠶᠢᠲᠠ ᠰᠠᠶᠢᠬᠠᠨ᠃ ᠵᠡᠷᠯᠢᠭ ᠡᠪᠡᠰᠦ ᠪᠠᠭᠰᠢᠷᠠᠨ ᠤᠷᠭᠤᠵᠤ᠂ ᠬᠤᠭ ᠨᠣᠪᠰᠢ ᠨᠡᠶᠢᠳᠡᠮ ᠪᠦᠷᠬᠦᠵᠦ ᠪᠠᠶᠢᠭᠰᠠᠨ ᠠᠴᠠ ᠪᠠᠨ ᠨᠣᠮᠢᠨ ᠳᠣᠯᠭᠢᠶᠠᠨ ᠳᠠᠪᠠᠯᠭᠠᠯᠠᠵᠤ᠂ ᠵᠢᠭᠠᠰᠤ ᠵᠢᠷᠠᠭᠠᠬᠠᠢ ᠨᠢ  ᠤᠮᠪᠠᠨ ᠱᠤᠩᠪᠠᠵᠤ ᠵᠢᠭᠦᠷᠲᠡᠨ ᠰᠢᠪᠠᠭᠤᠳ ᠨᠢᠰᠦᠨ ᠲᠣᠭᠯᠠᠬᠤ ᠪᠣᠯᠵᠤ᠂  ᠶᠠᠮᠠᠷ ᠶᠡᠭᠡ ᠬᠤᠪᠢᠷᠠᠯᠲᠠ ᠲᠠᠢ ᠪᠣᠯᠤᠭᠰᠠᠨ ᠢ ᠶᠠᠭᠤᠨ ᠦᠭᠦᠯᠡᠬᠦ ᠪᠣᠢ᠃ ᠣᠳᠣ ᠪᠣᠯᠬᠤ ᠳᠤ᠂ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠨᠢ ᠨᠢᠭᠡᠨᠲᠡ ᠣᠷᠣᠨ ᠤ ᠲᠥᠪ ᠬᠤᠲᠠ ᠶᠢᠨ ᠴᠢᠬᠤᠯᠠ ᠠᠮᠢ ᠠᠬᠤᠢ ᠶᠢᠨ ᠬᠤᠩᠭᠢᠯ ᠪᠠ ᠴᠡᠴᠡᠷᠯᠢᠭ ᠤᠨ ᠦᠵᠡᠮᠵᠢ ᠶᠢᠨ ᠪᠦᠰᠡ ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ︽ᠦᠵᠡᠰᠬᠦᠯᠡᠩᠲᠦ ᠰᠠᠶᠢᠬᠠᠨ ᠭᠤᠣᠯ ᠮᠥᠷᠡᠨ︾ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠶᠢᠨ ᠬᠡᠪᠴᠢᠶᠡᠨ ᠤ ᠠᠮᠢ ᠠᠬᠤᠢ ᠶᠢᠨ ᠰᠢᠰᠲ᠋ᠧᠮ ᠨᠢ ᠡᠷᠡᠭᠦᠯ ᠂ ᠪᠠᠶᠢᠭᠠᠯᠢ ᠶᠢᠨ ᠣᠷᠴᠢᠨ ᠠᠬᠤᠢ  ᠨᠢ ᠭᠤᠶᠢᠳᠠ ᠰᠠᠶᠢᠬᠠᠨ᠂ ᠨᠡᠶᠢᠭᠡᠮ ᠪᠣᠯᠪᠠᠰᠤᠨ ᠪᠦᠭᠡᠳ ᠳᠠᠪᠰᠢᠯᠲᠠ ᠲᠠᠢ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠭᠰᠡᠨ᠂ ᠬᠥᠮᠥᠨ ᠪᠠᠶᠢᠭᠠᠯᠢ ᠡᠶ᠎ᠡ ᠵᠣᠬᠢᠴᠠᠯ ᠲᠠᠢ  ᠬᠠᠮᠳᠤ ᠣᠷᠤᠰᠢᠬᠤ ᠰᠠᠶᠢᠨ ᠰᠠᠶᠢᠬᠠᠨ ᠵᠢᠷᠤᠭ ᠲᠥᠰᠥᠪ ᠢ ᠠᠯᠬᠤᠮ ᠠᠯᠬᠤᠮ ᠢᠶᠠᠷ ᠪᠡᠶᠡᠯᠡᠭᠦᠯᠪᠡ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ